| ᠲᠥᠷᠥ ᠶᠢᠨ ᠶᠠᠪᠤᠳᠠᠯ ᠤᠨ ᠬᠤᠷᠢᠶᠠᠨ ᠤ ᠶᠡᠷᠦᠩᠬᠡᠢ ᠰᠠᠶᠢᠳ ᠯᠢ ᠴᠢᠶᠠᠩ ᠲᠥᠷᠥ ᠶᠢᠨ ᠶᠠᠪᠤᠳᠠᠯ ᠤᠨ ᠬᠤᠷᠢᠶᠠᠨ ᠤ ᠵᠠᠷᠯᠢᠭ ᠲᠤ ᠭᠠᠷ ᠤᠨ ᠦᠰᠦᠭ ᠵᠢᠷᠤᠵᠤ᠂ | 2024 ᠣᠨ ᠤ 7 ᠳ᠋ᠤᠭᠠᠷ ᠰᠠᠷ᠎ᠠ ᠶᠢᠨ 1 ᠤ ᠡᠳᠦᠷ ︽︿ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠺᠣᠮᠫᠠᠨᠢ ᠶᠢᠨ ᠬᠠᠤᠯᠢ﹀ ᠶᠢᠨ | ᠪᠦᠷᠢᠳᠬᠡᠭᠦᠯᠦᠭᠰᠡᠨ ᠬᠥᠷᠥᠩᠭᠡ ᠶᠢ ᠳᠡᠩᠰᠡᠯᠡᠨ ᠲᠡᠮᠳᠡᠭᠯᠡᠬᠦ ᠬᠠᠮᠢᠶᠠᠷᠤᠯᠲᠠ ᠶᠢᠨ ᠳᠦᠷᠢᠮ ᠢ ᠬᠡᠷᠡᠭᠵᠢᠭᠦᠯᠬᠦ ᠲᠤᠬᠠᠢ ᠲᠥᠷᠥ ᠶᠢᠨ ᠶᠠᠪᠤᠳᠠᠯ ᠤᠨ ᠬᠤᠷᠢᠶᠠᠨ ᠤ | ᠲᠣᠭᠲᠠᠭᠠᠯ︾ ︵ᠳᠣᠷᠣᠭᠰᠢ ︽ᠲᠣᠭᠲᠠᠭᠠᠯ︾ ᠬᠡᠮᠡᠨ ᠲᠣᠪᠴᠢᠯᠠᠪᠠ︶ ᠢ ᠨᠡᠶᠢᠲᠡᠯᠡᠪᠡ᠂ ᠲᠤᠰ ︽ᠲᠣᠭᠲᠠᠭᠠᠯ︾ ᠢ ᠨᠡᠶᠢᠲᠡᠯᠡᠭᠰᠡᠨ ᠡᠳᠦᠷ ᠠᠴᠠ ᠡᠬᠢᠯᠡᠵᠦ | ᠬᠡᠷᠡᠭᠵᠢᠭᠦᠯᠦᠨ᠎ᠡ᠃ ︽ᠲᠣᠭᠲᠠᠭᠠᠯ︾ ᠳᠤ ᠨᠡᠶᠢᠲᠡ 13 ᠵᠦᠢᠯ ᠪᠠᠶᠢᠵᠤ᠂ ᠭᠤᠣᠯᠳᠠᠭᠤ ᠳᠠᠷᠠᠭᠠᠬᠢ ᠠᠭᠤᠯᠭ᠎ᠠ ᠨᠤᠭᠤᠳ ᠢ ᠪᠠᠭᠲᠠᠭᠠᠨ᠎ᠠ᠃ | ᠨᠢᠭᠡᠳᠦᠭᠡᠷ ᠲᠤ᠂ ᠺᠤᠮᠫᠠᠨᠢ ᠶᠢᠨ ᠳᠠᠭᠠᠭᠠᠨ ᠲᠤᠰᠢᠶᠠᠬᠤ ᠪᠡᠯᠡ ᠭᠠᠷᠭᠠᠬᠤ ᠴᠠᠭ ᠤᠨ ᠬᠢᠵᠠᠭᠠᠷ ᠤᠨ ᠰᠢᠯᠵᠢᠯᠲᠡ ᠶᠢᠨ ᠬᠤᠭᠤᠴᠠᠭᠠᠨ ᠤ ᠲᠣᠬᠢᠷᠠᠭᠤᠯᠤᠯᠲᠠ ᠶᠢ | ᠲᠣᠳᠣᠷᠬᠠᠶᠢᠯᠠᠪᠠ᠃ 2024 ᠣᠨ ᠤ 6 ᠳ᠋ᠤᠭᠠᠷ ᠰᠠᠷ᠎ᠠ ᠶᠢᠨ 30 ᠤ ᠡᠳᠦᠷ ᠠᠴᠠ ᠡᠮᠦᠨ᠎ᠡ ᠳᠠᠩᠰᠠᠯᠠᠭᠤᠯᠤᠨ ᠪᠠᠶᠢᠭᠤᠯᠤᠭᠰᠠᠨ ᠺᠣᠮᠫᠠᠨᠢ᠂ ᠬᠢᠵᠠᠭᠠᠷᠲᠤ | ᠬᠠᠷᠢᠭᠤᠴᠠᠯᠭᠠᠲᠤ ᠺᠣᠮᠫᠠᠨᠢ ᠶᠢᠨ ᠦᠯᠡᠳᠡᠭᠰᠡᠨ ᠳᠠᠭᠠᠭᠠᠨ ᠲᠤᠰᠢᠶᠠᠬᠤ ᠪᠡᠯᠡ ᠭᠠᠷᠭᠠᠬᠤ ᠴᠠᠭ ᠤᠨ ᠬᠢᠵᠠᠭᠠᠷ ᠨᠢ 2027 ᠣᠨ ᠤ 7 ᠳ᠋ᠤᠭᠠᠷ ᠰᠠᠷ᠎ᠠ ᠶᠢᠨ 1 ᠤ | ᠡᠳᠦᠷ ᠠᠴᠠ ᠡᠬᠢᠯᠡᠭᠡᠳ 5 ᠵᠢᠯ ᠠᠴᠠ ᠢᠯᠡᠭᠦᠦ ᠪᠠᠶᠢᠪᠠᠯ᠂ 2027 ᠣᠨ ᠤ 6 ᠳ᠋ᠤᠭᠠᠷ ᠰᠠᠷ᠎ᠠ ᠶᠢᠨ 30 ᠤ ᠡᠳᠦᠷ ᠠᠴᠠ ᠡᠮᠦᠨ᠎ᠡ ᠲᠡᠭᠦᠨ ᠤ ᠦᠯᠡᠳᠡᠭᠰᠡᠨ | ᠳᠠᠭᠠᠭᠠᠨ ᠲᠤᠰᠢᠶᠠᠬᠤ ᠪᠡᠯᠡ ᠭᠠᠷᠭᠠᠬᠤ ᠴᠠᠭ ᠤᠨ ᠬᠢᠵᠠᠭᠠᠷ ᠢ 5 ᠵᠢᠯ ᠤᠨ ᠳᠣᠲᠣᠷ᠎ᠠ ᠵᠢᠯ ᠪᠣᠯᠭᠠᠨ ᠳᠣᠬᠢᠷᠠᠭᠤᠯᠬᠤ ᠶᠢᠨ ᠬᠠᠮᠲᠤ ᠺᠣᠮᠫᠠᠨᠢ ᠶᠢᠨ ᠳᠦᠷᠢᠮ ᠳᠤ | ᠲᠡᠮᠳᠡᠭᠯᠡᠪᠡᠯ ᠵᠣᠬᠢᠨ᠎ᠠ᠃ ᠬᠤᠪᠢ ᠣᠷᠣᠭᠤᠯᠤᠭᠴᠢ ᠲᠣᠬᠢᠷᠠᠭᠤᠯᠤᠭᠰᠠᠨ ᠳᠠᠭᠠᠭᠠᠨ ᠲᠤᠰᠢᠶᠠᠬᠤ ᠪᠡᠯᠡ ᠭᠠᠷᠭᠠᠬᠤ ᠬᠤᠭᠤᠴᠠᠭᠠᠨ ᠳᠤ ᠲᠤᠭ᠎ᠠ ᠶᠣᠰᠣᠭᠠᠷ ᠳᠠᠭᠠᠭᠠᠨ | ᠲᠤᠰᠢᠶᠠᠬᠤ ᠪᠡᠯᠡ ᠪᠠᠨ ᠲᠣᠰᠢᠶᠠᠪᠠᠯ ᠵᠣᠬᠢᠨ᠎ᠠ︔ ᠬᠤᠪᠢ ᠣᠷᠣᠭᠤᠯᠤᠭᠰᠠᠨ ᠬᠢᠵᠠᠭᠠᠷᠲᠤ ᠺᠣᠮᠫᠠᠨᠢ ᠶᠢᠨ ᠡᠭᠦᠰᠬᠡᠨ ᠪᠠᠶᠢᠭᠤᠯᠤᠭᠴᠢ 2027 ᠣᠨ ᠤ 6 ᠳ᠋ᠤᠭᠠᠷ | ᠰᠠᠷ᠎ᠠ ᠶᠢᠨ 30 ᠤ ᠡᠳᠦᠷ ᠠᠴᠠ ᠡᠮᠦᠨ᠎ᠡ ᠲᠡᠭᠦᠨ ᠤ ᠬᠤᠳᠠᠯᠳᠤᠨ ᠠᠪᠤᠭᠰᠠᠨ ᠬᠤᠪᠢ ᠶᠢᠨ ᠲᠤᠭ᠎ᠠ ᠪᠠᠨ ᠪᠦᠬᠦ ᠲᠤᠭ᠎ᠠ ᠪᠠᠷ ᠨᠢ ᠲᠣᠰᠢᠶᠠᠪᠠᠯ ᠵᠣᠬᠢᠨ᠎ᠠ᠃ | ᠺᠣᠮᠫᠠᠨᠢ ᠶᠢᠨ ᠦᠢᠯᠡᠳᠪᠦᠷᠢᠯᠡᠯ ᠡᠵᠡᠩᠨᠡᠯᠲᠡ ᠤᠯᠤᠰ ᠤᠨ ᠠᠰᠢᠭ ᠲᠤᠰᠠ ᠪᠤᠶᠤ ᠣᠯᠠᠨ ᠨᠡᠶᠢᠲᠡ ᠶᠢᠨ ᠴᠢᠬᠤᠯᠠ ᠶᠡᠭᠡ ᠠᠰᠢᠭ ᠲᠤᠰᠠ ᠳᠤ ᠬᠤᠯᠪᠤᠭᠳᠠᠬᠤ ᠪᠥᠭᠡᠳ | ᠲᠥᠷᠥ ᠶᠢᠨ ᠶᠠᠪᠤᠳᠠᠯ ᠤᠨ ᠬᠤᠷᠢᠶᠠᠨ ᠤ ᠬᠤᠯᠪᠣᠭᠳᠠᠯ ᠪᠦᠬᠦᠢ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠪᠤᠶᠤ ᠮᠤᠵᠢ ᠶᠢᠨ ᠱᠠᠲᠤᠨ ᠤ ᠠᠷᠠᠳ ᠤᠨ ᠵᠠᠰᠠᠭ ᠤᠨ | ᠣᠷᠳᠣᠨ ᠠᠴᠠ ᠰᠠᠨᠠᠯ ᠳᠤᠷᠠᠳᠤᠭᠰᠠᠨ ᠪᠣᠯ᠂ ᠲᠥᠷᠥ ᠶᠢᠨ ᠶᠠᠪᠤᠳᠠᠯ ᠤᠨ ᠬᠤᠷᠢᠶᠠᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ | ᠤᠤᠯ ᠤᠨ ᠪᠡᠯᠡ ᠭᠠᠷᠭᠠᠬᠤ ᠴᠠᠭ ᠤᠨ ᠬᠢᠵᠠᠭᠠᠷ ᠢᠶᠠᠷ ᠢᠶᠠᠨ ᠪᠡᠯᠡ ᠭᠠᠷᠭᠠᠬᠤ ᠶᠢ ᠨᠢ ᠵᠥᠪᠰᠢᠶᠡᠷᠡᠵᠦ ᠪᠣᠯᠣᠨ᠎ᠠ᠃ | ᠬᠤᠶᠠᠳᠤᠭᠠᠷ ᠲᠤ᠂ ᠺᠣᠮᠫᠠᠨᠢ ᠶᠢᠨ ᠪᠡᠯᠡ ᠭᠠᠷᠭᠠᠬᠤ ᠬᠡᠪ ᠤᠨ ᠪᠤᠰᠤ ᠪᠠᠶᠢᠳᠠᠯ ᠢ ᠰᠢᠢᠳᠪᠦᠷᠢᠯᠡᠬᠦ ᠶᠢ ᠲᠣᠭᠲᠠᠭᠠᠪᠠ᠃ ᠺᠣᠮᠫᠠᠨᠢ ᠶᠢᠨ ᠪᠡᠯᠡ ᠭᠠᠷᠭᠠᠬᠤ ᠴᠠᠭ ᠤᠨ | ᠬᠢᠵᠠᠭᠠᠷ᠂ ᠪᠦᠷᠢᠳᠬᠡᠭᠦᠯᠦᠭᠰᠡᠨ ᠬᠥᠷᠥᠩᠭᠡ ᠨᠢ ᠢᠯᠡᠷᠬᠡᠢ ᠬᠡᠪ ᠤᠨ ᠪᠤᠰᠤ ᠪᠠᠶᠢᠪᠠᠯ᠂ ᠺᠣᠮᠫᠠᠨᠢ ᠳᠠᠩᠰᠠᠯᠠᠬᠤ ᠪᠠᠶᠢᠭᠤᠯᠭ᠎ᠠ ᠺᠣᠮᠫᠠᠨᠢ ᠶᠢᠨ ᠡᠵᠡᠩᠨᠡᠯᠲᠡ ᠶᠢᠨ ᠬᠡᠪᠴᠢᠶ᠎ᠡ᠂ | ᠡᠵᠡᠩᠨᠡᠯᠲᠡ ᠶᠢᠨ ᠪᠠᠶᠢᠳᠠᠯ ᠵᠢᠴᠢ ᠬᠤᠪᠢ ᠣᠷᠣᠭᠤᠯᠤᠭᠴᠢ ᠶᠢᠨ ᠪᠡᠯᠡ ᠭᠠᠷᠭᠠᠬᠤ ᠴᠢᠳᠠᠪᠤᠷᠢ᠂ ᠭᠤᠣᠯ ᠡᠵᠡᠩᠨᠡᠯᠲᠡ ᠶᠢᠨ ᠲᠥᠷᠥᠯ ᠵᠦᠢᠯ᠂ ᠡᠳ᠋ ᠬᠥᠷᠥᠩᠭᠡ ᠶᠢᠨ | ᠬᠡᠪᠴᠢᠶ᠎ᠡ ᠵᠡᠷᠭᠡ ᠶᠢ ᠤᠶᠠᠯᠳᠤᠭᠤᠯᠤᠨ ᠪᠠᠶᠢᠵᠤ ᠰᠤᠳᠤᠯᠤᠨ ᠮᠠᠭᠠᠳᠯᠠᠵᠤ ᠪᠣᠯᠣᠨ᠎ᠠ᠂ ᠦᠨᠡᠨ ᠪᠣᠳᠠᠲᠤ ᠴᠢᠨᠠᠷ᠂ ᠵᠦᠢ ᠶᠣᠰᠣᠴᠢ ᠴᠢᠨᠠᠷ ᠤᠨ ᠵᠠᠷᠴᠢᠮ ᠠᠴᠠ | ᠵᠥᠷᠢᠴᠡᠭᠰᠡᠨ ᠪᠠᠶᠢᠪᠠᠯ᠂ ᠴᠠᠭ ᠲᠤᠬᠠᠢ ᠳᠤ ᠨᠢ ᠬᠠᠤᠯᠢ ᠶᠣᠰᠣᠭᠠᠷ ᠳᠣᠬᠢᠷᠠᠭᠤᠯᠬᠤ ᠶᠢ ᠱᠠᠭᠠᠷᠳᠠᠵᠤ ᠪᠣᠯᠣᠨ᠎ᠠ᠃ | ᠭᠤᠷᠪᠠᠳᠤᠭᠠᠷ ᠲᠤ᠂ ᠬᠢᠨᠠᠯᠲᠠ ᠬᠠᠮᠢᠶᠠᠷᠤᠯᠲᠠ ᠶᠢᠨ ᠠᠷᠭ᠎ᠠ ᠬᠡᠮᠵᠢᠶ᠎ᠡ ᠶᠢ ᠲᠡᠭᠦᠯᠳᠡᠷᠵᠢᠭᠦᠯᠪᠡ᠃ ᠺᠣᠮᠫᠠᠨᠢ ᠨᠢ ᠬᠤᠪᠢ ᠣᠷᠣᠭᠤᠯᠤᠭᠴᠢ ᠶᠢᠨ ᠳᠠᠭᠠᠭᠠᠨ | ᠲᠣᠰᠢᠶᠠᠬᠤ ᠪᠠ ᠪᠣᠳᠠᠲᠠᠢ ᠲᠤᠰᠢᠶᠠᠬᠤ ᠪᠡᠯᠡ ᠭᠠᠷᠭᠠᠬᠤ ᠲᠤᠭ᠎ᠠ᠂ ᠪᠡᠯᠡ ᠭᠠᠷᠭᠠᠬᠤ ᠠᠷᠭ᠎ᠠ ᠮᠠᠶ᠋ᠢᠭ᠂ ᠪᠡᠯᠡ ᠭᠠᠷᠭᠠᠬᠤ ᠴᠠᠭ ᠤᠨ ᠬᠢᠵᠠᠭᠠᠷ ᠲᠤ ᠲᠣᠬᠢᠷᠠᠭᠤᠯᠤᠯᠲᠠ | ᠬᠢᠬᠦ ᠪᠤᠶᠤ ᠡᠭᠦᠰᠬᠡᠨ ᠪᠠᠶᠢᠭᠤᠯᠤᠭᠴᠢ ᠶᠢᠨ ᠬᠤᠳᠠᠯᠳᠤᠨ ᠠᠪᠤᠭᠰᠠᠨ ᠬᠤᠪᠢ ᠶᠢᠨ ᠲᠤᠭ᠎ᠠ ᠵᠡᠷᠭᠡ ᠳᠤ ᠲᠣᠬᠢᠷᠠᠭᠤᠯᠤᠯᠲᠠ ᠬᠢᠬᠦ ᠳᠤ᠂ ᠬᠠᠤᠯᠢ ᠶᠣᠰᠣᠭᠠᠷ ᠨᠡᠶᠢᠭᠡᠮ | ᠨᠡᠶᠢᠲᠡ ᠳᠤ ᠵᠠᠷᠯᠠᠪᠠᠯ ᠵᠣᠬᠢᠨ᠎ᠠ᠃ ᠺᠣᠮᠫᠠᠨᠢ ᠳᠠᠩᠰᠠᠯᠠᠬᠤ ᠪᠠᠶᠢᠭᠤᠯᠭ᠎ᠠ ᠨᠢ ᠺᠣᠮᠫᠠᠨᠢ ᠶᠢᠨ ᠳᠠᠭᠠᠭᠠᠨ ᠲᠣᠰᠢᠶᠠᠭᠰᠠᠨ ᠪᠠ ᠪᠣᠳᠠᠲᠠᠢ ᠲᠤᠰᠢᠶᠠᠭᠰᠠᠨ ᠪᠠᠶᠢᠳᠠᠯ ᠢ ᠬᠢᠨᠠᠨ | ᠪᠠᠶᠢᠴᠠᠭᠠᠵᠤ᠂ ᠺᠣᠮᠫᠠᠨᠢ ᠶᠢᠨ ᠢᠲᠡᠭᠡᠮᠵᠢ ᠶᠢᠨ ᠲᠦᠭᠰᠢᠭᠦᠷᠢ ᠶᠢᠨ ᠪᠠᠶᠢᠳᠠᠯ ᠢ ᠦᠨᠳᠦᠰᠦᠯᠡᠨ ᠲᠥᠷᠥᠯ ᠬᠤᠪᠢᠶᠠᠨ ᠬᠢᠨᠠᠨ ᠬᠠᠮᠢᠶᠠᠷᠤᠨ᠎ᠠ᠃ ᠺᠣᠮᠫᠠᠨᠢ ᠨᠢ ᠪᠡᠯᠡ | ᠭᠠᠷᠭᠠᠬᠤ ᠴᠠᠭ ᠤᠨ ᠬᠢᠵᠠᠭᠠᠷ ᠪᠠ ᠪᠦᠷᠢᠳᠬᠡᠭᠦᠯᠦᠭᠰᠡᠨ ᠬᠥᠷᠥᠩᠭᠡ ᠪᠠᠨ ᠲᠣᠭᠲᠠᠭᠠᠯ ᠶᠣᠰᠣᠭᠠᠷ ᠲᠣᠬᠢᠷᠠᠭᠤᠯᠤᠭᠰᠠᠨ ᠦᠭᠡᠢ ᠪᠠᠶᠢᠪᠠᠯ᠂ ᠺᠣᠮᠫᠠᠨᠢ ᠳᠠᠩᠰᠠᠯᠠᠬᠤ | ᠪᠠᠶᠢᠭᠤᠯᠭ᠎ᠠ ᠵᠠᠷᠯᠢᠭᠳᠠᠨ ᠪᠠᠶᠢᠵᠤ ᠵᠠᠯᠠᠷᠠᠭᠤᠯᠤᠨ᠎ᠠ︔ ᠬᠤᠭᠤᠴᠠᠭ᠎ᠠ ᠬᠡᠲᠦᠷᠡᠭᠰᠡᠨ ᠪᠠᠶᠢᠲᠠᠯ᠎ᠠ ᠵᠠᠯᠠᠷᠠᠭᠤᠯᠤᠭᠰᠠᠨ ᠦᠭᠡᠢ ᠪᠣᠯ᠂ ᠺᠣᠮᠫᠠᠨᠢ ᠳᠠᠩᠰᠠᠯᠠᠬᠤ ᠪᠠᠶᠢᠭᠤᠯᠭ᠎ᠠ | ᠤᠯᠤᠰ ᠤᠨ ᠠᠵᠤ ᠠᠬᠤᠶᠢᠯᠠᠯ ᠤᠳ ᠤᠨ ᠢᠲᠡᠭᠡᠮᠵᠢ ᠶᠢᠨ ᠮᠡᠳᠡᠭᠡ ᠵᠠᠩᠭᠢ ᠶᠢ ᠨᠡᠶᠢᠲᠡ ᠳᠤ ᠵᠠᠷᠯᠠᠬᠤ ᠰᠢᠰᠲ᠋ᠧᠮ ᠳᠤ ᠣᠨᠴᠠᠭᠠᠶᠢᠯᠠᠨ ᠲᠣᠳᠣᠷᠬᠠᠶᠢᠯᠠᠬᠤ ᠶᠢᠨ ᠬᠠᠮᠲᠤ | ᠨᠡᠶᠢᠭᠡᠮ ᠨᠡᠶᠢᠲᠡ ᠳᠤ ᠨᠡᠶᠢᠲᠡᠯᠡᠨ᠎ᠡ᠃ | ᠡᠭᠦᠨ ᠠᠴᠠ ᠭᠠᠳᠠᠨ᠎ᠠ᠂ ︽ᠲᠣᠭᠲᠠᠭᠠᠯ︾ ᠳᠤ ᠺᠣᠮᠫᠠᠨᠢ ᠳᠠᠩᠰᠠᠯᠠᠬᠤ ᠪᠠᠶᠢᠭᠤᠯᠭ᠎ᠠ ᠨᠢ ᠺᠣᠮᠫᠠᠨᠢ ᠶᠢᠨ ᠪᠡᠯᠡ ᠭᠠᠷᠭᠠᠬᠤ ᠴᠠᠭ ᠤᠨ ᠬᠢᠵᠠᠭᠠᠷ ᠢᠶᠠᠨ | ᠲᠣᠬᠢᠷᠠᠭᠤᠯᠬᠤ᠂ ᠪᠦᠷᠢᠳᠬᠡᠭᠦᠯᠦᠭᠰᠡᠨ ᠬᠥᠷᠥᠩᠭᠡ ᠪᠠᠨ ᠳᠣᠬᠢᠷᠠᠭᠤᠯᠬᠤ ᠶᠢ ᠨᠢ ᠵᠢᠯᠤᠭᠤᠳᠬᠤ ᠪᠠᠨ ᠴᠢᠩᠭᠠᠳᠬᠠᠵᠤ᠂ ᠪᠣᠳᠠᠲᠠᠢ ᠠᠵᠢᠯᠯᠠᠬᠤ ᠬᠥᠲᠥᠯᠪᠦᠷᠢ | ᠳᠣᠭᠲᠠᠭᠠᠨ᠂ ᠭᠦᠢᠴᠡᠳᠬᠡᠬᠦ ᠴᠤᠪᠤᠷᠠᠯ ᠢ ᠰᠢᠯᠢᠳᠡᠭᠵᠢᠭᠦᠯᠵᠦ᠂ ᠳᠠᠩᠰᠠᠯᠠᠯᠲᠠ ᠶᠢ ᠲᠥᠬᠦᠮᠯᠡᠬᠦ ᠲᠦᠪᠰᠢᠨ ᠢ ᠳᠡᠭᠡᠭᠰᠢᠯᠡᠭᠦᠯᠬᠦ ᠬᠡᠷᠡᠭᠲᠡᠢ ᠭᠡᠵᠦ ᠱᠠᠭᠠᠷᠳᠠᠵᠠᠢ᠃ |