ᠰᠤᠷᠭᠠᠨ ᠬᠦᠮᠦᠵᠢᠯ ᠤᠨ ᠶᠠᠮᠤᠨ ᠠᠴᠠ ᠪᠤᠳᠠᠳᠠᠢ ᠱᠠᠭᠠᠷᠳᠠᠯᠭ᠎ᠠ ᠶᠢ ᠳᠤᠳᠤᠷᠬᠠᠢ ᠳᠤᠭᠳᠠᠭᠠᠪᠠ
ᠨᠡᠶᠢᠲᠡᠯᠡᠭᠰᠡᠨ ᠴᠠᠭ᠄
2024/7/2
      ᠳᠤᠮᠳᠠᠳᠤ ᠪᠠᠭ᠎ᠠ ᠰᠤᠷᠭᠠᠭᠤᠯᠢ ᠶᠢᠨ ᠰᠤᠷᠭᠠᠭᠤᠯᠢ ᠶᠢᠨ ᠬᠦᠷᠢᠶᠡᠨ ᠤ ᠬᠦᠴᠦᠷᠬᠡᠭᠯᠡᠯ ᠬᠢᠬᠡᠳ ᠰᠤᠷᠤᠭᠴᠢᠳ  ᠤᠨ ᠳᠤᠷᠤᠮᠵᠢᠯᠠᠯ ᠢ ᠰᠡᠷᠬᠡᠶᠢᠯᠡᠨ ᠵᠠᠰᠠᠬᠤ ᠳᠤᠰᠬᠠᠢ ᠠᠵᠢᠯᠯᠠᠭ᠎ᠠ ᠶᠢ ᠬᠦᠨᠵᠡᠬᠡᠢ ᠠᠬᠢᠭᠤᠯᠬᠤ ᠶᠢᠨ ᠲᠦᠯᠦᠬᠡ᠂ ᠦᠢᠷ᠎ᠠ ᠳᠤ ᠰᠤᠷᠭᠠᠨ ᠬᠦᠮᠦᠵᠢᠯ ᠤᠨ ᠶᠠᠮᠤᠨ ᠤ ᠠᠯᠪᠠᠨ ᠲᠢᠩᠬᠢᠮ ᠮᠡᠳᠡᠭᠳᠡᠯ ᠳᠠᠷᠤᠮᠠᠯᠯᠠᠨ ᠳᠠᠷᠬᠠᠭᠠᠵᠤ᠂ ᠡᠯ᠎ᠡ ᠭᠠᠵᠠᠷ ᠤᠨ ᠦᠷᠨᠢᠬᠦᠯᠦᠭᠰᠡᠨ ᠰᠤᠷᠭᠠᠭᠤᠯᠢ ᠶᠢᠨ ᠬᠦᠷᠢᠶᠡᠨ ᠤ ᠬᠦᠴᠦᠷᠬᠡᠭᠯᠡᠯ ᠬᠢᠬᠡᠳ ᠰᠤᠷᠤᠭᠴᠢᠳ ᠤᠨ ᠳᠤᠷᠤᠮᠵᠢᠯᠠᠯ ᠢ ᠰᠡᠷᠬᠡᠶᠢᠯᠡᠨ ᠵᠠᠰᠠᠬᠤ ᠳᠤᠰᠬᠠᠢ ᠠᠵᠢᠯᠯᠠᠭ᠎ᠠ ᠳᠤ ᠪᠤᠳᠠᠳᠠᠢ ᠠᠵᠢᠯ ᠱᠠᠭᠠᠷᠳᠠᠯᠭ᠎ᠠ ᠳᠤᠷᠠᠳᠪᠠ᠃       ᠮᠡᠳᠡᠭᠳᠡᠯ ᠳᠤ᠂ ᠡᠯ᠎ᠡ ᠰᠤᠷᠭᠠᠭᠤᠯᠢ ᠰᠤᠷᠤᠭᠴᠢ ᠶᠢᠨ ᠳᠤᠷᠤᠮᠵᠢᠯᠠᠯ ᠢ ᠵᠠᠰᠠᠬᠤ ᠵᠦᠪᠯᠡᠯ ᠪᠠᠶᠢᠭᠤᠯᠵᠤ᠂ ᠳᠤᠷᠤᠮᠵᠢᠯᠠᠯ ᠤᠨ ᠦᠢᠯᠡ ᠠᠵᠢᠯᠯᠠᠭ᠎ᠠ ᠶᠢ ᠮᠠᠭᠠᠳᠯᠠᠨ ᠳᠤᠭᠳᠠᠭᠠᠵᠤ᠂ ᠬᠠᠤᠯᠢ ᠳᠤᠭᠳᠠᠭᠠᠯ ᠶᠤᠰᠤᠭᠠᠷ ᠰᠢᠢᠳᠪᠤᠷᠢᠯᠡᠬᠦ ᠬᠡᠷᠡᠭᠳᠡᠢ᠃ ᠰᠤᠷᠭᠠᠭᠤᠯᠢ ᠶᠢᠨ ᠰᠠᠬᠢᠯᠭ᠎ᠠ ᠪᠠᠳᠤ ᠲᠦᠷᠢᠮ ᠳᠤᠭᠳᠠᠭᠠᠯ ᠢ ᠳᠤᠭᠳᠠᠭᠠᠨ ᠨᠠᠷᠢᠯᠢᠠᠠᠵᠢᠭᠤᠯᠵᠤ᠂ ᠠᠳᠠᠯᠢ ᠪᠤᠰᠤ ᠳᠤᠷᠤᠮᠵᠢᠯᠠᠬᠤ ᠦᠢᠯᠡ ᠠᠵᠢᠯᠯᠠᠭ᠎ᠠ ᠶᠢᠨ ᠵᠤᠬᠢᠬᠤ ᠵᠠᠯᠬᠠᠭᠠᠨ ᠴᠡᠬᠡᠷᠯᠡᠬᠦᠯᠬᠦ ᠠᠷᠭ᠎ᠠ ᠬᠡᠮᠵᠢᠶ᠎ᠡ ᠶᠢ ᠳᠤᠳᠤᠷᠬᠠᠶᠢᠯᠠᠬᠤ ᠬᠡᠷᠡᠭᠳᠡᠢ᠃ ᠳᠤᠷᠤᠮᠵᠢᠯᠠᠯ ᠢ ᠰᠡᠷᠬᠡᠶᠢᠯᠡᠨ ᠵᠠᠰᠠᠬᠤ ᠤᠳᠠᠰᠤ᠂ ᠢᠮᠧᠯ ᠪᠤᠯᠤᠨ ᠬᠠᠤᠯᠢ ᠪᠠᠷ ᠵᠠᠰᠠᠬᠤ ᠳᠡᠳ᠋ ᠰᠤᠷᠭᠠᠭᠤᠯᠢ ᠶᠢᠨ ᠵᠠᠬᠢᠷᠤᠯ᠂ ᠠᠮᠤᠷ ᠲᠦᠪᠰᠢᠨ ᠤ ᠠᠵᠢᠯ ᠢ ᠬᠤᠪᠢᠳᠠᠨ ᠬᠠᠮᠢᠶᠠᠷᠴᠤ ᠪᠠᠶᠢᠭ᠎ᠠ ᠰᠤᠷᠭᠠᠭᠤᠯᠢ ᠶᠢᠨ ᠤᠳᠤᠷᠢᠳᠤᠯᠭ᠎ᠠ ᠶᠢᠨ ᠤᠳᠠᠰᠤ ᠶᠢ ᠨᠡᠶᠢᠳᠡᠯᠡᠵᠤ᠂ ᠤᠳᠠᠰᠤ ᠢᠷᠡᠬᠦᠯᠵᠤ ᠳᠤᠰᠬᠠᠭᠰᠠᠨ ᠪᠠᠶᠢᠳᠠᠯ ᠳᠤ ᠠᠩᠬ᠎ᠠ ᠠᠰᠠᠭᠤᠭᠰᠠᠨ ᠨᠢ ᠬᠠᠷᠢᠭᠤᠴᠠᠬᠤ ᠲᠦᠷᠢᠮ ᠢ ᠨᠠᠶᠢᠳᠠᠪᠤᠷᠢᠵᠢᠭᠤᠯᠬᠤ ᠬᠡᠷᠡᠭᠳᠡᠢ᠃ ᠠᠩᠬᠢ ᠪᠦᠷᠢ ᠰᠤᠷᠤᠯᠭ᠎ᠠ ᠶᠢᠨ ᠬᠤᠭᠤᠴᠠᠭ᠎ᠠ ᠪᠦᠷᠢ ᠠᠳᠠᠭ ᠲᠠᠭᠠᠨ 2 ᠤᠳᠠᠭ᠎ᠠ ᠰᠤᠷᠤᠭᠴᠢᠳ ᠤᠨ ᠳᠤᠷᠤᠮᠵᠢᠯᠠᠯ ᠢ ᠰᠡᠷᠬᠡᠶᠢᠯᠡᠨ ᠵᠠᠰᠠᠬᠤ ᠭᠤᠤᠯ ᠰᠡᠳᠤᠪᠳᠤ ᠠᠩᠬᠢ ᠶᠢᠨ ᠬᠤᠷᠠᠯ ᠢ ᠵᠤᠬᠢᠶᠠᠨ ᠪᠠᠶᠢᠭᠤᠯᠵᠤ᠂ ᠰᠤᠷᠤᠭᠴᠢᠳ ᠲᠤ ᠳᠤᠷᠤᠮᠵᠢᠯᠠᠯ ᠢ ᠰᠡᠷᠬᠡᠶᠢᠯᠡᠬᠦ ᠮᠡᠳᠡᠯᠭᠡ ᠪᠠ ᠠᠷᠭ᠎ᠠ ᠶᠢ ᠡᠵᠡᠮᠰᠢᠬᠦᠯᠬᠦ ᠬᠡᠷᠡᠭᠳᠡᠢ᠃ ᠠᠰᠠᠷ ᠤᠨ ᠬᠤᠩᠬᠢᠯ᠂ ᠠᠰᠠᠷ ᠤᠨ ᠤᠷᠤᠢ ᠶᠢᠨ ᠳᠠᠶᠢᠰᠠ᠂ ᠶᠠᠭᠤᠮ᠎ᠠ ᠬᠠᠳᠠᠭᠠᠯᠠᠬᠤ ᠳᠠᠰᠤᠯᠭ᠎ᠠ ᠵᠡᠷᠬᠡ ᠨᠢᠭᠤᠭᠳᠠᠮᠠᠯ ᠳᠠᠯᠠᠪᠤᠷ ᠭᠠᠵᠠᠷ ᠲᠤ ᠸᠢᠳᠢᠤ᠋ ᠪᠠᠷ ᠬᠢᠨᠠᠨ ᠡᠵᠡᠮᠰᠢᠬᠦ ᠮᠠᠰᠢᠨ ᠢ ᠪᠦᠷᠢᠨ ᠪᠦᠷᠬᠦᠬᠦᠯᠬᠦ ᠬᠡᠷᠡᠭᠳᠡᠢ ᠬᠡᠵᠤ ᠳᠤᠳᠤᠷᠬᠠᠶᠢᠯᠠᠪᠠ᠃       ᠮᠡᠳᠡᠭᠳᠡᠯ ᠳᠤ᠂ ᠡᠯ᠎ᠡ ᠭᠠᠵᠠᠷ ᠤᠨ ᠰᠤᠷᠭᠠᠨ ᠬᠦᠮᠦᠵᠢᠯ ᠤᠨ ᠵᠠᠰᠠᠭ ᠵᠠᠬᠢᠷᠭᠠᠨ ᠤ ᠰᠠᠯᠠᠭ᠎ᠠ ᠮᠦᠴᠢᠷ ᠪᠤᠯᠤᠨ ᠰᠤᠷᠭᠠᠭᠤᠯᠢ ᠨᠤᠭᠤᠳ ᠪᠤᠢ ᠪᠦᠬᠦᠢ ᠪᠠᠭᠰᠢ ᠠᠵᠢᠯᠳᠠᠨ ᠠᠵᠢᠯᠴᠢᠨ ᠪᠤᠯᠤᠨ ᠬᠡᠷ ᠤᠨ ᠠᠬᠠᠮᠠᠳ ᠲᠤ ᠬᠠᠨᠳᠤᠭᠤᠯᠤᠨ ᠰᠤᠷᠤᠭᠴᠢᠳ ᠤᠨ ᠳᠤᠷᠤᠮᠵᠢᠯᠠᠯ ᠢ ᠰᠡᠷᠬᠡᠶᠢᠯᠡᠨ ᠵᠠᠰᠠᠬᠤ ᠳᠤᠰᠬᠠᠢ ᠰᠡᠳᠤᠪᠳᠤ ᠪᠤᠯᠪᠠᠰᠤᠷᠠᠯ ᠢ ᠳᠤᠭᠳᠠᠮᠠᠯ ᠬᠤᠭᠤᠴᠠᠭ᠎ᠠ ᠲᠠᠢ ᠦᠷᠨᠢᠬᠦᠯᠵᠤ᠂ ᠢᠯᠭᠠᠨ ᠳᠠᠨᠢᠬᠤ᠂ ᠠᠷᠭᠠᠴᠠᠭᠠᠬᠤ ᠴᠢᠳᠠᠪᠤᠷᠢ ᠵᠢᠴᠢ ᠭᠠᠷ ᠲᠦᠷᠦᠵᠤ ᠰᠢᠢᠳᠪᠤᠷᠢᠯᠡᠬᠦ ᠬᠢᠷᠢ ᠲᠦᠪᠰᠢᠨ ᠢᠶᠠᠨ ᠳᠡᠬᠡᠭᠰᠢᠯᠡᠬᠦᠯᠬᠦ ᠬᠡᠷᠡᠭᠳᠡᠢ᠃ ᠬᠦᠴᠢᠷᠳᠡᠯ ᠳᠤ ᠳᠤᠯᠭᠠᠷᠠᠭᠰᠠᠨ ᠬᠡᠤᠬᠡᠳ ᠢ ᠬᠠᠯᠠᠮᠵᠢᠯᠠᠨ ᠬᠠᠶᠢᠷᠠᠯᠠᠬᠤ ᠶᠢ ᠴᠢᠩᠭᠠᠳᠬᠠᠵᠤ᠂ ᠠᠮᠢᠳᠤᠷᠠᠯ ᠢ ᠨᠢ ᠬᠠᠷᠠᠭᠠᠯᠵᠠᠬᠤ᠂ ᠰᠡᠳᠬᠢᠴᠡ ᠶᠢ ᠨᠢ ᠰᠢᠯᠤᠭᠤᠳᠬᠠᠬᠤ᠂ ᠬᠡᠷ ᠪᠦᠯᠢ ᠶᠢᠨ ᠬᠦᠮᠦᠵᠢᠯ ᠢ ᠵᠢᠯᠤᠭᠤᠳᠬᠤ ᠵᠡᠷᠬᠡ ᠶᠢ ᠴᠠᠭ ᠳᠤᠬᠠᠢ ᠳᠤᠨᠢ ᠰᠠᠶᠢᠳᠤᠷ ᠬᠢᠬᠦ ᠬᠡᠷᠡᠭᠳᠡᠢ ᠬᠡᠵᠤ ᠵᠢᠭᠠᠵᠤ ᠭᠠᠷᠭᠠᠪᠠ᠃       ᠮᠡᠳᠡᠭᠳᠡᠯ ᠳᠤ᠂ ᠡᠯ᠎ᠡ ᠭᠠᠵᠠᠷ ᠤᠨ ᠰᠤᠷᠭᠠᠨ ᠬᠦᠮᠦᠵᠢᠯ ᠤᠨ ᠵᠠᠰᠠᠭ ᠵᠠᠬᠢᠷᠭᠠᠨ ᠤ ᠰᠠᠯᠠᠭ᠎ᠠ ᠮᠦᠴᠢᠷ ᠤᠳ ᠪᠤᠳᠠᠳᠤ ᠪᠠᠶᠢᠳᠠᠯ ᠲᠠᠢ ᠪᠠᠨ ᠤᠶᠠᠯᠳᠤᠭᠤᠯᠤᠨ᠂ ᠳᠤᠮᠳᠠᠳᠤ ᠪᠠᠭ᠎ᠠ ᠰᠤᠷᠭᠠᠭᠤᠯᠢ ᠶᠢᠨ ᠰᠤᠷᠤᠭᠴᠢᠳ ᠤᠨ ᠳᠤᠷᠤᠮᠵᠢᠯᠠᠯ ᠪᠠ ᠬᠦᠴᠢᠷᠬᠡᠭᠯᠡᠯ ᠢ ᠰᠡᠷᠬᠡᠶᠢᠯᠡᠨ ᠵᠠᠰᠠᠬᠤ ᠵᠢᠯᠤᠭᠤᠳᠬᠤ ᠭᠠᠷ ᠳᠡᠪᠳᠡᠷ ᠢ ᠰᠤᠳᠤᠯᠤᠨ ᠳᠤᠭᠳᠠᠭᠠᠵᠤ᠂ ᠪᠠᠭᠰᠢ ᠪᠠ ᠬᠡᠷ ᠤᠨ ᠠᠬᠠᠮᠠᠳ ᠤᠨ ᠬᠦᠮᠦᠵᠢᠯ ᠵᠢᠯᠤᠭᠤᠳᠤᠯᠭ᠎ᠠ ᠶᠢ ᠴᠢᠩᠭᠠᠳᠬᠠᠬᠤ ᠬᠡᠷᠡᠭᠳᠡᠢ᠃ ᠬᠠᠤᠯᠢ ᠴᠠᠭᠠᠵᠠ  ᠶᠢᠨ ᠯᠠᠪᠯᠠᠯᠭ᠎ᠠ ᠦᠭᠬᠦ᠂ ᠰᠡᠳᠬᠢᠴᠡ ᠶᠢᠨ ᠳᠠᠯ᠎ᠠ ᠪᠠᠷ ᠬᠠᠪᠰᠤᠷᠤᠨ ᠵᠢᠯᠤᠭᠤᠳᠬᠤ᠂ ᠦᠢᠯᠡ ᠠᠵᠢᠯᠯᠠᠭ᠎ᠠ ᠶᠢ ᠨᠢ ᠵᠠᠯᠠᠷᠠᠭᠤᠯᠬᠤ᠂ ᠮᠡᠷᠬᠡᠵᠢᠯ ᠤᠨ ᠰᠡᠷᠬᠡᠶᠢᠯᠡᠯᠳᠡ ᠶᠢᠨ ᠪᠠᠶᠢᠭᠤᠯᠤᠯᠳᠠ ᠵᠡᠷᠬᠡ ᠳᠠᠯ᠎ᠠ ᠪᠠᠷ ᠰᠤᠷᠭᠠᠭᠤᠯᠢ ᠳᠤ ᠴᠢᠬᠤᠯᠠ ᠪᠦᠬᠦᠢ ᠵᠢᠯᠤᠭᠤᠳᠤᠯᠭ᠎ᠠ ᠪᠠ ᠳᠡᠮᠵᠢᠯᠬᠡ ᠦᠵᠡᠬᠦᠯᠬᠦ ᠬᠡᠷᠡᠭᠳᠡᠢ ᠬᠡᠵᠤ ᠴᠢᠬᠤᠯᠠᠴᠢᠯᠠᠪᠠ᠃
ᠢᠷᠡᠯᠲᠡ᠄ ᠦᠪᠦᠷ ᠮᠤᠩᠭᠤᠯ ᠤᠨ ᠡᠳᠤᠷ ᠤᠨ ᠰᠤᠨᠢᠨ