ᠳ᠋ᠦᠩᠱᠧᠩ ᠲᠣᠭᠤᠷᠢᠭ ᠤᠨ ᠵᠠᠰᠠᠭ ᠤᠨ ᠣᠷᠳᠣᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠠᠮᠢ ᠠᠬᠤᠶ ᠶᠢᠨ ᠣᠷᠴᠢᠨ ᠲᠣᠭᠤᠷᠢᠨ ᠤ ᠬᠦᠷᠢᠶᠡᠨ ᠳᠠᠬᠢ ᠬᠠᠤᠯᠢ ᠠᠴᠠ ᠵᠥᠷᠢᠴᠡᠭᠰᠡᠨ ᠠᠰᠠᠭᠤᠳᠠᠯ ᠢ ᠲᠥᠪᠯᠡᠷᠡᠭᠦᠯᠦᠨ ᠴᠡᠭᠴᠡᠯᠡᠨ ᠵᠠᠰᠠᠬᠤ ᠲᠤᠰᠬᠠᠶ ᠠᠵᠢᠯᠯᠠᠭ᠎ᠠ ᠶᠢᠨ ᠬᠤᠯᠪᠣᠭᠳᠠᠯ ᠪᠥᠬᠦᠶ ᠵᠦᠢᠯᠡᠰ ᠢ ᠲᠤᠰᠬᠠᠶ ᠰᠡᠳᠦᠪ ᠢᠶᠠᠷ ᠲᠣᠬᠢᠷᠠᠭᠤᠯᠪᠠ
ᠨᠡᠶᠢᠲᠡᠯᠡᠭᠰᠡᠨ ᠴᠠᠭ᠄
2024/7/24
    7 ᠰᠠᠷ᠎ᠠ ᠶᠢᠨ 22 ᠤᠨ ᠡᠳᠤᠷ᠂ ᠳ᠋ᠥᠡᠭᠱᠸᠡᠭ ᠲᠤᠭᠤᠷᠢᠭ ᠤᠨ ᠨᠠᠮ ᠤᠨ ᠬᠤᠷᠢᠶ᠎ᠠ ᠶᠢᠨ ᠲᠡᠳ᠋ ᠱᠦᠵᠢ᠂ ᠲᠤᠭᠤᠷᠢᠭ ᠤᠨ ᠲᠠᠷᠤᠭ᠎ᠠ ᠬᠠᠨ ᠲᠤᠤ ᠲᠤᠰᠬᠠᠢ ᠰᠡᠳᠦᠪᠳᠤ ᠬᠤᠷᠠᠯ ᠢ ᠡᠷᠭᠢᠯᠡᠨ ᠬᠤᠷᠠᠯᠳᠤᠭᠤᠯᠵᠤ᠂ ᠤᠷᠤᠨ ᠰᠠᠭᠤᠴᠠ ᠪᠠ ᠬᠤᠲᠠ ᠬᠥᠳᠡᠭᠡ ᠶᠢᠨ ᠪᠦᠳᠦᠭᠡᠨ ᠪᠠᠶᠢᠭᠤᠯᠤᠯᠳᠠ ᠠᠮᠢ ᠠᠬᠤᠢ ᠤᠷᠴᠢᠨ ᠲᠤᠭᠤᠷᠢᠨ ᠤ ᠬᠦᠷᠢᠶᠡᠨ ᠳᠠᠬᠢ ᠬᠠᠤᠯᠢ ᠠᠴᠠ ᠵᠦᠷᠢᠴᠡᠭᠰᠡᠨ ᠠᠰᠠᠭᠤᠳᠠᠯ ᠢ ᠲᠦᠪᠯᠡᠷᠡᠭᠦᠯᠦᠨ ᠴᠡᠭᠴᠡᠯᠡᠨ ᠵᠠᠰᠠᠬᠤ ᠲᠤᠰᠬᠠᠢ ᠲᠦᠷᠦᠯ ᠤᠨ ᠠᠵᠢᠯᠯᠠᠭ᠎ᠠ ᠶᠢᠨ ᠬᠤᠯᠪᠤᠬᠳᠠᠯ ᠪᠦᠭᠦᠢ ᠤᠴᠢᠷ ᠶᠠᠪᠤᠳᠠᠯ ᠢ ᠲᠤᠰᠬᠠᠢ ᠰᠡᠳᠤᠪ ᠢᠶᠠᠷ ᠲᠤᠭᠢᠷᠠᠭᠤᠯᠵᠤ᠂ ᠬᠤᠯᠪᠤᠬᠳᠠᠯ ᠪᠦᠭᠦᠢ ᠠᠵᠢᠯ ᠤᠨ ᠪᠠᠶᠢᠳᠠᠯ ᠤᠨ ᠬᠠᠷᠢᠭᠤ ᠮᠡᠳᠡᠭᠦᠯᠦᠯᠳᠡ ᠶᠢ ᠰᠤᠨᠤᠰᠴᠤ᠂ ᠬᠠᠮᠢᠶ᠎ᠠ ᠪᠦᠭᠦᠢ ᠠᠵᠢᠯ ᠢ ᠪᠠᠶᠢᠷᠢᠯᠠᠭᠤᠯᠤᠨ ᠲᠤᠭᠢᠷᠠᠭᠤᠯᠪᠠ᠃     ᠬᠤᠷᠠᠯ ᠠᠴᠠ᠂ ᠲᠤᠰ ᠤᠳᠠᠭ᠎ᠠ ᠶᠢᠨ ᠲᠥᠪᠯᠡᠷᠡᠭᠦᠯᠦᠨ ᠴᠡᠭᠴᠡᠯᠡᠨ ᠵᠠᠰᠠᠬᠤ ᠲᠤᠰᠬᠠᠢ ᠠᠵᠢᠯᠯᠠᠭ᠎ᠠ ᠪᠣᠯ ᠨᠢᠬᠡᠨ ᠵᠦᠢᠯ ᠤᠨ ᠴᠢᠬᠤᠯᠠ ᠤᠯᠤᠰ ᠲᠦᠷᠦ ᠶᠢᠨ ᠡᠭᠦᠷᠭᠡ ᠪᠣᠯᠤᠨ᠎ᠠ᠂ ᠡᠯ᠎ᠡ ᠰᠠᠯᠠᠭ᠎ᠠ ᠮᠥᠴᠢᠷ ᠡᠯ᠎ᠡ ᠨᠢᠭᠡᠴᠡ ᠶᠢᠨ ᠬᠢᠨ ᠤᠯᠤᠰ ᠲᠦᠷᠦ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠲᠥᠪᠯᠡᠷᠡᠭᠦᠯᠦᠨ ᠴᠡᠭᠴᠡᠯᠡᠨ ᠵᠠᠰᠠᠬᠤ ᠲᠤᠰᠬᠠᠢ ᠠᠵᠢᠯᠯᠠᠭ᠎ᠠ ᠥᠷᠨᠢᠭᠦᠯᠬᠦ ᠶᠢᠨ ᠴᠢᠬᠤᠯᠠ ᠠᠴᠢ ᠬᠤᠯᠪᠣᠭᠳᠠᠯ ᠢ ᠭᠦᠢᠴᠡᠳ ᠲᠠᠨᠢᠵᠤ᠂ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠵᠤ᠂ ᠬᠠᠷᠢᠭᠤᠴᠠᠯᠭ᠎ᠠ ᠶᠢᠨ ᠨᠠᠶᠢᠳᠠᠪᠤᠷᠢᠵᠢᠭᠤᠯᠤᠯᠲᠠ ᠶᠢ ᠴᠢᠩᠭᠠᠳᠬᠠᠵᠤ᠂ ᠥᠪᠡᠷᠲᠡᠭᠡᠨ ᠵᠠᠰᠠᠬᠤ ᠣᠷᠣᠨ ᠪᠣᠯᠤᠨ ᠬᠤᠳᠠ ᠶᠢᠨ ᠱᠠᠲᠤᠨ ᠳᠤ ᠲᠣᠳᠣᠷᠬᠠᠶᠢᠯᠠᠭᠰᠠᠨ ᠭᠤᠣᠯᠳᠠᠯᠭ᠎ᠠ ᠲᠠᠢ ᠡᠭᠦᠷᠭᠡ᠂ ᠴᠠᠭ ᠬᠤᠭᠤᠴᠠᠭ᠎ᠠ ᠶᠢᠨ ᠵᠠᠩᠭᠢᠯᠠᠭ᠎ᠠ ᠶᠢᠨ ᠴᠢᠭ ᠶᠣᠰᠣᠭᠠᠷ᠂ ᠭᠤᠣᠯᠳᠠᠯᠭ᠎ᠠ ᠲᠠᠢ ᠬᠦᠷᠢᠶ᠎ᠡ᠂ ᠭᠤᠣᠯᠳᠠᠯᠭ᠎ᠠ ᠲᠠᠢ ᠡᠭᠦᠷᠭᠡ ᠳᠤ ᠠᠩᠬᠠᠷᠤᠯ ᠢᠶᠠᠨ ᠲᠥᠪᠯᠡᠷᠡᠭᠦᠯᠦᠨ ᠬᠦᠴᠦᠯᠡᠵᠦ᠂ ᠤᠯᠠᠨ ᠰᠠᠯᠠᠭ᠎ᠠ ᠮᠥᠴᠢᠷ ᠤᠨ ᠬᠤᠯᠪᠣᠭᠠᠯᠠᠯ ᠢ ᠭᠦᠨᠵᠡᠭᠡᠶᠢᠷᠡᠭᠦᠯᠵᠦ᠂ ᠪᠣᠭᠤᠮᠲᠠ ᠰᠢᠪᠲᠤᠯᠬᠤ ᠬᠠᠮᠲᠤᠷᠠᠯ ᠤᠨ ᠬᠦᠴᠦᠨ ᠢ ᠪᠦᠷᠢᠯᠳᠦᠭᠦᠯᠬᠦ ᠶᠢ ᠠᠬᠢᠭᠤᠯᠵᠤ᠂ ᠡᠯ᠎ᠡ ᠵᠦᠢᠯ ᠤᠨ ᠲᠤᠰᠬᠠᠢ ᠴᠡᠭᠴᠡᠯᠡᠨ ᠵᠠᠰᠠᠬᠤ ᠠᠵᠢᠯ ᠢ ᠥᠨᠳᠥᠷ ᠪᠠᠷᠢᠮᠵᠢᠶ᠎ᠠ ᠪᠠᠷ᠂ ᠴᠢᠨᠠᠷ ᠰᠠᠶᠢᠲᠠᠢ ᠪᠡᠶᠡᠯᠡᠭᠦᠯᠬᠦ ᠬᠡᠷᠡᠭᠲᠡᠢ᠃ ᠠᠵᠢᠯ ᠤᠨ ᠠᠷᠭ᠎ᠠ ᠬᠡᠮᠵᠢᠶ᠎ᠡ ᠪᠠᠨ ᠨᠠᠷᠢᠯᠢᠭᠵᠢᠭᠤᠯᠵᠤ᠂ ᠭᠤᠤᠯᠳᠠᠯᠭ᠎ᠠ ᠲᠠᠢ ᠭᠤᠭᠴᠤᠭ᠎ᠠ ᠶᠢ ᠡᠵᠡᠮᠳᠡᠵᠦ᠂ ᠴᠡᠭᠴᠡᠯᠡᠨ ᠵᠠᠰᠠᠬᠤ ᠠᠬᠢᠴᠠ ᠪᠠᠨ ᠲᠦᠷᠭᠡᠳᠬᠡᠵᠦ᠂ ᠥᠩᠭᠡᠨ ᠲᠠᠯ᠎ᠠ ᠪᠠ ᠦᠨᠳᠦᠰᠦ ᠰᠤᠷᠪᠤᠯᠵᠢ ᠶᠢ ᠵᠡᠷᠭᠡ ᠪᠠᠷ ᠵᠠᠰᠠᠬᠤ ᠶᠢ ᠪᠠᠷᠢᠮᠲᠠᠯᠠᠵᠤ᠂ ᠪᠠᠷᠢᠨ ᠮᠡᠳᠡᠵᠦ ᠪᠠᠷᠢᠨ ᠰᠠᠶᠢᠵᠢᠷᠠᠭᠤᠯᠵᠤ᠂ ᠪᠠᠷᠢᠨ ᠬᠡᠷᠡᠭᠵᠢᠭᠦᠯᠵᠦ ᠪᠠᠷᠢᠨ ᠰᠠᠶᠢᠵᠢᠷᠠᠭᠤᠯᠵᠤ᠂ ᠪᠦᠬᠦ ᠶᠠᠪᠤᠴᠠ ᠳᠤ ᠴᠡᠭᠴᠡᠯᠡᠨ ᠵᠠᠰᠠᠬᠤ ᠶᠢ ᠠᠩᠬᠠᠷᠴᠤ᠂ ᠡᠯ᠎ᠡ ᠵᠦᠢᠯ ᠤᠨ ᠴᠡᠭᠴᠡᠯᠡᠨ ᠵᠠᠰᠠᠬᠤ ᠡᠭᠦᠷᠭᠡ ᠶᠢ ᠪᠣᠳᠠᠲᠠᠶ ᠳᠤ ᠨᠠᠶᠢᠳᠠᠪᠤᠷᠢᠵᠢᠭᠤᠯᠬᠤ ᠶᠢ ᠪᠠᠲᠤᠯᠠᠬᠤ ᠬᠡᠷᠡᠭᠲᠡᠶ᠃ ᠨᠢᠭᠡᠳᠦᠯᠲᠡᠢ ᠲᠥᠯᠥᠪᠵᠢᠭᠦᠯᠦᠨ ᠵᠣᠬᠢᠴᠠᠭᠤᠯᠤᠨ ᠲᠤᠬᠢᠷᠠᠭᠤᠯᠬᠤ ᠠᠵᠢᠯ ᠤᠨ ᠲᠣᠭᠲᠠᠴᠠ ᠶᠢ ᠪᠦᠷᠢᠨᠰᠢᠬᠦᠯᠦᠨ ᠲᠡᠭᠦᠯᠳᠡᠷᠵᠢᠭᠦᠯᠵᠦ᠂ ︽ᠰᠢᠢᠳᠪᠤᠷᠢᠯᠡᠬᠦ ᠰᠡᠳᠬᠢᠬᠦᠢ︾ ᠪᠠᠨ ᠴᠢᠩᠭᠠᠳᠬᠠᠵᠤ᠂ ᠴᠡᠭᠴᠡᠯᠡᠨ ᠵᠠᠰᠠᠵᠤ ᠴᠡᠭᠴᠡᠯᠡᠨ ᠰᠠᠶᠢᠵᠢᠷᠠᠭᠤᠯᠬᠤ ᠶᠢ ᠡᠷᠡᠰ ᠬᠦᠴᠦᠲᠡᠢ ᠰᠠᠶᠢᠲᠤᠷ ᠠᠳᠬᠤᠵᠤ᠂ ᠪᠠᠶᠢᠩᠭᠤᠵᠢᠭᠰᠠᠨ ᠬᠢᠨᠠᠯᠲᠠ ᠲᠠᠯᠪᠢᠵᠤ ᠬᠠᠤᠯᠢ ᠬᠡᠷᠡᠭᠵᠢᠭᠦᠯᠬᠦ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ᠂ ᠲᠥᠪᠯᠡᠷᠡᠭᠦᠯᠦᠨ ᠴᠡᠭᠴᠡᠯᠡᠨ ᠵᠠᠰᠠᠬᠤ ᠲᠤᠰᠬᠠᠢ ᠠᠵᠢᠯᠯᠠᠭ᠎ᠠ ᠶᠢᠨ ᠪᠣᠳᠠᠲᠤ ᠦᠷ᠎ᠡ ᠪᠦᠲᠦᠮᠵᠢ ᠤᠯᠬᠤ ᠶᠢ ᠦᠨᠡᠨᠬᠦ ᠠᠬᠢᠭᠤᠯᠬᠤ ᠬᠡᠷᠡᠭᠲᠡᠢ ᠬᠡᠵᠤ ᠴᠢᠬᠤᠯᠠᠴᠢᠯᠠᠪᠠ᠃    ᠲᠣᠭᠤᠷᠢᠭ ᠤᠨ ᠤᠳᠤᠷᠢᠳᠤᠯᠭ᠎ᠠ ᠳ᠋ᠦ᠋ ᠵᠢᠤᠸᠠᠨ᠂ ᠵᠠᠩ ᠪᠢᠩ᠂ ᠸᠠᠩ ᡁᠢ᠂ ᠵᠠᠩ ᠵᠢᠶᠠᠨ ᠬᠦᠩ᠂ ᠸᠠᠩ ᠱᠧᠩ ᠷᠦᠩ ᠵᠢᠴᠢ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠳᠠᠳ ᠬᠤᠷᠠᠯ ᠳᠤ ᠣᠷᠣᠯᠴᠠᠪᠠ᠃
ᠢᠷᠡᠯᠲᠡ᠄ ᠳ᠋ᠦᠩᠱᠧᠩ ᠳᠤᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ