ᠳᠡᠭᠡᠷ᠎ᠡ ᠬᠠᠭᠠᠰ ᠵᠢᠯ ᠤᠨ ᠪᠥᠬᠦ ᠣᠷᠣᠨ ᠤ 103 ᠬᠤᠰᠢᠭᠤ ᠰᠢᠶᠠᠨ ᠲᠣᠭᠤᠷᠢᠭ ᠤᠨ ᠬᠠᠮᠤᠭ ᠤᠨ ᠰᠢᠨ᠎ᠡ ᠨᠡᠷᠡᠰ ᠤᠨ ᠵᠢᠭᠰᠠᠭᠠᠯᠲᠠ
ᠨᠡᠶᠢᠲᠡᠯᠡᠭᠰᠡᠨ ᠴᠠᠭ᠄
2024/7/26
    ᠣᠶᠢᠷ᠎ᠠ ᠳᠤ᠂ ᠪᠥᠬᠦ ᠣᠷᠣᠨ ᠤ 103 ᠬᠤᠰᠢᠭᠤ ᠰᠢᠶᠠᠨ ᠲᠣᠭᠤᠷᠢᠭ ᠤᠨ ᠳᠡᠭᠡᠷ᠎ᠡ ᠬᠠᠭᠠᠰ ᠵᠢᠯ ᠤᠨ ᠭᠤᠤᠯ ᠪᠣᠯᠬᠤ ᠠᠵᠤ ᠠᠬᠤᠶ ᠶᠢᠨ ᠭᠦᠢᠴᠡᠳᠬᠡᠯ ᠲᠤᠭ᠎ᠠ ᠨᠡᠶᠢᠲᠡᠯᠡᠭᠳᠡᠵᠦ᠂ ᠳ᠋ᠦᠩᠱᠧᠩ ᠲᠣᠭᠤᠷᠢᠭ ᠤᠨ ᠡᠯ᠎ᠡ ᠵᠦᠢᠯ ᠤᠨ ᠭᠦᠢᠴᠡᠳᠬᠡᠯ ᠲᠤᠭ᠎ᠠ ᠶᠢᠨ ᠨᠡᠷᠡᠰ ᠤᠨ ᠵᠢᠭᠰᠠᠭᠠᠯᠲᠠ ᠨᠢ ᠴᠥᠮ ᠡᠮᠦᠨ᠎ᠡ ᠡᠩᠨᠡᠭᠡᠨ ᠳᠤ ᠣᠷᠣᠪᠠ᠃     ᠨᠢᠭᠡ᠂ ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠬᠡᠶ ᠥᠷᠲᠡᠭ 550.42 ᠳ᠋ᠦᠩᠰᠢᠭᠤᠷ ᠲᠥᠭᠦᠷᠢᠭ ᠲᠤ ᠬᠦᠷᠴᠦ᠂ 5 ᠳ᠋ᠤᠭᠠᠷ ᠲᠤ ᠵᠢᠭᠰᠠᠭᠠᠭᠳᠠᠵᠠᠢ︔ ᠦᠯᠦ ᠬᠤᠪᠢᠷᠠᠭᠤᠯᠬᠤ ᠦᠨ᠎ᠡ ᠪᠠᠷ ᠪᠤᠳᠤᠪᠠᠯ᠂ ᠠᠳᠠᠯᠢ ᠬᠤᠭᠤᠴᠠᠭᠠᠨ ᠤ ᠬᠢ ᠠᠴᠠ 8.5% ᠪᠠᠷ ᠨᠡᠮᠡᠭᠳᠡᠵᠦ᠂ ᠨᠡᠮᠡᠭᠳᠡᠯ ᠤᠨ ᠬᠤᠷᠳᠤᠴᠠ ᠨᠢ 20 ᠳ᠋ᠤᠭᠠᠷ ᠲᠤ ᠵᠢᠭᠰᠠᠭᠠᠭᠳᠠᠵᠠᠶ᠃     ᠬᠤᠶᠠᠷ᠂ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠥᠷᠲᠡᠭ ᠠᠳᠠᠯᠢ ᠬᠤᠭᠤᠴᠠᠭᠠᠨ ᠤ ᠬᠢ ᠠᠴᠠ 14.6% ᠪᠠᠷ ᠨᠡᠮᠡᠭᠳᠡᠵᠦ᠂ ᠨᠡᠮᠡᠭᠳᠡᠯ ᠤᠨ ᠬᠤᠷᠳᠤᠴᠠ ᠨᠢ 37 ᠳ᠋ᠤᠭᠠᠷ ᠲᠤ ᠵᠢᠭᠰᠠᠭᠠᠭᠳᠠᠪᠠ᠃     ᠭᠤᠷᠪᠠ᠂ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠠᠳᠠᠯᠢ ᠬᠤᠭᠤᠴᠠᠭᠠᠨ ᠤ ᠬᠢ ᠠᠴᠠ 42.1% ᠪᠠᠷ ᠨᠡᠮᠡᠭᠳᠡᠵᠦ᠂ ᠨᠡᠮᠡᠭᠳᠡᠯ ᠤᠨ ᠬᠤᠷᠳᠤᠴᠠ ᠨᠢ 20 ᠳ᠋ᠤᠭᠠᠷ ᠲᠤ ᠤᠷᠤᠪᠠ᠃     ᠳᠥᠷᠪᠡ᠂ ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ ᠪᠤᠷᠤᠯᠠᠭᠤᠯᠤᠯᠳᠠ ᠶᠢᠨ ᠪᠥᠬᠦ ᠲᠤᠭ᠎ᠠ 114.1 ᠳ᠋ᠦᠩᠰᠢᠭᠤᠷ ᠲᠥᠭᠦᠷᠢᠭ ᠲᠤ ᠬᠦᠷᠴᠦ᠂ 5 ᠳ᠋ᠤᠭᠠᠷ ᠲᠤ ᠵᠢᠭᠰᠠᠭᠠᠭᠳᠠᠪᠠ︔ ᠠᠳᠠᠯᠢ ᠬᠤᠭᠤᠴᠠᠭᠠᠨ ᠤ ᠬᠢ ᠠᠴᠠ 5.6 % ᠪᠠᠷ ᠨᠡᠮᠡᠭᠳᠡᠵᠦ᠂ ᠨᠡᠮᠡᠭᠳᠡᠯ ᠤᠨ ᠬᠤᠷᠳᠤᠴᠠ ᠨᠢ 9 ᠳ᠋ᠤᠭᠡᠷ ᠲᠤ ᠵᠢᠭᠰᠠᠭᠠᠭᠳᠠᠪᠠ᠃     ᠲᠠᠪᠤ᠂ ᠪᠦᠬᠦ ᠰᠠᠭᠤᠭᠠᠯᠢ ᠠᠷᠠᠳ ᠤᠨ ᠬᠥᠮᠦᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ ᠶᠢ 27750 ᠲᠥᠭᠦᠷᠢᠭ ᠢ ᠪᠡᠶᠡᠯᠡᠭᠦᠯᠵᠦ᠂ 11 ᠳ᠋ᠤᠭᠠᠷ ᠲᠤ ᠵᠢᠭᠰᠠᠭᠠᠭᠳᠠᠪᠠ︔ ᠠᠳᠠᠯᠢ ᠬᠤᠭᠤᠴᠠᠭᠠᠨ ᠤ ᠬᠢ ᠠᠴᠠ 4.5% ᠪᠠᠷ ᠨᠡᠮᠡᠭᠳᠡᠪᠡ᠃     ᠵᠢᠷᠭᠤᠭ᠎ᠠ᠂ ᠡᠩ ᠤᠨ ᠣᠯᠠᠨ ᠨᠡᠶᠢᠲᠡ ᠶᠢᠨ ᠲᠥᠰᠦᠪ ᠤᠨ ᠣᠷᠣᠯᠭ᠎ᠠ 45 ᠳ᠋ᠦᠩᠰᠢᠭᠤᠷ ᠲᠥᠭᠦᠷᠢᠭ ᠲᠤ ᠬᠦᠷᠴᠤ᠂ ᠳᠥᠷᠪᠡᠳᠦᠭᠡᠷ ᠲᠤ ᠵᠢᠭᠰᠠᠭᠠᠭᠳᠠᠪᠠ︔ ᠠᠳᠠᠯᠢ ᠬᠤᠭᠤᠴᠠᠭᠠᠨ ᠤ ᠬᠢ ᠠᠴᠠ 13.8% ᠪᠠᠷ ᠨᠡᠮᠡᠭᠳᠡᠵᠦ᠂ ᠨᠡᠮᠡᠭᠳᠡᠯ ᠤᠨ ᠬᠤᠷᠳᠤᠴᠠ 26 ᠳ᠋ᠤᠭᠠᠷ ᠲᠤ ᠣᠷᠣᠪᠠ᠃
ᠢᠷᠡᠯᠲᠡ᠄ ᠳ᠋ᠦᠩᠱᠧᠩ ᠳᠤᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ