ᠲᠦᠷᠦᠭᠦᠸ ᠬᠠᠭᠠᠰ ᠵᠢᠯ ᠳᠤ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠠᠵᠢᠯ ᠲᠥᠷᠥᠯ ᠬᠤᠪᠢᠶᠠᠭᠰᠠᠨ ᠨᠡᠮᠡᠭᠳᠡᠯ ᠥᠷᠲᠡᠭ ᠤᠨ ᠨᠡᠮᠡᠭᠳᠡᠯ ᠤᠨ ᠬᠤᠷᠳᠤᠴᠠ ᠶᠢᠨ ︽13 ᠲᠦᠷᠦᠯ ᠨᠢ ᠨᠡᠮᠡᠭᠳᠡᠵᠤ 7 ᠲᠦᠷᠦᠯ ᠨᠢ ᠪᠠᠭᠤᠷᠠᠪᠠ︾
ᠨᠡᠶᠢᠲᠡᠯᠡᠭᠰᠡᠨ ᠴᠠᠭ᠄
2024/7/22
    2024 ᠣᠨ ᠤ ᠳᠡᠭᠡᠷ᠎ᠡ ᠬᠠᠭᠠᠰ ᠵᠢᠯ ᠳᠤ᠂ ᠳ᠋ᠦᠩᠱᠧᠩ ᠲᠣᠭᠤᠷᠢᠭ ᠤᠨ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠥᠷᠲᠡᠭ ᠠᠳᠠᠯᠢ ᠬᠤᠭᠤᠴᠠᠭᠠᠨ ᠤ ᠬᠢ ᠠᠴᠠ 14.6% ᠪᠠᠷ ᠨᠡᠮᠡᠭᠳᠡᠵᠦ᠂ ᠪᠥᠬᠦ ᠤᠯᠤᠰ ᠤᠨ ᠬᠢ ᠠᠴᠠ 8.6 ᠵᠠᠭᠤᠨ ᠤ ᠬᠤᠪᠢ ᠥᠨᠳᠥᠷ ᠪᠣᠯᠵᠤ᠂ ᠥᠪᠡᠷᠲᠡᠭᠡᠨ ᠵᠠᠰᠠᠬᠤ ᠣᠷᠣᠨ ᠤ ᠬᠢ ᠠᠴᠠ 7.1 ᠵᠠᠭᠤᠨ ᠤ ᠬᠤᠪᠢ ᠥᠨᠳᠥᠷ ᠪᠣᠯᠵᠤ᠂ ᠪᠥᠬᠦ ᠬᠤᠲᠠ ᠶᠢᠨ ᠬᠢ ᠠᠴᠠ 6.9 ᠵᠠᠭᠤᠨ ᠤ ᠬᠤᠪᠢ ᠥᠨᠳᠥᠷ ᠪᠣᠯᠵᠤ᠂ ᠪᠥᠬᠦ ᠬᠤᠲᠠ ᠳᠤ ᠬᠤᠶᠠᠳᠤᠭᠠᠷ ᠲᠤ ᠣᠷᠣᠪᠠ᠃ 20 ᠠᠵᠢᠯ ᠲᠦᠷᠦᠯ ᠤᠨ 13 ᠠᠵᠢᠯ ᠲᠦᠷᠦᠯ ᠨᠢ ᠨᠡᠮᠡᠭᠳᠡᠯ ᠦᠷᠳᠡᠭ ᠤᠨ ᠨᠡᠮᠡᠭᠳᠡᠯ ᠢ ᠪᠡᠶᠡᠯᠡᠭᠦᠯᠵᠦ᠂ ᠨᠡᠮᠡᠭᠳᠡᠯ ᠤᠨ ᠬᠡᠪᠴᠢᠶ᠎ᠡ ᠨᠢ 65% ᠳᠤ ᠬᠦᠷᠪᠡ᠃ ᠡᠭᠦᠨ ᠳᠤ᠂ ᠨᠡᠭᠦᠷᠡᠰᠦ ᠮᠠᠯᠲᠠᠬᠤ ᠪᠠ ᠤᠬᠢᠶᠠᠵᠤ ᠰᠢᠯᠢᠬᠦ ᠦᠢᠯᠡᠰ ᠤᠨ ᠨᠡᠮᠡᠭᠳᠡᠯ ᠥᠷᠲᠡᠭ ᠠᠳᠠᠯᠢ ᠬᠤᠭᠤᠴᠠᠭᠠᠨ ᠤ ᠬᠢ ᠠᠴᠠ 18%  ᠪᠠᠷ ᠨᠡᠮᠡᠭᠳᠡᠪᠡ︔ ᠢᠳᠡᠭᠡᠨ ᠦᠢᠯᠡᠳᠬᠦ ᠦᠢᠯᠡᠰ ᠤᠨ ᠨᠡᠮᠡᠭᠳᠡᠯ ᠥᠷᠲᠡᠭ ᠠᠳᠠᠯᠢ ᠬᠤᠭᠤᠴᠠᠭᠠᠨ ᠤ ᠬᠢ ᠠᠴᠠ 47.5% ᠪᠠᠷ ᠨᠡᠮᠡᠭᠳᠡᠪᠡ︔ ᠬᠡᠪᠯᠡᠯ ᠪᠠ ᠳᠡᠮᠳᠡᠭᠯᠡᠬᠦ ᠵᠠᠭᠤᠴᠢᠯᠠᠭᠤᠷ ᠤᠨ ᠳᠠᠬᠢᠨ ᠦᠢᠯᠡᠳᠬᠦ ᠦᠢᠯᠡᠰ ᠤᠨ ᠨᠡᠮᠡᠭᠳᠡᠯ ᠥᠷᠲᠡᠭ ᠠᠳᠠᠯᠢ ᠬᠤᠭᠤᠴᠠᠭᠠᠨ ᠤ ᠬᠢ ᠠᠴᠠ 20.2% ᠢᠶᠠᠷ ᠨᠡᠮᠡᠭᠳᠡᠪᠡ︔ ᠬᠢᠮᠢ ᠶᠢᠨ ᠲᠦᠭᠦᠬᠡᠢ ᠮᠠᠲ᠋ᠧᠷᠢᠶᠠᠯ ᠪᠠ ᠬᠢᠮᠢ ᠶᠢᠨ ᠪᠦᠲᠦᠭᠡᠭᠳᠡᠬᠦᠨ ᠦᠢᠯᠡᠳᠬᠦ ᠦᠢᠯᠡᠰ ᠤᠨ ᠨᠡᠮᠡᠭᠳᠡᠯ ᠥᠷᠲᠡᠭ ᠠᠳᠠᠯᠢ ᠬᠤᠭᠤᠴᠠᠭᠠᠨ ᠤ ᠬᠢ ᠠᠴᠠ 11.6% ᠪᠠᠷ ᠨᠡᠮᠡᠭᠳᠡᠪᠡ︔ ᠡᠮ ᠡᠮᠨᠡᠯᠭᠡ ᠶᠢᠨ ᠦᠢᠯᠡᠳᠬᠦ ᠦᠢᠯᠡᠰ ᠤᠨ ᠨᠡᠮᠡᠭᠳᠡᠯ ᠥᠷᠲᠡᠭ ᠠᠳᠠᠯᠢ ᠬᠤᠭᠤᠴᠠᠭᠠᠨ ᠤ ᠬᠢ ᠠᠴᠠ 48.1% ᠪᠠᠷ ᠨᠡᠮᠡᠭᠳᠡᠪᠡ︔ ᠭᠤᠮ ᠪᠣᠯᠣᠨ ᠰᠦᠯᠢᠶᠥᠦ ᠪᠦᠲᠦᠭᠡᠭᠳᠡᠬᠦᠨ ᠤ ᠦᠢᠯᠡᠰ ᠤᠨ ᠨᠡᠮᠡᠭᠳᠡᠯ ᠥᠷᠲᠡᠭ ᠠᠳᠠᠯᠢ ᠬᠤᠭᠤᠴᠠᠭᠠᠨ ᠤ ᠬᠢ ᠠᠴᠠ 14.8% ᠪᠠᠷ ᠨᠡᠮᠡᠭᠳᠡᠪᠡ︔ ᠲᠡᠮᠦᠷᠯᠢᠭ ᠪᠤᠰᠤ ᠠᠭᠤᠷᠬᠠᠢ ᠶᠢᠨ ᠪᠦᠲᠦᠭᠡᠭᠳᠡᠬᠦᠨ ᠤ ᠦᠢᠯᠡᠰ ᠤᠨ ᠨᠡᠮᠡᠭᠳᠡᠯ ᠥᠷᠲᠡᠭ ᠠᠳᠠᠯᠢ ᠬᠤᠭᠤᠴᠠᠭᠠᠨ ᠤ ᠬᠢ ᠠᠴᠠ 17.5% ᠪᠠᠷ ᠨᠡᠮᠡᠭᠳᠡᠪᠡ︔ ᠲᠡᠮᠦᠷᠯᠢᠭ ᠤᠨ ᠪᠦᠲᠦᠭᠡᠭᠳᠡᠬᠦᠨ ᠤ ᠦᠢᠯᠡᠰ ᠤᠨ ᠨᠡᠮᠡᠭᠳᠡᠯ ᠦᠷᠳᠡᠭ ᠠᠳᠠᠯᠢ ᠬᠤᠭᠤᠴᠠᠭᠠᠨ ᠤ ᠬᠢ ᠠᠴᠠ 129.9% ᠪᠠᠷ ᠨᠡᠮᠡᠭᠳᠡᠪᠡ︔ ᠴᠠᠬᠢᠯᠭᠠᠨ ᠤ ᠮᠠᠰᠢᠨ ᠪᠠ ᠪᠠᠭᠠᠵᠢ ᠬᠡᠷᠡᠭᠰᠡᠯ ᠦᠢᠯᠡᠳᠬᠦ ᠦᠢᠯᠡᠰ ᠤᠨ ᠨᠡᠮᠡᠭᠳᠡᠯ ᠥᠷᠲᠡᠭ ᠠᠳᠠᠯᠢ ᠬᠤᠭᠤᠴᠠᠭᠠᠨ ᠤ ᠬᠢ ᠠᠴᠠ 118.1% ᠪᠠᠷ ᠨᠡᠮᠡᠭᠳᠡᠪᠡ︔ ᠺᠣᠮᠫᠢᠦ᠋ᠲ᠋ᠧᠷ᠂ ᠮᠡᠳᠡᠭᠡ ᠬᠤᠯᠪᠣᠭ᠎ᠠ ᠪᠠ ᠪᠤᠰᠤᠳ ᠡᠯᠧᠺᠲᠷᠣᠨ ᠲᠥᠬᠦᠭᠡᠷᠦᠮᠵᠢ ᠦᠢᠯᠡᠳᠬᠦ ᠦᠢᠯᠡᠰ ᠤᠨ ᠨᠡᠮᠡᠭᠳᠡᠯ ᠥᠷᠲᠡᠭ ᠠᠳᠠᠯᠢ ᠬᠤᠭᠤᠴᠠᠭᠠᠨ ᠤ ᠬᠢ ᠠᠴᠠ 7.6% ᠪᠠᠷ ᠨᠡᠮᠡᠭᠳᠡᠪᠡ︔ ᠲᠡᠮᠦᠷᠯᠢᠭ ᠦᠢᠯᠡᠳᠬᠦᠨ᠂ ᠮᠠᠰᠢᠨ ᠪᠠ ᠲᠥᠬᠦᠭᠡᠷᠦᠮᠵᠢ ᠶᠢ ᠰᠡᠯᠪᠢᠨ ᠵᠠᠰᠠᠬᠤ ᠦᠢᠯᠡᠰ ᠤᠨ ᠨᠡᠮᠡᠭᠳᠡᠯ ᠦᠷᠳᠡᠭ ᠠᠳᠠᠯᠢ ᠬᠤᠭᠤᠴᠠᠭᠠᠨ ᠤ ᠬᠢ ᠠᠴᠠ 114% ᠪᠠᠷ ᠨᠡᠮᠡᠭᠳᠡᠪᠡ︔ ᠴᠠᠬᠢᠯᠭᠠᠨ ᠬᠦᠴᠦᠨ᠂ ᠢᠯᠴᠢ ᠶᠢᠨ ᠬᠦᠴᠦᠨ ᠤ ᠦᠢᠯᠡᠳᠪᠦᠷᠢᠯᠡᠯ ᠪᠠ ᠬᠠᠩᠭᠠᠯᠭ᠎ᠠ ᠶᠢᠨ ᠦᠢᠯᠡᠰ ᠤᠨ ᠨᠡᠮᠡᠭᠳᠡᠯ ᠥᠷᠲᠡᠭ ᠠᠳᠠᠯᠢ ᠬᠤᠭᠤᠴᠠᠭᠠᠨ ᠤ  ᠬᠢ ᠠᠴᠠ 5.5% ᠪᠠᠷ ᠨᠡᠮᠡᠭᠳᠡᠪᠡ︔ ᠤᠰᠤᠨ ᠤ ᠦᠢᠯᠡᠳᠪᠦᠷᠢᠯᠡᠯ ᠪᠠ ᠬᠠᠩᠭᠠᠯᠭ᠎ᠠ ᠶᠢᠨ ᠦᠢᠯᠡᠰ ᠤᠨ ᠨᠡᠮᠡᠭᠳᠡᠯ ᠥᠷᠲᠡᠭ ᠠᠳᠠᠯᠢ ᠬᠤᠭᠤᠴᠠᠭᠠᠨ ᠤ ᠬᠢ ᠠᠴᠠ 3.9% ᠪᠠᠷ ᠨᠡᠮᠡᠭᠳᠡᠪᠡ᠃
ᠢᠷᠡᠯᠲᠡ᠄ ᠳ᠋ᠦᠩᠱᠧᠩ ᠳᠤᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ