ᠡᠨᠡ ᠵᠢᠯ ᠠᠴᠠ ᠨᠠᠰᠢ᠂ ᠳ᠋ᠦᠩᠱᠧᠩ ᠲᠣᠭᠤᠷᠢᠭ ᠬᠤᠶᠠᠷ ᠶᠡᠭᠡ ᠶᠠᠪᠤᠳᠠᠯ ᠢ ᠪᠦᠬᠦ ᠬᠦᠴᠦᠨ ᠢᠶᠠᠷ ᠰᠠᠶᠢᠲᠤᠷ ᠬᠢᠵᠦ᠂ ᠥᠪᠡᠷᠲᠡᠭᠡᠨ ᠵᠠᠰᠠᠬᠤ ᠣᠷᠣᠨ ᠤ | ︽ᠵᠢᠷᠭᠤᠭᠠᠨ ᠢᠨᠵᠧᠨᠧᠷᠢᠩ︾ ᠪᠣᠯᠣᠨ ᠣᠷᠳᠣᠰ ᠬᠤᠳᠠ ᠶᠢᠨ ︽ᠭᠤᠷᠪᠠᠨ ᠳᠥᠷᠪᠡ︾ ᠶᠢᠨ ᠬᠠᠷᠠᠯᠲᠠᠲᠤ ᠡᠭᠦᠷᠭᠡ ᠶᠢ ᠨᠠᠶᠢᠳᠠᠪᠤᠷᠢᠵᠢᠭᠤᠯᠤᠨ᠂ ᠳ᠋ᠦᠩᠱᠧᠩ | ᠲᠣᠭᠤᠷᠢᠭ ᠤᠨ ︽ᠭᠤᠷᠪᠠᠨ ᠲᠤᠭᠤᠷᠢᠭ ᠲᠦᠷᠪᠡᠨ ᠬᠤᠳᠠ︾ ᠶᠢᠨ ᠪᠦᠲᠦᠭᠡᠨ ᠪᠠᠶᠢᠭᠤᠯᠤᠯᠲᠠ ᠶᠢ ᠢᠳᠡᠪᠬᠢᠲᠡᠢ ᠠᠬᠢᠭᠤᠯᠵᠤ᠂ ᠴᠢᠨᠠᠷ ᠰᠠᠶᠢᠲᠠᠢ ᠬᠥᠭᠵᠢᠯᠲᠡ | ᠪᠣᠯᠣᠨ ᠠᠷᠠᠳ ᠤᠨ ᠠᠮᠢᠳᠤᠷᠠᠯ ᠢ ᠰᠠᠶᠢᠵᠢᠷᠠᠭᠤᠯᠬᠤ ᠳᠤ ᠬᠤᠯᠪᠣᠭᠳᠠᠬᠤ ᠭᠤᠣᠯᠳᠠᠯᠭ᠎ᠠ ᠲᠠᠢ ᠡᠭᠦᠷᠭᠡ ᠶᠢ ᠪᠦᠬᠦ ᠬᠦᠴᠦᠨ ᠢᠶᠠᠷ ᠰᠠᠶᠢᠲᠤᠷ ᠠᠳᠬᠤᠨ᠂ ᠳᠡᠭᠡᠷ᠎ᠡ | ᠬᠠᠭᠠᠰ ᠵᠢᠯ ᠳᠤ᠂ ᠠᠵᠤ ᠠᠬᠤᠢ ᠶᠢᠨ ᠠᠵᠢᠯᠯᠠᠭᠠᠨ ᠳᠤ ᠲᠣᠭᠲᠠᠭᠤᠨ ᠤ ᠳᠤᠮᠳᠠ ᠤᠷᠤᠭᠰᠢᠯᠠᠨ ᠳᠠᠪᠰᠢᠬᠤ᠂ ᠬᠦᠴᠦᠯᠡᠨ ᠰᠠᠶᠢᠵᠢᠷᠠᠬᠤ ᠬᠥᠭᠵᠢᠯᠲᠡ ᠶᠢᠨ ᠪᠠᠶᠢᠳᠠᠯ | ᠢᠯᠡᠷᠡᠪᠡ᠃ | ᠨᠢᠭᠡ᠂ ᠬᠤᠲᠠ ᠪᠠᠯᠭᠠᠰᠤᠨ ᠤ ᠰᠠᠭᠤᠭᠠᠯᠢ ᠠᠷᠠᠳ ᠤᠨ ᠣᠷᠣᠯᠭ᠎ᠠ ᠲᠣᠭᠲᠠᠭᠤᠨ ᠢᠶᠠᠷ ᠨᠡᠮᠡᠭᠳᠡᠪᠡ | ︵ᠨᠢᠭᠡ︶ ᠬᠤᠲᠠ ᠪᠠᠯᠭᠠᠰᠤᠨ ᠤ ᠰᠠᠭᠤᠭᠠᠯᠢ ᠠᠷᠠᠳ ᠤᠨ ᠣᠷᠣᠯᠭ᠎ᠠ ᠶᠢᠨ ᠨᠡᠮᠡᠭᠳᠡᠯ ᠤᠨ ᠬᠤᠷᠳᠤᠴᠠ ᠨᠢ ᠳᠡᠭᠡᠷ᠎ᠡ ᠵᠢᠯ ᠤᠨ ᠬᠢ ᠲᠠᠢ ᠠᠳᠠᠯᠢ ᠪᠣᠯᠪᠠ | 2024 ᠣᠨ ᠤ ᠳᠡᠭᠡᠷ᠎ᠡ ᠬᠠᠭᠠᠰ ᠵᠢᠯ ᠳᠤ᠂ ᠳ᠋ᠦᠩᠱᠧᠩ ᠲᠣᠭᠤᠷᠢᠭ ᠤᠨ ᠬᠤᠲᠠ ᠪᠠᠯᠭᠠᠰᠤᠨ ᠤ ᠪᠠᠶᠢᠩᠭᠤ ᠰᠠᠭᠤᠭ᠎ᠠ ᠰᠠᠭᠤᠭᠠᠯᠢ ᠠᠷᠠᠳ ᠤᠨ ᠬᠥᠮᠦᠨ | ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ 31660 ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 4.3% ᠪᠠᠷ ᠨᠡᠮᠡᠭᠳᠡᠨ᠂ ᠲᠦᠷᠦᠭᠦᠤ | ᠵᠢᠯ ᠤᠨ ᠬᠢ ᠲᠠᠢ ᠲᠡᠩᠴᠡᠵᠡᠶ᠃ | ︵ᠬᠤᠶᠠᠷ︶ ᠳ᠋ᠦᠩᠱᠧᠩ ᠲᠣᠭᠤᠷᠢᠭ ᠤᠨ ᠬᠤᠲᠠ ᠪᠠᠯᠭᠠᠰᠤᠨ ᠤ ᠰᠠᠭᠤᠭᠠᠯᠢ ᠠᠷᠠᠳ ᠤᠨ ᠣᠷᠣᠯᠭ᠎ᠠ ᠶᠢ ᠪᠥᠬᠦ ᠤᠯᠤᠰ᠂ ᠥᠪᠡᠷᠲᠡᠭᠡᠨ ᠵᠠᠰᠠᠬᠤ ᠣᠷᠣᠨ᠂ | ᠪᠥᠬᠦ ᠬᠤᠲᠠ ᠯᠤᠭ᠎ᠠ ᠬᠠᠷᠢᠴᠠᠭᠤᠯᠤᠭᠰᠠᠨ ᠪᠠᠶᠢᠳᠠᠯ | 2024 ᠣᠨ ᠤ ᠳᠡᠭᠡᠷ᠎ᠡ ᠬᠠᠭᠠᠰ ᠵᠢᠯ ᠳᠤ᠂ ᠳ᠋ᠦᠩᠱᠧᠩ ᠲᠣᠭᠤᠷᠢᠭ ᠤᠨ ᠬᠤᠲᠠ ᠪᠠᠯᠭᠠᠰᠤᠨ ᠤ ᠪᠠᠶᠢᠩᠭᠤ ᠰᠠᠭᠤᠭ᠎ᠠ ᠰᠠᠭᠤᠭᠠᠯᠢ ᠠᠷᠠᠳ ᠤᠨ ᠬᠥᠮᠦᠨ | ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ 31660 ᠲᠥᠭᠦᠷᠢᠭ ᠲᠤ ᠬᠦᠷᠴᠦ᠂ ᠪᠥᠬᠦ ᠤᠯᠤᠰ ᠤᠨ ᠳᠤᠮᠳᠠᠴᠢ ᠬᠢᠷᠢ ᠲᠦᠪᠰᠢᠨ ᠠᠴᠠ 4099 ᠲᠥᠭᠦᠷᠢᠭ | ᠥᠨᠳᠥᠷ ᠪᠣᠯᠵᠣ᠂ ᠥᠪᠡᠷᠲᠡᠭᠡᠨ ᠵᠠᠰᠠᠬᠤ ᠣᠷᠣᠨ ᠤ ᠳᠤᠮᠳᠠᠴᠢ ᠬᠢᠷᠢ ᠲᠦᠪᠰᠢᠨ ᠠᠴᠠ 6287 ᠲᠥᠭᠦᠷᠢᠭ ᠥᠨᠳᠥᠷ ᠪᠣᠯᠵᠣ᠂ ᠪᠥᠬᠦ ᠬᠤᠲᠠ ᠶᠢᠨ ᠳᠤᠮᠳᠠᠴᠢ | ᠬᠢᠷᠢ ᠲᠦᠪᠰᠢᠨ ᠠᠴᠠ 1156 ᠲᠥᠭᠦᠷᠢᠭ ᠥᠨᠳᠥᠷ ᠪᠣᠯᠪᠠ︔ ᠠᠳᠠᠯᠢ ᠬᠤᠭᠤᠴᠠᠭᠠᠨ ᠤ ᠬᠢ ᠠᠴᠠ 4.3% ᠪᠠᠷ ᠨᠡᠮᠡᠭᠳᠡᠵᠦ᠂ ᠨᠡᠮᠡᠭᠳᠡᠯ ᠤᠨ ᠬᠤᠷᠳᠤᠴᠠ ᠨᠢ | ᠪᠥᠬᠦ ᠤᠯᠤᠰ ᠤᠨ ᠬᠢ ᠠᠴᠠ 0.3 ᠵᠠᠭᠤᠨ ᠤ ᠬᠤᠪᠢ ᠳᠣᠣᠷ᠎ᠠ ᠪᠠᠶᠢᠵᠤ᠂ ᠥᠪᠡᠷᠲᠡᠭᠡᠨ ᠵᠠᠰᠠᠬᠤ ᠣᠷᠣᠨ ᠪᠠ ᠪᠥᠬᠦ ᠬᠤᠲᠠ ᠶᠢᠨ ᠬᠢ ᠠᠴᠠ 0.1 ᠵᠠᠭᠤᠨ ᠤ | ᠬᠤᠪᠢ ᠥᠨᠳᠥᠷ ᠪᠣᠯᠵᠠᠢ᠃ | ︵ᠭᠤᠷᠪᠠ︶ ᠳᠦᠷᠪᠡᠨ ᠵᠦᠢᠯ ᠤᠨ ᠣᠷᠣᠯᠭ᠎ᠠ ᠲᠣᠭᠲᠠᠭᠤᠨ ᠢᠶᠠᠷ ᠨᠡᠮᠡᠭᠳᠡᠪᠡ | ᠣᠷᠣᠯᠭ᠎ᠠ ᠶᠢᠨ ᠪᠦᠲᠦᠴᠡ ᠠᠴᠠ ᠦᠵᠡᠪᠡᠯ᠂ ᠴᠠᠯᠢᠩ ᠤᠨ ᠴᠢᠨᠠᠷᠲᠠᠶ ᠣᠷᠣᠯᠭ᠎ᠠ 21133 ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ | 4.6% ᠪᠠᠷ ᠨᠡᠮᠡᠭᠳᠡᠨ᠂ ᠡᠵᠡᠮᠳᠡᠵᠦ ᠪᠣᠯᠬᠤ ᠣᠷᠣᠯᠭ᠎ᠠ ᠶᠢᠨ 66.7% ᠶᠢ ᠡᠵᠡᠯᠡᠵᠦ᠂ ᠨᠡᠮᠡᠭᠳᠡᠯ ᠤᠨ ᠬᠡᠮᠵᠢᠶ᠎ᠡ ᠨᠢ ᠳᠡᠭᠡᠷ᠎ᠡ ᠵᠢᠯ ᠤᠨ ᠠᠳᠠᠯᠢ | ᠬᠤᠭᠤᠴᠠᠭᠠᠨ ᠤ ᠬᠢ ᠠᠴᠠ 1.3 ᠵᠠᠭᠤᠨ ᠤ ᠬᠤᠪᠢ ᠳᠡᠭᠡᠭᠰᠢᠯᠡᠪᠡ︔ ᠡᠵᠡᠩᠨᠡᠯᠲᠡ ᠶᠢᠨ ᠴᠡᠪᠡᠷ ᠣᠷᠣᠯᠭ᠎ᠠ 5135 ᠲᠥᠭᠦᠷᠢᠭ ᠲᠤ ᠬᠦᠷᠴᠦ᠂ ᠠᠳᠠᠯᠢ | ᠬᠤᠭᠤᠴᠠᠭᠠᠨ ᠤ ᠬᠢ ᠠᠴᠠ 3.7% ᠪᠠᠷ ᠨᠡᠮᠡᠭᠳᠡᠨ᠂ ᠡᠵᠡᠮᠳᠡᠵᠦ ᠪᠣᠯᠬᠤ ᠣᠷᠣᠯᠭ᠎ᠠ ᠶᠢᠨ 16.2% ᠢ ᠡᠵᠡᠯᠡᠪᠡ︔ ᠡᠳ᠋ ᠬᠥᠷᠥᠩᠭᠡ ᠶᠢᠨ ᠴᠡᠪᠡᠷ ᠣᠷᠣᠯᠭ᠎ᠠ | 2258 ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 5.2% ᠢᠶᠠᠷ ᠨᠡᠮᠡᠭᠳᠡᠵᠦ᠂ ᠡᠵᠡᠮᠳᠡᠵᠦ ᠪᠣᠯᠬᠤ ᠣᠷᠣᠯᠭ᠎ᠠ ᠶᠢᠨ 7.2% ᠢ ᠡᠵᠡᠯᠡᠪᠡ︔ | ᠰᠢᠯᠵᠢᠭᠦᠯᠦᠭᠰᠡᠨ ᠴᠡᠪᠡᠷ ᠣᠷᠣᠯᠭ᠎ᠠ 3134 ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 2.5% ᠪᠠᠷ ᠨᠡᠮᠡᠭᠳᠡᠨ᠂ ᠡᠵᠡᠮᠳᠡᠵᠦ ᠪᠣᠯᠬᠤ | ᠣᠷᠣᠯᠭ᠎ᠠ ᠶᠢᠨ 9.9% ᠶᠢ ᠡᠵᠡᠯᠡᠪᠡ᠃ | ︵ᠳᠥᠷᠪᠡ︶ ᠨᠠᠢᠮᠠᠨ ᠵᠦᠢᠯ ᠤᠨ ᠵᠠᠷᠤᠯᠭ᠎ᠠ ᠶᠢᠨ ᠲᠠᠯᠳᠠ ᠬᠦᠴᠦᠨ ᠢ ᠠᠯᠬᠤᠮ ᠠᠯᠬᠤᠮ ᠢᠶᠠᠷ ᠪᠠᠳᠠᠷᠠᠭᠤᠯᠪᠠ | 2024 ᠣᠨ ᠤ ᠳᠡᠭᠡᠷ᠎ᠡ ᠬᠠᠭᠠᠰ ᠵᠢᠯ ᠳᠤ᠂ ᠬᠤᠲᠠ ᠪᠠᠯᠭᠠᠰᠤᠨ ᠤ ᠪᠠᠶᠢᠩᠭᠤ ᠰᠠᠭᠤᠭ᠎ᠠ ᠰᠠᠭᠤᠭᠠᠯᠢ ᠠᠷᠠᠳ ᠤᠨ ᠬᠥᠮᠥᠨ ᠳᠤᠮᠳᠠᠴᠢ ᠶᠢᠨ ᠬᠡᠷᠡᠭᠯᠡᠭᠡᠨ ᠤ | ᠴᠢᠨᠠᠷᠲᠠᠢ ᠵᠠᠷᠤᠯᠭ᠎ᠠ 22758 ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 8.0% ᠪᠠᠷ ᠨᠡᠮᠡᠭᠳᠡᠪᠡ᠃ | ᠨᠠᠢᠮᠠᠨ ᠵᠦᠢᠯ ᠤᠨ ᠵᠠᠷᠤᠯᠭ᠎ᠠ ᠠᠴᠠ ᠦᠵᠡᠪᠡᠯ᠂ ᠢᠳᠡᠭᠡᠨ ᠤ ᠵᠦᠢᠯ ᠪᠠ ᠠᠷᠢᠬᠢ ᠲᠠᠮᠠᠬᠢ 6882 ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ | ᠬᠢ ᠠᠴᠠ 8.1% ᠪᠠᠷ ᠨᠡᠮᠡᠭᠳᠡᠨ᠂ ᠬᠡᠷᠡᠭᠯᠡᠭᠡᠨ ᠤ ᠴᠢᠨᠠᠷᠲᠠᠢ ᠵᠠᠷᠤᠯᠭ᠎ᠠ ᠶᠢᠨ 30.2% ᠢ ᠡᠵᠡᠯᠡᠪᠡ︔ ᠬᠤᠪᠴᠠᠰᠤ ᠬᠤᠨᠠᠷ 2726 ᠲᠥᠭᠦᠷᠢᠭ ᠲᠤ ᠬᠦᠷᠴᠦ᠂ | ᠠᠳᠠᠯᠢ ᠬᠤᠭᠤᠴᠠᠭᠠᠨ ᠤ ᠬᠢ ᠠᠴᠠ 7.5% ᠪᠠᠷ ᠨᠡᠮᠡᠭᠳᠡᠵᠦ᠂ ᠬᠡᠷᠡᠭᠯᠡᠭᠡᠨ ᠤ ᠴᠢᠨᠠᠷᠲᠠᠢ ᠵᠠᠷᠤᠯᠭ᠎ᠠ ᠶᠢᠨ 12% ᠢ ᠡᠵᠡᠯᠡᠪᠡ︔ ᠣᠷᠣᠨ ᠰᠠᠭᠤᠴᠠ ᠶᠢᠨ ᠵᠠᠷᠤᠯᠭ᠎ᠠ | 1573 ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 6.9% ᠪᠠᠷ ᠨᠡᠮᠡᠭᠳᠡᠵᠦ᠂ ᠬᠡᠷᠡᠭᠯᠡᠭᠡᠨ ᠤ ᠴᠢᠨᠠᠷᠲᠠᠢ ᠵᠠᠷᠤᠯᠭ᠎ᠠ ᠶᠢᠨ 6.9% ᠶᠢ | ᠡᠵᠡᠯᠡᠪᠡ︔ ᠠᠮᠢᠳᠤᠷᠠᠯ ᠤᠨ ᠬᠡᠷᠡᠭᠰᠡᠯ ᠵᠢᠴᠢ ᠦᠢᠯᠡᠴᠢᠯᠡᠭᠡ 1414 ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 8.6% ᠪᠠᠷ ᠨᠡᠮᠡᠭᠳᠡᠨ᠂ | ᠬᠡᠷᠡᠭᠯᠡᠭᠡᠨ ᠤ ᠴᠢᠨᠠᠷᠲᠠᠢ ᠵᠠᠷᠤᠯᠭ᠎ᠠ ᠶᠢᠨ 6.2% ᠢ ᠡᠵᠡᠯᠡᠪᠡ︔ ᠵᠠᠮ ᠬᠠᠷᠢᠯᠴᠠᠭ᠎ᠠ ᠴᠢᠮᠡᠭᠡ ᠬᠤᠯᠪᠣᠭ᠎ᠠ 4388 ᠲᠥᠭᠦᠷᠢᠭ ᠲᠤ ᠬᠦᠷᠴᠦ᠂ ᠠᠳᠠᠯᠢ | ᠬᠤᠭᠤᠴᠠᠭᠠᠨ ᠤ ᠬᠢ ᠠᠴᠠ 9.8% ᠪᠠᠷ ᠨᠡᠮᠡᠭᠳᠡᠨ᠂ ᠬᠡᠷᠡᠭᠯᠡᠭᠡᠨ ᠤ ᠴᠢᠨᠠᠷᠲᠠᠢ ᠵᠠᠷᠤᠯᠭ᠎ᠠ ᠶᠢᠨ 19.3% ᠶᠢ ᠡᠵᠡᠯᠡᠪᠡ︔ ᠰᠤᠷᠭᠠᠨ ᠬᠥᠮᠦᠵᠢᠯ ᠰᠣᠶᠣᠯ | ᠴᠡᠩᠭᠡᠯ ᠤᠨ ᠦᠢᠯᠡᠴᠢᠯᠡᠭᠡ 3535 ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 6.7% ᠪᠠᠷ ᠨᠡᠮᠡᠭᠳᠡᠨ᠂ ᠬᠡᠷᠡᠭᠯᠡᠭᠡᠨ ᠤ ᠴᠢᠨᠠᠷᠲᠠᠢ | ᠵᠠᠷᠤᠯᠭ᠎ᠠ ᠶᠢᠨ 15.5% ᠶᠢ ᠡᠵᠡᠯᠡᠪᠡ︔ ᠡᠮᠴᠢᠯᠡᠭᠡ ᠡᠷᠡᠭᠦᠯᠵᠢᠯ 1602 ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 6.2% ᠢᠶᠠᠷ | ᠨᠡᠮᠡᠭᠳᠡᠨ᠂ ᠬᠡᠷᠡᠭᠯᠡᠭᠡᠨ ᠤ ᠴᠢᠨᠠᠷᠲᠠᠢ ᠵᠠᠷᠤᠯᠭ᠎ᠠ ᠶᠢᠨ 7.1% ᠶᠢ ᠡᠵᠡᠯᠡᠪᠡ︔ ᠪᠤᠰᠤᠳ ᠬᠡᠷᠡᠭᠯᠡᠭᠡᠨ ᠤ ᠵᠦᠢᠯ ᠪᠠ ᠦᠢᠯᠡᠴᠢᠯᠡᠭᠡ 638 ᠲᠥᠭᠦᠷᠢᠭ ᠲᠤ ᠬᠦᠷᠴᠦ᠂ | ᠠᠳᠠᠯᠢ ᠬᠤᠭᠤᠴᠠᠭᠠᠨ ᠤ ᠬᠢ ᠠᠴᠠ 10.4% ᠪᠠᠷ ᠨᠡᠮᠡᠭᠳᠡᠨ᠂ ᠬᠡᠷᠡᠭᠯᠡᠭᠡᠨ ᠤ ᠴᠢᠨᠠᠷᠲᠠᠢ ᠵᠠᠷᠤᠯᠭ᠎ᠠ ᠶᠢᠨ 2.8% ᠶᠢ ᠡᠵᠡᠯᠡᠪᠡ᠃ | ᠬᠤᠶᠠᠷ᠂ ᠬᠤᠲᠠ ᠪᠠᠯᠭᠠᠰᠤᠨ ᠤ ᠰᠠᠭᠤᠭᠠᠯᠢ ᠠᠷᠠᠳ ᠤᠨ ᠣᠷᠣᠯᠭ᠎ᠠ ᠶᠢᠨ ᠨᠡᠮᠡᠭᠳᠡᠯ ᠳᠤ ᠣᠷᠣᠰᠢᠵᠤ ᠪᠠᠶᠢᠭ᠎ᠠ ᠠᠰᠠᠭᠤᠳᠠᠯ | ᠴᠠᠯᠢᠩ ᠤᠨ ᠴᠢᠨᠠᠷᠲᠠᠶ ᠣᠷᠣᠯᠭ᠎ᠠ ᠶᠢᠨ ᠡᠵᠡᠮᠳᠡᠵᠦ ᠪᠣᠯᠬᠤ ᠣᠷᠣᠯᠭ᠎ᠠ ᠳᠠᠬᠢ ᠡᠵᠡᠯᠡᠬᠦ ᠬᠤᠪᠢ ᠶᠢᠨ ᠵᠢᠩ ᠨᠢ 66.7% ᠳᠤ ᠬᠦᠷᠴᠦ᠂ ᠬᠤᠲᠠ | ᠪᠠᠯᠭᠠᠰᠤᠨ ᠤ ᠰᠠᠭᠤᠭᠠᠯᠢ ᠠᠷᠠᠳ ᠤᠨ ᠣᠷᠣᠯᠭ᠎ᠠ ᠶᠢᠨ ᠨᠡᠮᠡᠭᠳᠡᠯ ᠤᠨ ᠭᠤᠤᠯ ᠢᠷᠡᠯᠲᠡ ᠪᠣᠯᠪᠠ᠃ ᠣᠶᠢᠷ᠎ᠠ ᠶᠢᠨ ᠵᠢᠯ ᠤᠳ ᠲᠤ ᠴᠠᠯᠢᠩ ᠢ ᠨᠡᠮᠡᠭᠳᠡᠭᠦᠯᠵᠦ ᠴᠠᠯᠢᠩ ᠢ | ᠲᠣᠬᠢᠷᠠᠭᠤᠯᠬᠤ ᠲᠦᠷᠦ ᠶᠢᠨ ᠪᠣᠳᠣᠯᠭ᠎ᠠ ᠶᠢ ᠨᠡᠶᠢᠲᠡᠯᠡᠭᠡ ᠦᠭᠡᠢ ᠪᠣᠯᠬᠤᠷ ᠴᠠᠯᠢᠩ ᠤᠨ ᠣᠷᠣᠯᠭ᠎ᠠ ᠶᠢᠨ ᠨᠡᠮᠡᠭᠳᠡᠯ ᠬᠦᠴᠦ ᠮᠡᠬᠦᠰᠳᠡᠵᠦ ᠪᠠᠶᠢᠨ᠎ᠠ︔ ᠲᠦᠭᠦᠬᠡᠢ ᠡᠳ᠋ | ᠮᠠᠲ᠋ᠧᠷᠢᠶᠠᠯ ᠤᠨ ᠦᠨ᠎ᠡ ᠥᠰᠴᠦ᠂ ᠠᠵᠢᠯᠴᠢᠨ ᠬᠡᠷᠡᠭᠯᠡᠬᠦ ᠥᠪᠡᠷ ᠤᠨ ᠦᠷᠳᠡᠭ ᠨᠡᠮᠡᠭᠳᠡᠭᠰᠡᠨ ᠠᠴᠠ ᠡᠵᠡᠩᠨᠡᠯᠲᠡ ᠶᠢᠨ ᠥᠪᠡᠷ ᠤᠨ ᠦᠷᠳᠡᠭ ᠳᠡᠭᠡᠭᠰᠢᠯᠡᠵᠦ᠂ | ᠡᠵᠡᠩᠨᠡᠯᠲᠡ ᠶᠢᠨ ᠴᠡᠪᠡᠷ ᠣᠷᠣᠯᠭ᠎ᠠ ᠶᠢᠨ ᠥᠰᠦᠯᠲᠡ ᠶᠢ ᠬᠢᠵᠠᠭᠠᠷᠯᠠᠵᠤ ᠪᠠᠶᠢᠨ᠎ᠠ︔ ᠡᠳ᠋ ᠬᠥᠷᠥᠩᠭᠡ ᠶᠢᠨ ᠴᠡᠪᠡᠷ ᠣᠷᠣᠯᠭ᠎ᠠ ᠶᠢᠨ ᠡᠵᠡᠯᠡᠬᠦ ᠬᠠᠷᠢᠴᠠᠯ ᠳᠣᠣᠷ᠎ᠠ | ᠪᠠᠶᠢᠵᠤ᠂ ᠬᠤᠳᠠ ᠪᠠᠯᠭᠠᠰᠤᠨ ᠤ ᠰᠠᠭᠤᠭᠠᠯᠢ ᠠᠷᠠᠳ ᠤᠨ ᠣᠷᠣᠯᠭ᠎ᠠ ᠶᠢ ᠪᠦᠲᠦᠮᠵᠢᠲᠡᠶ ᠪᠠᠷ ᠳᠠᠶᠢᠴᠢᠯᠠᠬᠤ ᠳᠤ ᠪᠡᠷᠬᠡᠲᠡᠢ ᠪᠠᠶᠢᠨ᠎ᠠ︔ ᠰᠢᠯᠵᠢᠭᠦᠯᠦᠭᠰᠡᠨ ᠴᠡᠪᠡᠷ | ᠣᠷᠣᠯᠭ᠎ᠠ ᠨᠢ ᠴᠠᠯᠢᠩ ᠤᠨ ᠴᠢᠨᠠᠷᠲᠠᠢ ᠣᠷᠣᠯᠭ᠎ᠠ ᠲᠠᠢ ᠠᠳᠠᠯᠢ ᠪᠠᠷ ᠲᠥᠷᠥ ᠶᠢᠨ ᠪᠣᠳᠣᠯᠭ᠎ᠠ ᠶᠢᠨ ᠴᠢᠨᠠᠷᠲᠠᠢ ᠣᠷᠣᠯᠭ᠎ᠠ ᠶᠢᠨ ᠨᠡᠮᠡᠭᠳᠡᠯ ᠳᠤ ᠬᠦᠨᠳᠦ ᠨᠣᠴᠢᠲᠠᠢ | ᠲᠦᠰᠢᠭᠯᠡᠵᠦ ᠪᠠᠶᠢᠨ᠎ᠠ᠂ ᠬᠡᠳᠦᠶᠢᠪᠡᠷ 2023 ᠣᠨ ᠳᠤ ᠨᠡᠶᠢᠭᠡᠮ ᠤᠨ ᠠᠪᠤᠷᠠᠨ ᠲᠤᠰᠠᠯᠠᠬᠤ ᠪᠠᠷᠢᠮᠵᠢᠶ᠎ᠠ ᠶᠢ ᠳᠡᠭᠡᠭᠰᠢᠯᠡᠭᠦᠯᠦᠭᠰᠡᠨ ᠪᠣᠯᠪᠠᠴᠤ ᠰᠢᠯᠵᠢᠭᠦᠯᠦᠭᠰᠡᠨ ᠴᠡᠪᠡᠷ | ᠣᠷᠣᠯᠭ᠎ᠠ ᠶᠢᠨ ᠡᠵᠡᠯᠡᠬᠦ ᠬᠠᠷᠢᠴᠠᠯ ᠨᠢ ᠳᠣᠣᠷ᠎ᠠ ᠤᠴᠢᠷ ᠠᠴᠠ ᠡᠵᠡᠮᠳᠡᠵᠦ ᠪᠣᠯᠬᠤ ᠣᠷᠣᠯᠭ᠎ᠠ ᠳᠤ ᠦᠵᠡᠭᠦᠯᠬᠦ ᠳᠠᠶᠢᠴᠢᠯᠠᠬᠤ ᠦᠢᠯᠡᠳᠦᠯ ᠨᠢ ᠨᠡᠯᠢᠶᠡᠳ ᠪᠠᠭᠤᠷᠠᠢ | ᠪᠠᠶᠢᠨ᠎ᠠ᠃ | ᠭᠤᠷᠪᠠ᠂ ᠬᠤᠲᠠ ᠪᠠᠯᠭᠠᠰᠤᠨ ᠤ ᠰᠠᠭᠤᠭᠠᠯᠢ ᠠᠷᠠᠳ ᠤᠨ ᠣᠷᠣᠯᠭ᠎ᠠ ᠶᠢ ᠨᠡᠮᠡᠭᠳᠡᠭᠦᠯᠬᠦ ᠶᠢ ᠠᠬᠢᠭᠤᠯᠬᠤ ᠲᠤᠬᠠᠶ ᠰᠠᠨᠠᠭᠤᠯᠭ᠎ᠠ | ᠨᠢᠭᠡ ᠳᠤ᠂ ᠠᠵᠤ ᠠᠬᠤᠶᠢᠯᠠᠯ ᠢ ᠳᠡᠮᠵᠢᠵᠤ ᠠᠵᠢᠯ ᠤᠨ ᠪᠠᠶᠢᠷᠢ ᠶᠢ ᠲᠣᠭᠲᠠᠪᠤᠷᠢᠵᠢᠭᠤᠯᠤᠨ ᠠᠵᠢᠯ ᠣᠯᠭᠤᠯᠲᠠ ᠶᠢ ᠥᠷᠭᠡᠳᠬᠡᠬᠦ ᠦᠢᠯᠡᠴᠢᠯᠡᠭᠡ ᠶᠢ | ᠭᠦᠨᠵᠡᠭᠡᠶᠢᠷᠡᠭᠦᠯᠵᠦ᠂ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ᠂ ᠴᠡᠷᠢᠭ ᠠᠴᠠ ᠬᠠᠯᠠᠭᠳᠠᠭᠰᠠᠳ ᠵᠡᠷᠭᠡ ᠭᠤᠣᠯᠳᠠᠯᠭ᠎ᠠ ᠲᠠᠢ ᠬᠦᠮᠦᠰ ᠲᠤ ᠲᠣᠭᠲᠠᠭᠤᠨ ᠢᠶᠠᠷ | ᠠᠵᠢᠯ ᠤᠯᠭᠤᠬᠤ ᠶᠢ ᠠᠬᠢᠭᠤᠯᠵᠤ᠂ ᠬᠠᠮᠢᠶ᠎ᠠ ᠪᠦᠬᠦᠢ ᠰᠠᠯᠠᠭ᠎ᠠ ᠮᠥᠴᠢᠷ ᠤᠳ ᠮᠠᠨ ᠤ ᠲᠤᠭᠤᠷᠢᠭ ᠤᠨ ᠪᠣᠳᠠᠲᠠᠢ ᠳᠤ ᠨᠡᠶᠢᠴᠡᠭᠰᠡᠨ ᠪᠡᠯᠡ ᠮᠥᠩᠭᠦ ᠶᠢ ᠨᠡᠮᠡᠭᠳᠡᠭᠦᠯᠬᠦ | ᠵᠢᠴᠢ ᠱᠠᠩᠨᠠᠯ ᠤᠨ ᠴᠢᠨᠠᠷᠲᠠᠢ ᠨᠥᠬᠦᠪᠦᠷᠢ ᠶᠢᠨ ᠲᠥᠷᠥ ᠶᠢᠨ ᠪᠣᠳᠣᠯᠭ᠎ᠠ ᠶᠢ ᠨᠡᠶᠢᠲᠡᠯᠡᠨ᠎ᠡ᠃ ᠬᠤᠶᠠᠷ ᠲᠤ᠂ ︽ᠳᠤᠯᠠᠭᠠᠨ ᠬᠤᠲᠠ︾ ᠶᠢᠨ ᠨᠠᠷᠠᠲᠤ ᠲᠥᠷᠥᠯ | ᠲᠡᠮᠳᠡᠭᠲᠦ ᠶᠢ ᠯᠠᠪᠳᠠᠭᠤᠨ ᠢᠶᠠᠷ ᠠᠬᠢᠭᠤᠯᠵᠤ᠂ ᠲᠠᠯ᠎ᠠ ᠨᠤᠲᠤᠭ᠂ ᠡᠯᠡᠰᠦᠨ ᠴᠥᠯ ᠤᠨ ᠣᠨᠴᠠᠯᠢᠭᠲᠤ ᠵᠢᠭᠤᠯᠴᠢᠯᠠᠯ ᠵᠡᠷᠭᠡ ᠠᠵᠤ ᠦᠢᠯᠡᠰ ᠢ ᠬᠥᠭᠵᠢᠭᠦᠯᠬᠦ ᠪᠠᠷ | ᠳᠠᠮᠵᠢᠭᠤᠯᠤᠨ ᠬᠡᠷᠡᠭᠯᠡᠭᠡᠨ ᠤ ᠡᠵᠡᠩᠨᠡᠯᠲᠡ ᠶᠢᠨ ᠬᠡᠯᠪᠡᠷᠢ ᠪᠠᠶᠢᠳᠠᠯ ᠢ ᠪᠠᠶᠠᠯᠢᠭᠵᠢᠭᠤᠯᠵᠤ᠂ ᠬᠠᠮᠢᠶ᠎ᠠ ᠪᠦᠬᠦᠢ ᠦᠢᠯᠡᠴᠢᠯᠡᠭᠡᠨ ᠤ ᠠᠵᠢᠯ ᠲᠥᠷᠥᠯ ᠤᠨ ᠡᠵᠡᠩᠨᠡᠯᠲᠡ ᠶᠢᠨ | ᠴᠡᠪᠡᠷ ᠣᠷᠣᠯᠭ᠎ᠠ ᠶᠢᠨ ᠨᠡᠮᠡᠭᠳᠡᠯ ᠢ ᠳᠠᠶᠢᠴᠢᠯᠠᠨ᠎ᠠ᠃ ᠭᠤᠷᠪᠠ ᠳᠤ᠂ ᠬᠤᠳᠠ ᠪᠠᠯᠭᠠᠰᠤᠨ ᠤ ᠰᠠᠭᠤᠭᠠᠯᠢ ᠠᠷᠠᠳ ᠢ ᠬᠥᠲᠥᠯᠥᠨ ᠵᠢᠯᠤᠭᠤᠳᠴᠤ ᠪᠠᠶᠢᠭᠠᠳ ᠵᠦᠢ | ᠵᠣᠬᠢᠰᠲᠠᠢ ᠪᠡᠯᠡ ᠣᠷᠣᠭᠤᠯᠤᠯᠲᠠ ᠬᠢᠯᠭᠡᠵᠦ᠂ ᠰᠤᠯᠠ ᠪᠠᠶᠢᠭ᠎ᠠ ᠳᠡᠯᠭᠡᠭᠦᠷ ᠫᠦᠰᠡ ᠶᠢ ᠠᠮᠢᠳᠤᠯᠢᠭ ᠪᠤᠯᠭᠠᠨ᠂ ᠲᠦᠷᠢᠶᠡᠰᠦᠨ ᠮᠥᠩᠭᠦ ᠪᠠ ᠬᠦᠦ ᠮᠥᠩᠭᠦ ᠵᠡᠷᠭᠡ ᠪᠠᠷ | ᠣᠷᠣᠯᠭ᠎ᠠ ᠶᠢ ᠨᠡᠮᠡᠭᠳᠡᠭᠦᠯᠦᠨ᠎ᠡ᠃ ᠳᠥᠷᠪᠡ ᠳᠤ᠂ ᠠᠷᠠᠳ ᠤᠯᠠᠨ ᠤ ᠠᠩᠬᠠᠷᠴᠤ ᠪᠠᠶᠢᠭ᠎ᠠ ᠤᠯᠠᠨ ᠨᠡᠶᠢᠲᠡ ᠶᠢᠨ ᠦᠢᠯᠡᠴᠢᠯᠡᠭᠡ ᠪᠠ ᠨᠡᠶᠢᠭᠡᠮ ᠤᠨ ᠠᠰᠠᠷᠠᠮᠵᠢ ᠶᠢᠨ | ᠬᠦᠷᠢᠶ᠎ᠡ ᠴᠠᠷ᠎ᠠ ᠶᠢᠨ ᠲᠣᠭᠤᠷᠢᠨ ᠤ ᠪᠠᠲᠤᠯᠠᠭ᠎ᠠ ᠶᠢᠨ ᠪᠠᠷᠢᠮᠵᠢᠶ᠎ᠠ ᠶᠢ ᠳᠡᠭᠡᠭᠰᠢᠯᠡᠭᠦᠯᠦᠨ᠎ᠡ᠃ | | |