ᠦᠨᠳᠦᠷ ᠬᠠᠯᠠᠭᠤᠨ ᠠᠭᠤᠷ ᠠᠮᠢᠰᠬᠤᠯ ᠢ ᠪᠢᠳᠠ ᠬᠡᠷᠬᠢᠨ ᠰᠡᠷᠬᠡᠶᠢᠯᠡᠨ ᠬᠠᠮᠠᠭᠠᠯᠠᠬᠤ ᠪᠤᠢ︖ ᠶᠠᠮᠠᠷ ᠶᠠᠮᠠᠷ | ᠬᠠᠯᠠᠭᠤᠨ ᠢ ᠪᠠᠭᠤᠷᠠᠭᠤᠯᠬᠤ ᠡ᠊ᠨᠳᠡᠬᠦᠷᠡᠯ ᠠᠴᠠ ᠵᠠᠶᠢᠯᠠᠬᠤ ᠴᠢᠬᠤᠯᠠᠳᠠᠢ ᠪᠤᠢ︖ ᠡᠬᠦᠨ ᠢ ᠬᠠᠮᠳᠤ ᠪᠠᠷ | ᠤᠶᠢᠯᠠᠭᠠᠶ᠎ᠠ᠃ | ᠡ᠊ᠨᠳᠡᠬᠦᠷᠡᠯ ᠨᠢᠬᠡ᠄ ᠬᠠᠯᠠᠭᠤᠨ ᠠᠴᠠ ᠰᠡᠷᠬᠡᠶᠢᠯᠡᠬᠦ ᠳᠤ ᠭᠤᠤᠯᠳᠠᠭᠤ ᠠᠭᠠᠷ ᠲᠤᠬᠢᠷᠠᠭᠤᠯᠤᠭᠴᠢ ᠳᠤ ᠲᠦᠰᠢᠭᠯᠡᠬᠦ | ᠡᠳᠦᠷ ᠬᠠᠯᠠᠭᠤᠨ ᠪᠤᠯᠤᠮᠠᠭᠴᠠ ᠮᠠᠰᠢ ᠤᠯᠠᠨ ᠬᠦᠮᠦᠨ ᠠᠭᠠᠷ ᠲᠤᠬᠢᠷᠠᠭᠤᠯᠤᠭᠴᠢ ᠠᠴᠠ ᠰᠠᠯᠵᠤ ᠴᠢᠳᠠᠬᠤ | ᠦᠬᠡᠢ ᠪᠤᠯᠳᠠᠭ᠃ ᠦᠨᠡᠨ ᠳᠡᠭᠡᠨ ᠤᠷᠳᠤ ᠬᠤᠭᠤᠴᠠᠭ᠎ᠠ ᠪᠠᠷ ᠠᠭᠠᠷ ᠲᠤᠬᠢᠷᠠᠭᠤᠯᠤᠭᠴᠢ ᠶᠢᠨ ᠲᠤᠭᠳᠠᠮᠠᠯ | ᠲᠤᠯᠠᠭᠠᠨ ᠳᠤ ᠠᠮᠢᠳᠤᠷᠠᠪᠠᠯ ᠬᠦᠮᠦᠨ ᠤ ᠪᠡᠶ᠎ᠡ ᠶᠢᠨ ᠲᠤᠯᠠᠭᠠᠨ ᠤ ᠭᠡᠮᠵᠢᠶ᠎ᠡ ᠶᠢ ᠲᠤᠬᠢᠷᠠᠭᠤᠯᠬᠤ ᠴᠢᠳᠠᠪᠤᠷᠢ᠂ | ᠡᠬᠡᠯᠢᠯᠡᠭᠡ ᠶᠢᠨ ᠴᠢᠳᠠᠪᠤᠷᠢ ᠪᠦᠷ ᠪᠠᠭᠤᠷᠠᠵᠤ᠂ ᠦᠨᠳᠦᠷ ᠲᠤᠯᠠᠭᠠᠨ ᠤ ᠤᠷᠴᠢᠨ ᠳᠤ ᠪᠤᠴᠠᠪᠠᠯ ᠬᠡᠳᠡᠷᠬᠦ ᠪᠠᠨ ᠨᠡᠩ | ᠠᠮᠠᠷᠬᠠᠨ ᠨᠠᠷᠠᠰᠢᠳᠠᠭ᠃ | ᠵᠦᠪ ᠠᠷᠭ᠎ᠠ᠄ ᠬᠡᠷ ᠤᠨ ᠲᠤᠲᠤᠨ᠎ᠠ ᠭᠠᠳᠠᠨ᠎ᠠ ᠶᠢᠨ ᠲᠤᠯᠠᠭᠠᠨ ᠤ ᠵᠦᠷᠢᠶ᠎ᠠ ᠶᠢ 10 ᠠᠴᠠ ᠦᠨᠳᠦᠷ | ᠪᠠᠶᠢᠯᠭᠠᠵᠤ ᠪᠤᠯᠬᠤ ᠦᠬᠡᠢ᠃ ᠦᠷᠦᠬᠡᠨ ᠳᠤ ᠤᠷᠤᠭᠰᠠᠨ ᠤ ᠲᠠᠷᠠᠭ᠎ᠠ 10 ᠮᠢᠨᠦ᠋ᠲ ᠤᠨ ᠲᠠᠷᠠᠭ᠎ᠠ ᠠᠭᠠᠷ | ᠲᠤᠬᠢᠷᠠᠭᠤᠯᠤᠭᠴᠢ ᠪᠠᠨ ᠨᠡᠬᠡᠬᠡᠵᠦ᠂ ᠭᠠᠳᠠᠭᠰᠢ ᠭᠠᠷᠬᠤ ᠠᠴᠠ 10 ᠮᠢᠨᠦ᠋ᠲ ᠤᠨ ᠡᠮᠦᠨ᠎ᠡ ᠬᠠᠭᠠᠵᠤ᠂ ᠴᠤᠩᠬᠤ ᠪᠠᠨ | ᠨᠡᠬᠡᠬᠡᠵᠦ ᠰᠠᠯᠬᠢ ᠨᠡᠪᠳᠡᠷᠡᠬᠦᠯᠦᠨ᠎ᠠ᠃ | ᠡ᠊ᠨᠳᠡᠬᠦᠷᠡᠯ ᠬᠤᠶᠠᠷ᠄ ᠦᠳᠡ ᠳᠤ ᠬᠡᠳᠦ ᠰᠡᠷᠢᠬᠦᠬᠡᠨ ᠤᠷᠴᠢᠨ ᠳᠤ ᠤᠨᠳᠠᠬᠤ | ᠵᠤᠨ ᠤ ᠴᠠᠭ ᠲᠤ ᠵᠠᠷᠢᠮ ᠬᠦᠮᠦᠨ ᠱᠠᠯᠠ ᠲᠡᠭᠡᠷ᠎ᠡ ᠤᠨᠳᠠᠬᠤ ᠲᠤᠷᠠᠳᠠᠢ᠃ ᠬᠡᠳᠤᠶᠢᠪᠡᠷ ᠰᠡᠷᠢᠬᠦᠨ | ᠲᠠᠭᠠᠯᠠᠮᠵᠢᠳᠠᠢ ᠰᠠᠨᠠᠭᠳᠠᠭᠰᠠᠨ ᠪᠤᠯᠪᠠᠴᠤ ᠠᠭᠠᠷ ᠨᠡᠪᠳᠡᠷᠡᠬᠦ ᠴᠢᠨᠠᠷ ᠢᠶᠠᠷ ᠠᠨᠠᠢ ᠮᠦᠷᠳᠡᠬᠡᠨ ᠴᠢᠬᠢᠭ ᠢ ᠲᠦᠪᠯᠡᠷᠡᠬᠦᠯᠬᠦ | ᠴᠢᠨᠠᠷ ᠢᠶᠠᠷ ᠴᠢᠩᠭ᠎ᠠ ᠪᠠᠶᠢᠵᠤ᠂ ᠠᠮᠠᠷᠬᠠᠨ ᠵᠢᠬᠡᠬᠦᠴᠡᠬᠦ ᠪᠤᠶᠤ ᠴᠢᠬᠢᠭᠳᠦᠳᠡᠭ᠃ | ᠵᠦᠪ ᠠᠷᠭ᠎ᠠ᠄ ᠰᠡᠷᠢᠬᠦᠨ ᠰᠠᠭᠤᠳᠠᠯ ᠤᠨ ᠲᠡᠭᠡᠷ᠎ᠡ ᠲᠠᠭᠠᠯᠠᠮᠵᠢᠳᠠᠢ ᠬᠡᠪᠳᠡᠵᠦ ᠪᠤᠯᠤᠨ᠎ᠠ᠂ ᠬᠡᠪᠡᠴᠦ ᠰᠠᠯᠬᠢᠨ | ᠰᠠᠩᠰᠠ ᠶᠢ ᠪᠡᠶ᠎ᠡ ᠶᠢᠨ ᠢᠶᠠᠨ ᠦᠬᠡᠳᠡ ᠰᠢᠭᠤᠳ ᠦᠯᠢᠶᠡᠯᠬᠡᠵᠦ ᠪᠤᠯᠬᠤ ᠦᠬᠡᠢ᠃ | ᠡ᠊ᠨᠳᠡᠬᠦᠷᠡᠯ ᠭᠤᠷᠪᠠ᠄ ᠨᠢᠮᠬᠡᠨ ᠡᠮᠦᠰᠴᠦ ᠬᠦᠳᠡᠯᠬᠦ ᠠᠴᠠ ᠲᠠᠲᠠᠭᠠᠯᠵᠠᠬᠤ | ᠵᠤᠨ ᠤ ᠴᠠᠭ ᠲᠤ᠂ ᠬᠦᠮᠦᠰ ᠨᠢᠮᠬᠡᠨ ᠡᠮᠦᠰᠬᠦ ᠲᠤᠷᠠᠳᠠᠢ ᠪᠦᠬᠡᠳ ᠬᠡᠷ ᠤᠨ ᠭᠠᠳᠠᠨᠠᠬᠢ ᠬᠦᠳᠡᠯᠬᠡᠬᠡᠨ ᠤ ᠴᠠᠭ | ᠪᠠ ᠬᠦᠴᠦᠯᠡᠴᠡ ᠪᠠᠨ ᠪᠠᠭᠠᠰᠬᠠᠳᠠᠭ᠃ ᠦᠨᠡᠨ ᠳᠡᠭᠡᠨ ᠵᠤᠬᠢᠬᠤ ᠬᠡᠮᠵᠢᠶᠡᠨ ᠤ ᠬᠡᠷ ᠤᠨ ᠭᠠᠳᠠᠨᠠᠬᠢ ᠬᠦᠳᠡᠯᠬᠡᠬᠡᠨ ᠤ | ᠴᠢᠰᠤᠨ ᠤ ᠡᠷᠬᠢᠯᠳᠡ ᠪᠠ ᠰᠢᠨ᠎ᠠ ᠬᠠᠭᠤᠴᠢᠨ ᠤ ᠰᠤᠯᠢᠯᠴᠠᠭ᠎ᠠ ᠶᠢ ᠠᠬᠢᠭᠤᠯᠵᠤ᠂ ᠪᠡᠶ᠎ᠡ ᠮᠠᠬᠠᠪᠤᠳ ᠤᠨ ᠦᠨᠳᠦᠷ | ᠲᠤᠯᠠᠭᠠᠨ ᠤ ᠤᠷᠴᠢᠨ ᠳᠤ ᠵᠤᠬᠢᠴᠠᠬᠤ ᠴᠢᠳᠠᠪᠤᠷᠢ ᠶᠢ ᠲᠡᠭᠡᠭᠰᠢᠯᠡᠬᠦᠯᠳᠡᠭ᠃ ᠡᠶᠢᠮᠦ ᠠᠴᠠ ᠦᠷᠯᠦᠬᠡ ᠪᠤᠶᠤ | ᠦᠳᠡᠰᠢ ᠶᠢᠨ ᠦᠶ᠎ᠡ ᠪᠠᠷ ᠵᠤᠬᠢᠬᠤ ᠬᠡᠮᠵᠢᠶᠡᠨ ᠤ ᠪᠡᠶ᠎ᠡ ᠶᠢᠨ ᠲᠠᠮᠢᠷ ᠤᠨ ᠪᠤᠯᠪᠠᠰᠤᠷᠠᠯ ᠬᠢᠵᠦ ᠪᠤᠯᠤᠨ᠎ᠠ᠃ | ᠡᠬᠦᠨ ᠠᠴᠠ ᠭᠠᠳᠠᠨ᠎ᠠ ᠪᠠᠰᠠ ᠶᠠᠮᠠᠷ ᠶᠠᠮᠠᠷ ᠠᠷᠭ᠎ᠠ ᠬᠡᠯᠪᠡᠷᠢ ᠪᠠᠷ ᠦᠨᠳᠦᠷ ᠬᠠᠯᠠᠭᠤᠨ ᠢ ᠰᠡᠷᠬᠡᠶᠢᠯᠡᠨ᠂ ᠡᠷᠡᠬᠦᠯ | ᠮᠡᠨᠳᠦ ᠪᠠᠨ ᠬᠠᠮᠠᠭᠠᠯᠠᠵᠤ ᠴᠢᠳᠠᠬᠤ ᠪᠤᠢ︖ | ᠡ᠊ᠡᠭ ᠲᠡᠷᠢᠬᠦᠨ ᠳᠤ᠂ ᠦᠷᠦᠬᠡᠨ ᠲᠤᠲᠤᠷᠠᠬᠢ ᠴᠢᠬᠢᠭ ᠤᠨ ᠬᠡᠮᠵᠢᠶ᠎ᠡ ᠶᠢ ᠨᠡᠮᠡᠭᠳᠡᠬᠦᠯᠵᠦ᠂ ᠴᠢᠬᠢᠭᠯᠢᠭ | ᠪᠠᠶᠢᠬᠤ ᠶᠢ ᠪᠠᠳᠤᠯᠠᠬᠤ ᠶᠢ ᠰᠠᠨᠠᠭᠤᠯᠤᠶ᠎ᠠ᠃ ᠦᠨᠳᠦᠷ ᠬᠠᠯᠠᠭᠤᠨ ᠦᠶ᠎ᠡ ᠳᠤ ᠦᠷᠦᠬᠡᠨ ᠲᠤᠲᠤᠷᠠᠬᠢ ᠴᠢᠬᠢᠭᠳᠦᠴᠡ ᠨᠢ | ᠬᠡᠳᠦ ᠲᠤᠤᠷ᠎ᠠ ᠪᠤᠯᠪᠠᠯ ᠠᠷᠠᠰᠤ ᠬᠠᠭᠤᠷᠠᠶᠢᠳᠠᠵᠤ᠂ ᠠᠮᠢᠰᠬᠤᠯ ᠤᠨ ᠵᠠᠮ ᠡᠪ ᠦᠬᠡᠢ ᠪᠤᠯᠵᠤ ᠮᠡᠳᠡᠨ᠎ᠠ᠃ | ᠲᠠᠷᠠᠭ᠎ᠠ ᠳᠤᠨᠢ ᠪᠦᠬᠦ ᠪᠡᠶ᠎ᠡ ᠠᠴᠠ ᠬᠦᠯᠦᠰᠦ ᠭᠠᠷᠤᠭᠰᠠᠨ ᠦᠶ᠎ᠡ ᠳᠤ ᠬᠦᠢᠳᠡᠨ ᠤᠰᠤ ᠪᠠᠷ ᠪᠡᠶ᠎ᠡ ᠪᠠᠨ ᠤᠬᠢᠶᠠᠵᠤ | ᠪᠤᠯᠬᠤ ᠦᠬᠡᠢ᠃ | ᠭᠠᠳᠠᠭᠰᠢ ᠭᠠᠷᠬᠤ ᠳᠠᠭᠠᠨ ᠬᠡᠷ ᠤᠨ ᠭᠠᠳᠠᠨᠠᠬᠢ ᠬᠦᠳᠡᠯᠬᠡᠬᠡᠨ ᠠᠴᠠ ᠠᠯᠢ ᠴᠢᠳᠠᠬᠤ ᠪᠠᠷ ᠵᠠᠶᠢᠯᠠᠰᠬᠢᠬᠤ ᠪᠤᠶᠤ | ᠪᠠᠭᠠᠰᠬᠠᠬᠤ ᠬᠡᠷᠡᠭᠳᠡᠢ᠂ ᠢᠯᠠᠩᠭᠤᠶ᠎ᠠ 10 ᠴᠠᠭ ᠠᠴᠠ 16 ᠴᠠᠭ ᠤᠨ ᠬᠤᠭᠤᠷᠤᠨᠳᠤᠬᠢ ᠬᠠᠯᠠᠭᠤᠨ ᠨᠠᠷᠠᠨ ᠤ | ᠲᠤᠤᠷ᠎ᠠ ᠬᠦᠳᠡᠯᠬᠡᠬᠡᠨ ᠬᠢᠵᠦ ᠪᠤᠯᠬᠤ ᠦᠬᠡᠢ᠃ ᠬᠠᠮᠤᠭ ᠤᠨ ᠦᠨᠳᠦᠷ ᠠᠭᠠᠷ ᠤᠨ ᠲᠤᠯᠠᠭᠠᠨ ᠨᠢ 37℃ ᠠᠴᠠ | 39 ℃ ᠪᠤᠯᠬᠤ ᠦᠶ᠎ᠡ ᠳᠤ ᠭᠠᠳᠠᠨ᠎ᠠ ᠠᠵᠢᠯᠯᠠᠬᠤ ᠴᠠᠭ ᠢ 6 ᠴᠠᠭ ᠠᠴᠠ ᠬᠡᠳᠦᠷᠡᠬᠦᠯᠵᠦ ᠪᠤᠯᠬᠤ ᠦᠬᠡᠢ᠂ 12 | ᠴᠠᠭ ᠠᠴᠠ 16 ᠴᠠᠭ ᠪᠤᠯᠳᠠᠯ᠎ᠠ ᠭᠠᠳᠠᠨ᠎ᠠ ᠠᠵᠢᠯᠯᠠᠬᠤ ᠪᠠᠨ ᠲᠦᠷ ᠵᠤᠭᠰᠤᠬᠤ ᠬᠡᠷᠡᠭᠳᠡᠢ᠃ ᠬᠠᠮᠤᠭ ᠤᠨ ᠦᠨᠳᠦᠷ | ᠠᠭᠠᠷ ᠤᠨ ᠲᠤᠯᠠᠭᠠᠨ ᠨᠢ 39 ᠠᠴᠠ ᠲᠡᠭᠡᠭᠰᠢ ᠪᠤᠯᠪᠠᠯ ᠭᠠᠳᠠᠨ᠎ᠠ ᠠᠵᠢᠯᠯᠠᠬᠤ ᠪᠠᠨ ᠵᠤᠭᠰᠤᠬᠤ ᠬᠡᠷᠡᠭᠳᠡᠢ᠃ | ᠤᠨᠴᠠᠭᠠᠶᠢᠯᠠᠨ ᠰᠠᠨᠠᠭᠤᠯᠬᠤ ᠨᠢ᠂ ᠬᠠᠯᠠᠭᠤᠨ ᠠᠴᠠ ᠪᠤᠯᠤᠭᠰᠠᠨ ᠡᠪᠡᠳᠴᠢᠨ ᠢ ᠤᠷᠢᠳᠴᠢᠯᠠᠨ ᠰᠡᠷᠬᠡᠶᠢᠯᠡᠬᠦ | ᠴᠢᠬᠤᠯᠠᠳᠠᠢ᠃ ᠬᠠᠯᠠᠭᠤᠨ ᠤ ᠡᠪᠡᠳᠴᠢᠨ ᠪᠤᠯ ᠬᠦᠨᠳᠦ ᠨᠠᠷᠠᠰᠢᠬᠤ ᠶᠢᠨ ᠬᠠᠮᠤᠭ ᠬᠦᠨᠳᠦ ᠲᠦᠷᠦᠯ ᠪᠤᠯᠤᠨ᠎ᠠ᠂ | ᠬᠦᠳᠡᠯᠮᠦᠷᠢ ᠶᠢᠨ ᠬᠦᠴᠦᠨ ᠤ ᠬᠡᠯᠪᠡᠷᠢ ᠶᠢᠨ ᠪᠠ ᠬᠦᠳᠡᠯᠮᠦᠷᠢ ᠶᠢᠨ ᠬᠦᠴᠦᠨ ᠤ ᠪᠤᠰᠤ ᠬᠡᠯᠪᠡᠷᠢ ᠶᠢᠨ ᠬᠡᠵᠦ ᠬᠤᠶᠠᠷ | ᠵᠦᠢᠯ ᠳᠤ ᠬᠤᠪᠢᠶᠠᠨ᠎ᠠ᠃ ᠨᠢᠬᠡᠳᠦᠬᠡᠷ ᠵᠦᠢᠯ ᠨᠢ ᠤᠯᠠᠩᠭᠢ ᠳᠠᠭᠠᠨ ᠬᠡᠷ ᠤᠨ ᠭᠠᠳᠠᠨᠠᠬᠢ ᠬᠦᠳᠡᠯᠬᠡᠬᠡᠨ᠂ ᠬᠦᠳᠡᠯᠬᠡᠬᠡᠨ | ᠬᠢᠬᠦ ᠪᠠ ᠠᠵᠢᠯᠯᠠᠬᠤ ᠶᠠᠪᠤᠴᠠ ᠳᠤ ᠡᠪᠡᠳᠴᠢᠳᠡᠨ ᠮᠠᠰᠢ ᠲᠦᠷᠬᠡᠨ ᠢᠶᠠᠷ ᠤᠯᠠᠨ ᠡᠷᠬᠡᠳᠡᠨ ᠤ ᠠᠵᠢᠯᠯᠠᠭ᠎ᠠ | ᠲᠤᠷᠦ᠋ᠢᠳᠠᠵᠤ᠂ ᠴᠢᠨᠠᠭᠰᠢᠯᠠᠪᠠᠯ ᠠᠮᠢ ᠨᠠᠰᠤᠨ ᠤ ᠠᠶᠤᠯ ᠡᠬᠦᠰᠦᠨ᠎ᠠ᠃ ᠬᠤᠶᠠᠳᠤᠭᠠᠷ ᠵᠦᠢᠯ ᠨᠢ ᠨᠠᠰᠤ | ᠠᠬᠠᠰᠢᠷᠠᠭᠰᠠᠨ᠂ ᠪᠠᠶ᠎ᠠ ᠮᠠᠭᠤᠳᠠᠭᠰᠠᠨ ᠵᠡᠷᠬᠡ ᠬᠦᠮᠦᠰ ᠤᠨ ᠲᠤᠮᠳᠠ ᠤᠯᠠᠨ ᠢᠯᠡᠷᠡᠳᠡᠭ᠃ ᠡᠮᠴᠢᠯᠡᠬᠡᠨ ᠳᠤ | ᠨᠠᠰᠤᠳᠠᠶᠢᠴᠤᠳ ᠤᠨ ᠦᠨᠳᠦᠷ ᠬᠠᠯᠠᠭᠤᠨ ᠳᠤ ᠠᠭᠠᠷ ᠲᠤᠬᠢᠷᠠᠭᠤᠯᠤᠭᠴᠢ ᠶᠢ ᠬᠡᠷᠡᠭᠯᠡᠬᠦ ᠦᠬᠡᠢ ᠠᠴᠠ ᠪᠤᠯᠬᠤ | ᠡᠮᠨᠡᠯᠬᠡ ᠳᠤ ᠬᠦᠷᠬᠡᠭᠰᠡᠨ ᠡᠪᠡᠳᠴᠢᠨ ᠤ ᠵᠢᠱᠢᠶ᠎ᠠ ᠢᠯᠡᠷᠡᠵᠦ ᠦᠡᠭᠭᠡᠷᠡᠭᠰᠡᠨ ᠶᠤᠮ᠃ | | | |