ᠭᠤᠤ ᠢ ᠳ᠋ᠦᠩ ᠬᠤᠲᠠ ᠶᠢᠨ ᠤᠯᠤᠰ ᠤᠨ ᠪᠡᠯᠡ ᠣᠷᠣᠭᠤᠯᠤᠯᠲᠠ ᠶᠢᠨ ᠪᠦᠯᠦᠭᠯᠡᠯ ᠤᠨ ᠯᠢᠦ ᠸᠧᠨ ᠴᠢᠩ᠂ ᠰᠢᠶᠠᠮᠧᠨ ᠤ ᠶᠢᠨ ᠯᠦᠩ ᠬᠠᠮᠳᠤᠷᠠᠭᠰᠠᠨ ᠮᠠᠰᠢᠨ ᠳᠡᠷᠬᠡᠨ ᠤ ᠠᠵᠤ ᠦᠢᠯᠡᠳᠪᠤᠷᠢ ᠶᠢᠨ ᠬᠢᠵᠠᠭᠠᠷᠳᠤ ᠺᠤᠮᠫᠠᠨᠢ ᠶᠢᠨ ᠯᠢᠦ ᡁᠢ ᠵᠢᠶᠦ᠋ᠨ ᠨᠡᠷ ᠲᠠᠢ  ᠶᠠᠷᠢᠯᠴᠠᠭᠠᠨ ᠤ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2024/7/19
      7 ᠰᠠᠷ᠎ᠠ ᠶᠢᠨ 18 ᠤ ᠡᠳᠤᠷ᠂ ᠤᠷᠳᠤᠰ ᠤᠨ ᠲᠡᠭᠡᠳᠤ ᠰᠢᠨ᠎ᠠ ᠮᠡᠷᠭᠡᠵᠢᠯ ᠤᠨ ᠠᠵᠤ ᠦᠢᠯᠡᠰ ᠤᠨ ᠨᠡᠭᠡᠭᠡᠯᠳᠠ ᠶᠢᠨ ᠳᠤᠭᠤᠷᠢᠭ ᠤᠨ ᠨᠠᠮ ᠤᠨ ᠠᠵᠢᠯᠯᠠᠬᠤ ᠬᠤᠷᠢᠶᠠᠨ ᠤ ᠱᠦᠵᠢ᠂ ᠳ᠋ᠦᠡᠭᠱᠸᠡᠭ ᠲᠤᠭᠤᠷᠢᠭ ᠤᠨ ᠨᠠᠮ ᠤᠨ ᠬᠤᠷᠢᠶᠠᠨ ᠤ ᠱᠦᠵᠢ ᠭᠤᠤ ᠢ ᠳ᠋ᠦᠡᠭ ᠬᠤᠳᠠ ᠶᠢᠨ ᠤᠯᠤᠰ ᠤᠨ ᠪᠠᠯᠠ ᠤᠷᠤᠭᠤᠯᠤᠯᠳᠠ ᠶᠢᠨ ᠪᠦᠯᠦᠭᠯᠡᠯ ᠤᠨ ᠨᠠᠮ ᠤᠨ  ᠬᠤᠷᠢᠶᠠᠨ ᠤ ᠱᠦᠵᠢ᠂ ᠭᠡᠷᠡᠭ ᠮᠡᠳᠡᠭᠴᠢᠳ ᠤᠨ ᠲᠠᠷᠤᠭ᠎ᠠ ᠯᠢᠤ ᠸᠧᠨ ᠴᠢᠩ᠂ ᠰᠢᠶᠠᠮᠧᠨ ᠤ ᠶᠢᠨ ᠯᠦᠩ ᠬᠠᠮᠳᠤᠷᠠᠭᠰᠠᠨ ᠮᠠᠰᠢᠨ ᠳᠡᠷᠬᠡᠨ  ᠤ ᠠᠵᠤ ᠦᠢᠯᠡᠳᠪᠤᠷᠢ ᠶᠢᠨ ᠬᠢᠵᠠᠭᠠᠷᠳᠤ ᠺᠤᠮᠫᠠᠨᠢ ᠶᠢᠨ ᠨᠠᠮ ᠤᠨ ᠬᠤᠷᠢᠶᠠᠨ ᠤ  ᠱᠦᠵᠢ᠂ ᠭᠡᠷᠡᠭ ᠮᠡᠳᠡᠭᠴᠢᠳ ᠤᠨ ᠳᠠᠷᠤᠭ᠎ᠠ ᠯᠢᠦ ᡁᠢ ᠵᠢᠶᠦ᠋ᠨ ᠨᠠᠷ ᠲᠠᠢ ᠶᠠᠷᠢᠯᠴᠠᠭᠠᠨ ᠤ ᠬᠤᠷᠠᠯ ᠬᠤᠷᠠᠯᠳᠤᠵᠤ᠂ ᠭᠤᠷᠪᠠᠨ ᠲᠠᠯ᠎ᠠ ᠪᠠᠷ ᠢᠶᠠᠨ ᠰᠢᠨ᠎ᠠ ᠡᠨᠧᠷᠭᠢ ᠶᠢᠨ ᠮᠠᠰᠢᠨ ᠲᠡᠷᠭᠡ ᠶᠢ ᠲᠡᠯᠭᠡᠷᠡᠭᠦᠯᠦᠨ ᠭᠡᠷᠡᠭᠯᠡᠭᠦ  ᠶᠢᠨ ᠲᠤᠭᠤᠷᠢᠨ ᠳᠤ ᠰᠠᠨᠠᠯ ᠢᠶᠠᠨ ᠭᠦᠨᠵᠡᠭᠡᠢ ᠰᠤᠯᠢᠯᠴᠠᠪᠠ᠃      ᠬᠤᠷᠠᠯ ᠳᠡᠭᠡᠷ᠎ᠡ᠂ ᠭᠤᠤ ᠢ ᠳ᠋ᠦᠩ ᠬᠤᠳᠠ ᠶᠢᠨ ᠤᠯᠤᠰ ᠤᠨ ᠪᠡᠯᠡ ᠣᠷᠣᠭᠤᠯᠤᠯᠲᠠ ᠶᠢᠨ ᠪᠦᠯᠦᠭᠯᠡᠯ ᠤᠨ ᠤᠷᠳᠤ ᠬᠤᠭᠤᠴᠠᠭᠠᠨ ᠤ ᠳᠤᠷᠰᠢᠬᠢ ᠳᠡᠭᠡᠳᠦ ᠰᠢᠨ᠎ᠡ ᠮᠡᠷᠭᠡᠵᠢᠯ ᠤᠨ ᠲᠣᠭᠤᠷᠢᠭ᠂ ᠳ᠋ᠦᠩᠱᠧᠩ ᠲᠣᠭᠤᠷᠢᠭ ᠤᠨ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠳᠤ ᠦᠵᠡᠭᠦᠯᠦᠭᠰᠡᠨ ᠬᠤᠪᠢ ᠨᠡᠮᠡᠷᠢ ᠳᠤ ᠲᠠᠯᠠᠷᠬᠠᠵᠤ ᠪᠠᠶᠢᠬᠤ ᠪᠠᠨ ᠢᠯᠡᠳᠬᠡᠵᠦ᠂ ᠰᠢᠶᠠᠮᠧᠨ ᠤ ᠶᠢᠨ ᠯᠦᠩ ᠬᠠᠮᠳᠤᠷᠠᠭᠰᠠᠨ ᠮᠠᠰᠢᠨ ᠳᠡᠷᠬᠡᠨ ᠤ ᠠᠵᠤ ᠦᠢᠯᠡᠳᠪᠤᠷᠢ ᠶᠢᠨ ᠬᠢᠵᠠᠭᠠᠷᠳᠤ ᠺᠤᠮᠫᠠᠨᠢ ᠶᠢᠨ ᠳᠡᠭᠡᠳᠦ ᠰᠢᠨ᠎ᠡ ᠮᠡᠷᠭᠡᠵᠢᠯ ᠤᠨ ᠲᠣᠭᠤᠷᠢᠭ᠂ ᠳ᠋ᠦᠩᠱᠧᠩ ᠲᠣᠭᠤᠷᠢᠭ ᠲᠤ ᠪᠡᠯᠡ ᠣᠷᠣᠭᠤᠯᠵᠤ ᠠᠵᠤ ᠦᠢᠯᠡᠰ ᠬᠦᠭᠵᠢᠬᠦᠯᠦᠭᠰᠡᠨ ᠪᠠ ᠰᠢᠨ᠎ᠡ ᠡᠨᠧᠷᠭᠢ ᠶᠢᠨ ᠮᠠᠰᠢᠨ ᠲᠡᠷᠭᠡᠨ ᠤ ᠠᠵᠤ ᠦᠢᠯᠡᠰ ᠤᠨ ᠬᠥᠭᠵᠢᠯᠲᠡ ᠶᠢ ᠠᠬᠢᠭᠤᠯᠤᠭᠰᠠᠨ ᠳᠤ ᠲᠠᠯᠠᠷᠬᠠᠵᠤ ᠪᠠᠶᠢᠬᠤ ᠪᠠᠨ ᠢᠯᠡᠳᠬᠡᠪᠡ᠃ ᠲᠡᠷᠡ᠂ ᠰᠢᠶᠠᠮᠧᠨ ᠤ ᠶᠢᠨ ᠯᠦᠩ ᠬᠠᠮᠳᠤᠷᠠᠭᠰᠠᠨ ᠮᠠᠰᠢᠨ ᠲᠡᠷᠭᠡᠨ ᠤ ᠠᠵᠤ ᠦᠢᠯᠡᠳᠪᠦᠷᠢ ᠶᠢᠨ ᠬᠢᠵᠠᠭᠠᠷᠲᠤ ᠺᠣᠮᠫᠠᠨᠢ ᠨᠢ ᠤᠯᠤᠰ ᠤᠨ ᠳᠣᠲᠣᠭᠠᠳᠤ ᠶᠢᠨ ᠲᠡᠷᠢᠭᠦᠨ ᠤ ᠪᠠ ᠳᠡᠯᠡᠬᠡᠶ ᠳᠤ ᠠᠯᠳᠠᠷᠲᠠᠶ ᠬᠤᠳᠠᠯᠳᠤᠭᠠᠨ ᠤ ᠬᠡᠷᠡᠭᠯᠡᠭᠡᠨ ᠤ ᠲᠦᠷᠦᠯ ᠲᠡᠮᠳᠡᠭ ᠪᠣᠯᠤᠭᠰᠠᠨ ᠤ ᠬᠤᠪᠢ ᠳᠤ᠂ ᠤᠯᠤᠰ ᠤᠨ ᠮᠡᠷᠭᠡᠵᠢᠯ ᠤᠨ ᠰᠢᠨ᠎ᠡ ᠶᠢ ᠡᠭᠦᠳᠬᠦ ᠵᠢᠱᠢᠶ᠎ᠡ ᠦᠵᠡᠭᠦᠯᠬᠦ ᠠᠵᠤ ᠠᠬᠤᠶᠢᠯᠠᠯ ᠪᠣᠯᠤᠨ ᠲᠦᠷᠦ ᠶᠢᠨ ᠶᠠᠪᠤᠳᠠᠯ ᠤᠨ ᠬᠤᠷᠢᠶᠠᠨ ᠤ ᠤᠯᠤᠰ ᠤᠨ ᠥᠮᠴᠢᠯᠡᠯ ᠤᠨ ᠡᠳ᠋ ᠬᠦᠷᠦᠩᠭᠡ ᠶᠢᠨ ᠵᠥᠪᠯᠡᠯ ᠤᠨ ᠰᠢᠯᠢᠳᠡᠭ ︽ᠰᠢᠨᠵᠢᠯᠡᠬᠦ ᠤᠬᠠᠭᠠᠨ ᠤ ᠥᠭᠡᠷᠡᠴᠢᠯᠡᠯᠲᠡ ᠶᠢᠨ ᠵᠢᠱᠢᠶ᠎ᠡ ᠦᠵᠡᠭᠦᠯᠬᠦ ᠠᠵᠤ ᠠᠬᠤᠶᠢᠯᠠᠯ︾ ᠪᠠᠶᠢᠵᠤ᠂ ᠰᠢᠶᠠᠮᠧᠨ ᠤ ᠶᠢᠨ ᠯᠦᠩ ︵ᠤᠷᠳᠤᠰ︶ ᠤᠨ ᠬᠦᠨᠳᠦ ᠠᠴᠢᠶᠠᠨ ᠤ ᠮᠠᠰᠢᠨ ᠲᠡᠷᠭᠡᠨ ᠤ ᠶᠡᠷᠦᠩᠬᠡᠢ ᠬᠡᠯᠲᠡᠰ ᠤᠨ ᠰᠠᠭᠤᠷᠢᠨ ᠢ ᠪᠠᠶᠢᠭᠤᠯᠤᠭᠰᠠᠨ ᠨᠢ ᠤᠷᠳᠤᠰ ᠤᠨ ᠮᠠᠰᠢᠨ ᠲᠡᠷᠭᠡᠨ ᠤ ᠠᠵᠤ ᠦᠢᠯᠡᠰ ᠤᠨ ᠬᠥᠭᠵᠢᠯᠲᠡ ᠳᠤ ᠴᠢᠬᠤᠯᠠ ᠶᠡᠭᠡ ᠠᠴᠢ ᠬᠤᠯᠪᠣᠭᠳᠠᠯ ᠲᠠᠢ ᠪᠥᠭᠡᠳ ᠪᠠᠰᠠ ᠤᠷᠳᠤᠰ ᠬᠤᠳᠠ ᠶᠢᠨ ᠳᠡᠯᠡᠬᠡᠢ ᠶᠢᠨ ᠲᠡᠰ ᠤᠨ ᠰᠢᠨ᠎ᠡ ᠡᠨᠧᠷᠭᠢ ᠶᠢᠨ ᠲᠤᠨᠤᠭ ᠲᠥᠬᠦᠭᠡᠷᠦᠮᠵᠢ ᠶᠢᠨ ᠦᠢᠯᠡᠳᠬᠡᠯ ᠤᠨ ᠠᠵᠤ ᠦᠢᠯᠡᠰ ᠢ ᠴᠣᠭᠴᠠᠯᠠᠬᠤ ᠴᠢᠬᠤᠯᠠ ᠠᠷᠭ᠎ᠠ ᠬᠡᠮᠵᠢᠶ᠎ᠡ ᠪᠣᠯᠤᠨ᠎ᠠ᠃ ᠭᠤᠷᠪᠠᠨ ᠲᠠᠯ᠎ᠠ ᠪᠠᠷ ᠢᠶᠠᠨ ᠡᠮᠦᠨᠡᠬᠢ ᠬᠤᠭᠤᠴᠠᠭᠠᠨ ᠳᠤ ᠲᠣᠭᠲᠠᠭᠤᠨ᠂ ᠰᠠᠶᠢᠨ ᠰᠠᠶᠢᠬᠠᠨ ᠬᠠᠮᠲᠤᠷᠠᠯᠴᠠᠭᠠᠨ ᠤ ᠬᠠᠷᠢᠴᠠᠭ᠎ᠠ ᠪᠠᠶᠢᠭᠤᠯᠤᠭᠰᠠᠨ ᠰᠠᠭᠤᠷᠢᠨ ᠳᠡᠭᠡᠷ᠎ᠡ᠂ ᠰᠢᠨ᠎ᠡ ᠡᠨᠧᠷᠭᠢ ᠶᠢᠨ ᠮᠠᠰᠢᠨ ᠲᠡᠷᠭᠡ ᠦᠢᠯᠡᠳᠬᠦ ᠳᠡᠯᠭᠡᠷᠡᠭᠦᠯᠬᠦ ᠪᠠ ᠬᠡᠷᠡᠭᠯᠡᠬᠦ᠂ ᠰᠢᠨ᠎ᠡ ᠡᠨᠧᠷᠭᠢ ᠶᠢᠨ ᠪᠣᠬᠢᠷᠲᠤᠯ ᠦᠭᠡᠢ ᠪᠠᠷᠠᠭᠠᠨ ᠤ ᠭᠦᠢᠯᠭᠡᠭᠡᠨ ᠤ ᠰᠢᠰᠲ᠋ᠧᠮ ᠵᠡᠷᠭᠡ ᠬᠦᠷᠢᠶᠡᠨ ᠳᠤ ᠪᠦᠬᠦ ᠲᠠᠯ᠎ᠠ ᠶᠢᠨ ᠬᠠᠮᠲᠤᠷᠠᠯᠴᠠᠭ᠎ᠠ ᠪᠠᠨ ᠦᠷᠭᠦᠯᠵᠢᠯᠡᠨ ᠴᠢᠩᠭᠠᠳᠬᠠᠵᠤ᠂ ᠬᠠᠮᠲᠤᠷᠠᠯᠴᠠᠭᠠᠨ ᠤ ᠲᠣᠭᠲᠠᠴᠠ ᠶᠢ ᠪᠦᠷᠢᠨᠰᠢᠬᠦᠯᠦᠨ ᠲᠡᠭᠦᠯᠳᠡᠷᠵᠢᠭᠦᠯᠵᠦ᠂ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢᠨ ᠠᠬᠢᠴᠠ ᠶᠢ ᠲᠦᠷᠭᠡᠳᠬᠡᠵᠦ᠂ ᠰᠢᠨ᠎ᠡ ᠡᠨᠧᠷᠭᠢ ᠶᠢᠨ ᠬᠥᠭᠵᠢᠯᠲᠡ ᠶᠢᠨ ᠰᠠᠶᠢᠨ ᠰᠠᠶᠢᠬᠠᠨ ᠠᠮᠢ ᠠᠬᠤᠢ ᠶᠢᠨ ᠳᠤᠭᠳᠠᠯᠴᠠᠭ᠎ᠠ ᠶᠢ  ᠢᠳᠡᠪᠬᠢᠲᠡᠢ ᠪᠠᠶᠢᠭᠤᠯᠵᠤ᠂ ᠣᠷᠣᠨ ᠨᠤᠲᠤᠭ ᠤᠨ ᠠᠵᠤ ᠠᠬᠤᠢ ᠶᠢᠨ ᠪᠦᠳᠦᠭᠡᠨ ᠪᠠᠶᠢᠭᠤᠯᠤᠯᠲᠠ ᠳᠤ ᠨᠡᠩ ᠰᠠᠶᠢᠲᠤᠷ ᠦᠢᠯᠡᠴᠢᠯᠡᠬᠦ ᠶᠢ ᠬᠦᠰᠡᠵᠦ ᠪᠠᠶᠢᠨ᠎ᠠ ᠬᠡᠵᠡᠢ᠃      ᠯᠢᠦ ᠸᠧᠨ ᠴᠢᠩ ᠬᠤᠲᠠ ᠶᠢᠨ ᠤᠯᠤᠰ ᠤᠨ ᠪᠡᠯᠡ ᠣᠷᠣᠭᠤᠯᠤᠯᠲᠠ ᠶᠢᠨ ᠪᠦᠯᠦᠭᠯᠡᠯ ᠤᠨ ᠰᠢᠨ᠎ᠡ ᠡᠨᠧᠷᠭᠢ ᠶᠢᠨ ᠮᠠᠰᠢᠨ ᠲᠡᠷᠭᠡᠨ ᠤ ᠠᠵᠤ ᠦᠢᠯᠡᠰ ᠤᠨ ᠬᠥᠭᠵᠢᠯᠲᠡ ᠬᠡᠷᠡᠭᠯᠡᠭᠡᠨ ᠤ ᠪᠠᠶᠢᠳᠠᠯ᠂ ᠰᠢᠨ᠎ᠡ ᠶᠢ ᠡᠬᠦᠳᠦᠭᠰᠡᠨ ᠬᠥᠳᠡᠯᠭᠡᠭᠦᠷ ᠬᠦᠴᠦᠨ᠂ ᠬᠥᠭᠵᠢᠯᠲᠡ ᠶᠢᠨ ᠣᠷᠴᠢᠨ ᠲᠣᠭᠤᠷᠢᠨ ᠵᠡᠷᠭᠡ ᠶᠢ ᠲᠠᠨᠢᠯᠴᠠᠭᠤᠯᠪᠠ᠃ ᠲᠡᠷᠡ᠂ ᠳᠡᠭᠡᠳᠦ ᠰᠢᠨ᠎ᠡ ᠮᠡᠷᠭᠡᠵᠢᠯ ᠤᠨ ᠳᠤᠭᠤᠷᠢᠭ᠂ ᠳ᠋ᠦᠩᠱᠧᠩ ᠲᠣᠭᠤᠷᠢᠭ᠂ ᠰᠢᠶᠠᠮᠧᠨ ᠤ ᠶᠢᠨ ᠯᠦᠩ ᠰᠢᠨ᠎ᠡ ᠡᠨᠧᠷᠭᠢ ᠶᠢᠨ ᠮᠠᠰᠢᠨ ᠲᠡᠷᠭᠡᠨ ᠤ ᠠᠵᠤ ᠦᠢᠯᠡᠰ ᠤᠨ ᠬᠥᠭᠵᠢᠯᠲᠡ ᠶᠢᠨ ᠲᠠᠯ᠎ᠠ ᠪᠠᠷ ᠪᠦᠯᠦᠭᠯᠡᠯ ᠤᠨ ᠪᠠᠶᠢᠯᠳᠤᠬᠤ ᠪᠣᠳᠣᠯᠭ᠎ᠠ ᠶᠢᠨ ᠲᠥᠯᠥᠪᠵᠢᠭᠦᠯᠭᠡ ᠪᠠ ᠡᠯ᠎ᠡ ᠬᠡᠰᠡᠭ ᠤᠨ ᠲᠤᠬᠠᠶᠢᠯᠠᠭᠰᠠᠨ ᠠᠵᠢᠯ ᠯᠤᠭ᠎ᠠ ᠮᠠᠰᠢ ᠣᠯᠠᠨ ᠵᠣᠬᠢᠴᠠᠯᠳᠤᠬᠤ ᠭᠠᠵᠠᠷ ᠪᠠᠶᠢᠵᠤ᠂ ᠪᠦᠯᠦᠭᠯᠡᠯ ᠨᠢ ᠪᠥᠬᠦ ᠬᠤᠲᠠ ᠶᠢᠨ ᠮᠠᠰᠢᠨ ᠲᠡᠷᠭᠡᠨ ᠤ ᠠᠵᠤ ᠦᠢᠯᠡᠰ ᠤᠨ ︽ᠠᠬᠤᠢ ᠳᠠᠯᠠᠪᠠᠢ + ᠵᠠᠬ᠎ᠠ ᠳᠡᠯᠭᠡᠭᠦᠷ︾ ᠤᠨ ᠥᠪᠡᠷᠮᠢᠴᠡ ᠳᠠᠪᠠᠭᠤᠯᠢᠭ ᠵᠢᠴᠢ ᠲᠣᠰ ᠪᠡᠶ᠎ᠡ ᠶᠢᠨ ︽ᠡᠨᠧᠷᠭᠢ + ᠵᠠᠮ ᠬᠠᠷᠢᠯᠴᠠᠭ᠎ᠠ︾ ᠶᠢᠨ ᠰᠠᠭᠤᠷᠢ ᠠᠵᠤ ᠦᠢᠯᠡᠰ ᠤᠨ ᠳᠠᠪᠠᠭᠤᠯᠢᠭ ᠲᠤ ᠲᠦᠰᠢᠭᠯᠡᠨ᠂ ᠳᠡᠭᠡᠳᠦ ᠰᠢᠨ᠎ᠡ ᠮᠡᠷᠭᠡᠵᠢᠯ ᠤᠨ ᠳᠤᠭᠤᠷᠢᠭ᠂ ᠳ᠋ᠦᠩᠱᠧᠩ ᠲᠣᠭᠤᠷᠢᠭ᠂ ᠰᠢᠶᠠᠮᠧᠨ ᠤ ᠶᠢᠨ ᠯᠦᠩ ᠲᠠᠢ ᠯᠤᠲᠤ ᠶᠡᠭᠡ ᠬᠠᠮᠲᠤᠷᠠᠯᠴᠠᠭᠠᠨ ᠤ ᠣᠷᠣᠨ ᠵᠠᠢ ᠲᠠᠢ ᠶᠤᠮ᠃ ᠵᠠᠯᠭᠠᠭᠠᠳ ᠬᠠᠮᠲᠤᠷᠠᠯᠴᠠᠭᠠᠨ ᠤ ᠶᠠᠪᠤᠳᠠᠯ ᠢ ᠨᠠᠷᠢᠨ ᠬᠢᠨᠠᠮᠠᠭᠠᠢ ᠲᠥᠯᠥᠪᠵᠢᠭᠦᠯᠦᠨ ᠠᠬᠢᠭᠤᠯᠵᠤ᠂ ᠰᠣᠯᠢᠯᠴᠠᠭ᠎ᠠ ᠪᠠᠨ ᠪᠠᠶᠢᠩᠭᠤᠵᠢᠭᠤᠯᠤᠨ ᠥᠷᠨᠢᠭᠦᠯᠵᠦ᠂ ᠠᠵᠤ ᠠᠬᠤᠢ ᠶᠢᠨ ᠬᠥᠭᠵᠢᠯᠲᠡ ᠶᠢᠨ ᠰᠢᠨ᠎ᠡ ᠠᠵᠠ ᠲᠣᠬᠢᠶᠠᠯ ᠢ ᠬᠠᠮᠲᠤᠪᠠᠷ ᠶᠠᠷᠢᠯᠴᠠᠵᠤ᠂ ᠤᠯᠠᠨ ᠲᠡᠰ ᠳᠠᠪᠬᠤᠷᠭ᠎ᠠ᠂ ᠤᠯᠠᠨ ᠲᠠᠯ᠎ᠠ ᠳᠤ᠂ ᠤᠯᠠᠨ ᠬᠦᠷᠢᠶᠡᠨ ᠳᠤ ᠨᠥᠬᠦᠷᠰᠡᠭ ᠬᠠᠮᠲᠤᠷᠠᠯᠴᠠᠭ᠎ᠠ ᠶᠢ ᠦᠷᠭᠦᠯᠵᠢᠯᠡᠨ ᠥᠷᠨᠢᠭᠦᠯᠵᠦ᠂ ᠵᠠᠰᠠᠭ ᠠᠵᠤ ᠠᠬᠤᠶᠢᠯᠠᠯ ᠤᠨ ᠬᠠᠮᠲᠤᠷᠠᠯᠴᠠᠭᠠᠨ ᠤ ᠰᠢᠨ᠎ᠡ ᠬᠠᠭᠤᠳᠠᠰᠤ ᠶᠢ ᠬᠠᠮᠲᠤᠪᠠᠷ ᠪᠢᠴᠢᠭᠯᠡᠵᠦ᠂ ᠳᠡᠭᠡᠳᠦ ᠰᠢᠨ᠎ᠡ ᠮᠡᠷᠭᠡᠵᠢᠯ ᠤᠨ ᠲᠣᠭᠤᠷᠢᠭ᠂ ᠳ᠋ᠦᠩᠱᠧᠩ ᠲᠣᠭᠤᠷᠢᠭ ᠤᠨ ᠠᠵᠤ ᠦᠢᠯᠡᠰ ᠤᠨ ᠬᠥᠭᠵᠢᠯᠲᠡ ᠳᠤ ᠨᠡᠩ ᠶᠡᠭᠡ ᠬᠤᠪᠢ ᠨᠡᠮᠡᠷᠢ ᠦᠵᠡᠭᠦᠯᠦᠨ᠎ᠡ ᠭᠡᠵᠦ ᠢᠯᠡᠳᠬᠡᠪᠡ᠃    ᠯᠢᠦ ᡁᠢ ᠵᠢᠶᠦ᠋ᠨ᠂ ᠶᠢᠨ ᠯᠦᠩ ᠬᠦᠨᠳᠦ ᠠᠴᠢᠶᠠᠨ ᠤ ᠮᠠᠰᠢᠨ ᠲᠡᠷᠭᠡᠨ ᠤ ᠬᠠᠮᠢᠶ᠎ᠠ ᠪᠥᠬᠦᠶ ᠪᠠᠶᠢᠳᠠᠯ ᠢ ᠲᠠᠨᠢᠯᠴᠠᠭᠤᠯᠪᠠ᠂ ᠲᠤᠬᠠᠶᠢᠯᠠᠪᠠᠯ ᠣᠷᠳᠣᠰ ᠤᠨ ᠰᠢᠨ᠎ᠡ ᠡᠨᠧᠷᠭᠢ ᠶᠢᠨ ᠵᠢᠱᠢᠶ᠎ᠡ ᠦᠵᠡᠭᠦᠯᠬᠦ ᠠᠵᠤ ᠦᠢᠯᠡᠰ ᠤᠨ ᠰᠠᠭᠤᠷᠢᠨ ᠭᠠᠵᠠᠷ ᠢ ᠪᠠᠶᠢᠭᠤᠯᠬᠤ ᠶᠢᠨ ᠲᠣᠭᠤᠷᠢᠨ ᠳᠤ ᠶᠢᠨ ᠯᠦᠩ ᠬᠦᠨᠳᠦ ᠠᠴᠢᠶᠠᠨ ᠤ ᠮᠠᠰᠢᠨ ᠲᠡᠷᠭᠡᠨ ᠤ ᠺᠣᠮᠫᠠᠨᠢ ᠶᠢᠨ ᠬᠥᠭᠵᠢᠯᠲᠡ ᠳᠤ ᠬᠦᠴᠦ ᠨᠡᠮᠡᠷᠢᠯᠡᠵᠦ᠂ ︽1 + 2 + 5︾ ᠠᠵᠤ ᠦᠢᠯᠡᠰ ᠤᠨ ᠪᠠᠶᠢᠷᠢᠯᠠᠭᠤᠯᠤᠯᠲᠠ ᠶᠢ ᠪᠣᠶ ᠪᠣᠯᠭᠠᠪᠠ᠃ ᠡᠭᠦᠨ ᠤ ᠬᠠᠮᠲᠤ ᠰᠢᠶᠠᠮᠧᠨ ᠤ ᠶᠢᠨ ᠯᠦᠩ ᠨᠠᠷᠠᠲᠤ ᠲᠡᠮᠳᠡᠭᠲᠦ᠂ ᠰᠢᠨᠵᠢᠯᠡᠬᠦ ᠤᠬᠠᠭᠠᠨ ᠮᠡᠷᠭᠡᠵᠢᠯ ᠤᠨ ᠳᠠᠪᠠᠭᠤᠯᠢᠭ ᠢ ᠭᠦᠢᠴᠡᠳ ᠪᠠᠳᠠᠷᠠᠭᠤᠯᠵᠤ᠂ ᠳᠡᠭᠡᠳᠦ ᠰᠢᠨ᠎ᠡ ᠮᠡᠷᠭᠡᠵᠢᠯ ᠤᠨ ᠲᠣᠭᠤᠷᠢᠭ᠂ ᠳ᠋ᠦᠩᠱᠧᠩ ᠲᠣᠭᠤᠷᠢᠭ᠂ ᠬᠤᠲᠠ ᠶᠢᠨ ᠤᠯᠤᠰ ᠤᠨ ᠪᠠᠯᠠ ᠣᠷᠣᠭᠤᠯᠤᠯᠲᠠ ᠶᠢᠨ ᠪᠦᠯᠦᠭᠯᠡᠯ ᠲᠠᠢ ᠭᠦᠨᠵᠡᠭᠡᠶ ᠬᠠᠮᠲᠤᠷᠠᠯᠴᠠᠵᠤ᠂ ᠥᠷᠭᠡᠨ ᠢᠶᠠᠷ ᠬᠠᠮᠳᠤᠷᠠᠯᠴᠠᠨ᠂ ᠬᠠᠮᠲᠤ ᠪᠠᠷ ᠠᠰᠢᠭ ᠭᠥᠷᠳᠡᠵᠦ᠂ ᠰᠢᠨ᠎ᠡ ᠡᠨᠧᠷᠭᠢ ᠶᠢᠨ ᠬᠦᠨᠳᠦ ᠠᠴᠢᠶᠠᠨ ᠤ ᠮᠠᠰᠢᠨ᠂ ᠪᠣᠬᠢᠷᠲᠤᠯ ᠥᠬᠡᠶ ᠠᠭᠤᠷᠬᠠᠢ ᠶᠢᠨ ᠮᠠᠰᠢᠨ᠂ ᠵᠢᠯᠣᠭᠤᠴᠢ ᠥᠬᠡᠶ ᠠᠭᠤᠷᠬᠠᠶ ᠳᠤ ᠬᠡᠷᠡᠭᠯᠡᠬᠦ ᠲᠡᠷᠭᠡ᠂ ᠣᠶᠤᠨᠴᠢ ᠪᠠᠷᠠᠭᠠᠨ ᠤ ᠭᠦᠢᠯᠭᠡᠭᠡ᠂ ᠨᠡᠭᠦᠷᠡᠰᠦᠲᠥ᠋ᠷᠥᠭᠴᠢ ᠥᠬᠡᠶ ᠬᠤᠲᠠ ᠶᠢᠨ ᠪᠥᠲᠥᠭᠡᠨ ᠪᠠᠶᠢᠭᠤᠯᠤᠯᠲᠠ ᠵᠡᠷᠭᠡ ᠣᠯᠠᠨ ᠲᠠᠯ᠎ᠠ ᠪᠠᠷ ᠭᠦᠨᠵᠡᠭᠡᠶ ᠠᠭᠤᠰᠤᠯᠴᠠᠵᠤ᠂ ᠣᠷᠳᠣᠰ ᠤᠨ ᠰᠢᠨ᠎ᠡ ᠡᠨᠧᠷᠭᠢ ᠶᠢᠨ ᠠᠵᠤ ᠦᠢᠯᠡᠰ ᠤᠨ ᠪᠥᠬᠦ ᠲᠠᠯ᠎ᠠ ᠪᠠᠷ ᠲᠠᠰ ᠳᠡᠪᠰᠢᠬᠦ ᠶᠢ ᠠᠬᠢᠭᠤᠯᠵᠤ᠂ ᠠᠵᠤ ᠠᠬᠤᠶᠢᠯᠠᠯ ᠪᠠ ᠣᠷᠣᠨ ᠨᠤᠲᠤᠭ ᠤᠨ ᠬᠠᠷᠢᠯᠴᠠᠨ ᠠᠰᠢᠭᠲᠠᠶ ᠬᠠᠷᠢᠯᠴᠠᠨ ᠬᠠᠷᠠᠭᠠᠯᠵᠠᠬᠤ᠂ ᠬᠠᠮᠵᠢᠯᠴᠠᠨ ᠬᠥᠭᠵᠢᠬᠦ ᠶᠢ ᠪᠡᠶᠡᠯᠡᠭᠦᠯᠦᠨ᠎ᠡ ᠭᠡᠵᠦ ᠢᠯᠡᠳᠬᠡᠪᠡ᠃      ᠳᠡᠭᠡᠳᠦ ᠰᠢᠨ᠎ᠡ ᠮᠡᠷᠭᠡᠵᠢᠯ ᠤᠨ ᠲᠣᠭᠤᠷᠢᠭ᠂ ᠳ᠋ᠦᠩᠱᠧᠩ ᠲᠣᠭᠤᠷᠢᠭ ᠤᠨ ᠤᠳᠤᠷᠢᠳᠤᠯᠭ᠎ᠠ ᠾᠧ ᠸᠠᠨ ᡁᠢ᠂ ᠯᠢᠦ ᠬᠤᠢ ᠪᠢᠨ᠂ ᠳ᠋ᠦ᠋ ᠵᠢᠢ ᠺᠤᠸᠠᠨ ᠵᠢᠴᠢ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠳᠠᠳ ᠶᠠᠷᠢᠯᠴᠠᠭᠠᠨ ᠤ ᠬᠤᠷᠠᠯ ᠳᠤ ᠤᠷᠤᠯᠴᠠᠪᠠ᠃     
ᠢᠷᠡᠯᠲᠡ᠄ ᠲᠤᠰ ᠰᠦᠯᠵᠢᠶ᠎ᠠ