ᠭᠤᠤ ᠢ ᠳ᠋ᠦᠩ ︽8 · 1︾ ᠤ ᠲᠣᠬᠤᠨᠢᠭᠤᠯᠬᠤ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2024/7/30
     7 ᠰᠠᠷ᠎ᠠ ᠶᠢᠨ 29 ᠤ ᠡᠳᠤᠷ᠂ ︽8 · 1︾ ᠤ ᠴᠡᠷᠢᠭ ᠪᠠᠶᠢᠭᠤᠯᠤᠭᠳᠠᠭᠰᠠᠨ ᠪᠠᠶᠠᠷ ᠭᠦᠷᠴᠤ ᠢᠷᠡᠭᠦ ᠲᠠᠰᠢᠷᠠᠮ ᠢᠶᠠᠷ᠂ ᠤᠷᠳᠤᠰ ᠤᠨ ᠲᠡᠭᠡᠳᠤ ᠰᠢᠨ᠎ᠠ ᠮᠡᠷᠭᠡᠵᠢᠯ ᠤᠨ ᠠᠵᠤ ᠦᠢᠯᠡᠰ ᠤᠨ ᠨᠡᠭᠡᠭᠡᠯᠳᠡ ᠶᠢᠨ ᠲᠤᠭᠤᠷᠢᠭ ᠤᠨ ᠨᠠᠮ ᠤᠨ ᠠᠵᠢᠯᠯᠠᠬᠤ ᠬᠤᠷᠢᠶ᠎ᠠ ᠶᠢᠨ ᠱᠦᠵᠢ᠂ ᠳ᠋ᠦᠡᠭᠱᠸᠡᠭ ᠲᠤᠭᠤᠷᠢᠭ ᠤᠨ ᠨᠠᠮ ᠤᠨ ᠬᠤᠷᠢᠶ᠎ᠠ ᠶᠢᠨ ᠱᠦᠵᠢ ᠭᠤᠤ ᠢ ᠳ᠋ᠦᠡᠭ ᠲᠤᠭᠤᠷᠢᠭ ᠤᠨ ᠠᠷᠠᠳ ᠤᠨ ᠵᠡᠪᠰᠡᠭᠳᠤ ᠭᠦᠴᠦᠨ ᠤ ᠭᠡᠯᠳᠡᠰ ᠪᠠ ᠴᠡᠷᠢᠭ ᠠᠴᠠ ᠬᠠᠯᠠᠬᠳᠠᠬᠴᠢ ᠯᠢ ᠼᠦᠨ ᠰᠢ ᠶᠢᠨ ᠭᠡᠷ ᠲᠤ ᠭᠦᠷᠴᠦ᠂ ᠲᠤᠭᠤᠷᠢᠭ ᠲᠤ ᠰᠠᠭᠤᠭ᠎ᠠ ᠴᠡᠷᠢᠭ ᠠᠩᠭᠢ ᠶᠢᠨ ᠲᠠᠷᠤᠭ᠎ᠠ ᠪᠠᠶᠢᠯᠳᠤᠬᠴᠢ ᠪᠠ ᠴᠡᠷᠢᠭ ᠠᠴᠠ ᠬᠠᠯᠠᠬᠳᠠᠬᠰᠡᠳ ᠢ ᠪᠤᠯᠭᠤᠭᠠᠨ ᠲᠤᠬᠤᠨᠢᠭᠤᠯᠤᠭᠰᠠᠨ  ᠤ ᠬᠠᠮᠳᠤ ᠲᠤᠭᠤᠷᠢᠭ ᠤᠨ ᠲᠦᠷᠪᠡᠨ ᠶᠡᠭᠡ ᠤᠳᠤᠷᠢᠳᠬᠤ ᠪᠠᠭ ᠵᠢᠴᠢ ᠪᠦᠭᠦ ᠲᠤᠭᠤᠷᠢᠭ ᠤᠨ ᠺᠠᠳ᠋ᠷ ᠤᠯᠠᠨ ᠲᠦᠮᠠᠨ ᠢ ᠲᠦᠯᠦᠭᠡᠯᠡᠨ ᠪᠠᠶᠠᠷ ᠤᠨ ᠡᠳᠦᠷ ᠤᠨ ᠮᠠᠨᠳᠤᠴᠢᠯᠡᠯ ᠪᠠ ᠴᠢᠩ ᠰᠡᠳᠭᠢᠯ ᠤᠨ ᠮᠠᠨᠳᠤᠴᠢᠯᠡᠯ ᠲᠡᠪᠰᠢᠭᠦᠯᠪᠡ᠃     ᠲᠣᠭᠤᠷᠢᠭ ᠤᠨ ᠠᠷᠠᠳ ᠤᠨ ᠵᠡᠪᠰᠡᠭᠲᠦ ᠬᠦᠴᠦᠨ ᠤ ᠬᠡᠯᠲᠡᠰ ᠲᠤ᠂ ᠭᠤᠤ ᠢ ᠳ᠋ᠦᠩ ᠡᠷᠦᠬᠡ ᠶᠢᠨ ᠴᠡᠷᠢᠭ ᠤᠨ ᠪᠠᠴᠢᠮ ᠪᠠᠶᠢᠳᠠᠯ ᠢ ᠠᠷᠭᠠᠴᠠᠬᠤ ᠲᠣᠨᠣᠭᠯᠠᠯ ᠪᠠᠭᠠᠵᠢ ᠬᠡᠷᠡᠭᠰᠡᠯ ᠤᠨ ᠬᠥᠮᠥᠷᠭᠡ᠂ ᠡᠷᠦᠬᠡ ᠶᠢᠨ ᠴᠡᠷᠢᠭ ᠤᠨ ᠴᠡᠷᠢᠭ ᠤᠨ ᠶᠠᠪᠤᠳᠠᠯ ᠤᠨ ᠪᠣᠯᠪᠠᠰᠤᠷᠠᠯ ᠤᠨ ᠰᠠᠭᠤᠷᠢᠨ ᠭᠠᠵᠠᠷ ᠵᠡᠷᠭᠡ ᠲᠠᠯᠠᠪᠤᠷ ᠢ ᠲᠣᠭᠤᠷᠢᠨ ᠦᠵᠡᠵᠦ᠂ ᠴᠡᠷᠢᠭ ᠠᠩᠭᠢ ᠶᠢᠨ ᠳᠠᠷᠤᠭ᠎ᠠ ᠪᠠᠶᠢᠯᠳᠤᠭᠴᠢᠳ ᠲᠠᠢ ᠰᠠᠨᠠᠯ ᠢᠶᠠᠨ ᠭᠦᠨᠵᠡᠭᠡᠢ ᠰᠣᠯᠢᠯᠴᠠᠵᠤ᠂ ᠲᠡᠳᠡᠨ ᠤ ᠬᠤᠨᠤᠵᠤ ᠠᠮᠠᠷᠠᠬᠤ᠂ ᠢᠳᠡᠵᠦ ᠤᠤᠭᠤᠬᠤ᠂ ᠠᠵᠢᠯᠯᠠᠵᠤ ᠠᠮᠠᠷᠠᠬᠤ ᠵᠢᠴᠢ ᠪᠣᠯᠪᠠᠰᠤᠷᠠᠯ ᠵᠡᠷᠭᠡ ᠪᠠᠶᠢᠳᠠᠯ ᠢ ᠨᠠᠷᠢᠨ ᠣᠶᠢᠯᠠᠭᠠᠪᠠ᠃ ᠲᠡᠷᠡ᠂ ᠮᠠᠨ ᠤ ᠲᠤᠭᠤᠷᠢᠭ ᠲᠤ ᠰᠠᠭᠤᠭ᠎ᠠ ᠴᠡᠷᠢᠭ ᠠᠩᠭᠢ ᠶᠢᠨ ᠥᠷᠭᠡᠨ ᠣᠯᠠᠨ ᠳᠠᠷᠤᠭ᠎ᠠ ᠪᠠᠶᠢᠯᠳᠤᠭᠴᠢᠳ ᠵᠠᠰᠠᠭ ᠢᠶᠠᠨ ᠬᠦᠷᠢᠶᠡᠯᠡᠨ ᠠᠷᠠᠳ ᠢᠶᠠᠨ ᠬᠠᠶᠢᠷᠠᠯᠠᠬᠤ ᠢᠷᠠᠭᠤ ᠠᠯᠳᠠᠷᠲᠤ ᠤᠯᠠᠮᠵᠢᠯᠠᠯ ᠢᠶᠠᠨ ᠶᠡᠭᠡ ᠪᠠᠷ ᠪᠠᠳᠠᠷᠠᠭᠤᠯᠵᠤ᠂ ᠣᠷᠣᠨ ᠨᠤᠲᠤᠭ ᠤᠨ ᠪᠦᠲᠦᠭᠡᠨ ᠪᠠᠶᠢᠭᠤᠯᠤᠯᠲᠠ ᠳᠤ ᠢᠳᠡᠪᠬᠢᠲᠡᠶ ᠣᠷᠣᠯᠴᠠᠬᠤ ᠪᠠ ᠳᠡᠮᠵᠢᠵᠦ᠂ ᠭᠠᠵᠠᠷ ᠣᠷᠣᠨ ᠤ ᠠᠵᠤ ᠠᠬᠤᠶ ᠨᠡᠶᠢᠭᠡᠮ ᠤᠨ ᠬᠥᠭᠵᠢᠯᠲᠡ ᠪᠣᠯᠤᠨ ᠠᠷᠠᠳ ᠲᠦᠮᠡᠨ ᠤ ᠠᠮᠤᠷ ᠲᠠᠶᠢᠪᠤᠩ ᠠᠵᠤ ᠲᠦᠷᠦᠭᠦ ᠳᠤ ᠴᠢᠬᠤᠯᠠ ᠬᠤᠪᠢ ᠨᠡᠮᠡᠷᠢ ᠦᠵᠡᠭᠦᠯᠦᠭᠰᠡᠭᠡᠷ ᠢᠷᠡᠵᠡᠶ᠃ ᠲᠤᠭᠤᠷᠢᠭ ᠲᠤ ᠰᠠᠭᠤᠭ᠎ᠠ ᠴᠡᠷᠢᠭ ᠠᠩᠭᠢ ᠥᠩᠭᠡᠷᠡᠭᠰᠡᠨ ᠲᠠᠢ ᠪᠠᠨ ᠠᠳᠠᠯᠢ ᠪᠠᠷ ᠳ᠋ᠦᠩᠱᠧᠩ ᠤᠨ ᠴᠢᠨᠠᠷ ᠰᠠᠶᠢᠲᠠᠢ ᠬᠥᠭᠵᠢᠯᠲᠡ ᠶᠢ ᠳᠡᠮᠵᠢᠵᠦ᠂ ᠣᠷᠣᠨ ᠨᠤᠲᠤᠭ ᠤᠨ ᠠᠵᠤ ᠠᠬᠤᠢ ᠶᠢᠨ ᠬᠥᠭᠵᠢᠯᠲᠡ ᠳᠤ ᠦᠢᠯᠡᠴᠢᠯᠡᠬᠦ᠂ ᠨᠡᠶᠢᠭᠡᠮ ᠤᠨ ᠶᠡᠭᠡ ᠲᠠᠯ᠎ᠠ ᠶᠢᠨ ᠲᠣᠭᠲᠠᠭᠤᠨ ᠢ ᠬᠠᠮᠠᠭᠠᠯᠠᠬᠤ ᠵᠡᠷᠭᠡ ᠲᠠᠯ᠎ᠠ ᠪᠠᠷ ᠨᠡᠩ ᠶᠡᠭᠡ ᠦᠢᠯᠡᠳᠦᠯ ᠦᠵᠡᠭᠦᠯᠬᠦ ᠶᠢ ᠬᠦᠰᠡᠵᠦ ᠪᠠᠶᠢᠨ᠎ᠠ᠃ ᠨᠠᠮ ᠤᠨ ᠬᠤᠷᠢᠶ᠎ᠠ᠂ ᠵᠠᠰᠠᠭ ᠤᠨ ᠣᠷᠳᠣᠨ ᠥᠩᠭᠡᠷᠡᠭᠰᠡᠨ ᠲᠠᠢ ᠪᠠᠨ ᠠᠳᠠᠯᠢ ᠪᠠᠷ ᠴᠡᠷᠢᠭ ᠠᠩᠭᠢ ᠶᠢᠨ ᠪᠥᠲᠥᠭᠡᠨ ᠪᠠᠶᠢᠭᠤᠯᠤᠯᠲᠠ ᠶᠢ ᠬᠠᠯᠠᠮᠵᠢᠯᠠᠨ ᠳᠡᠮᠵᠢᠵᠦ᠂ ᠴᠡᠷᠢᠭ ᠢᠶᠠᠨ ᠬᠦᠷᠢᠶᠡᠯᠡᠨ ᠬᠡᠷ ᠪᠦᠯᠢ ᠶᠢ ᠨᠢ ᠬᠠᠷᠠᠭᠠᠯᠵᠠᠬᠤ ᠡᠯ᠎ᠡ ᠵᠦᠢᠯ ᠤᠨ ᠲᠥᠷᠥ ᠶᠢᠨ ᠪᠣᠳᠣᠯᠭ᠎ᠠ ᠶᠢ ᠦᠨᠡᠨ ᠪᠣᠳᠠᠲᠠᠶ ᠪᠠᠷ ᠰᠠᠶᠢᠲᠤᠷ ᠨᠠᠶᠢᠳᠠᠪᠤᠷᠢᠵᠢᠭᠤᠯᠵᠤ᠂ ᠪᠣᠳᠠᠲᠤ ᠠᠵᠢᠯᠯᠠᠭ᠎ᠠ ᠪᠠᠷ ᠢᠶᠠᠨ ᠤᠯᠤᠰ ᠤᠨ ᠪᠠᠲᠤᠯᠠᠨ ᠬᠠᠮᠠᠭᠠᠯᠠᠯᠲᠠ ᠪᠠ ᠴᠡᠷᠢᠭ ᠠᠩᠭᠢ ᠶᠢᠨ ᠣᠳᠣᠬᠢᠴᠢᠯᠠᠯᠲᠠ ᠶᠢᠨ ᠪᠥᠲᠥᠭᠡᠨ ᠪᠠᠶᠢᠭᠤᠯᠤᠯᠲᠠ ᠶᠢ ᠳᠡᠮᠵᠢᠨ᠎ᠡ ᠭᠡᠵᠡᠢ᠃     ᠴᠡᠷᠢᠭ ᠠᠴᠠ ᠬᠠᠯᠠᠭᠳᠠᠭᠰᠠᠳ ᠯᠢ ᠼᠦᠨ ᠰᠢ ᠶᠢᠨ ᠭᠡᠷ ᠲᠤ᠂ ᠭᠤᠤ ᠢ ᠳ᠋ᠦᠩ ᠨᠠᠰᠤᠲᠠᠨ ᠤ ᠪᠡᠶ᠎ᠡ ᠶᠢᠨ ᠪᠠᠶᠢᠳᠠᠯ ᠪᠣᠯᠤᠨ ᠠᠮᠢᠳᠤᠷᠠᠯ ᠤᠨ ᠪᠠᠶᠢᠳᠠᠯ ᠢ ᠨᠠᠷᠢᠨ ᠠᠰᠠᠭᠤᠨ ᠯᠠᠪᠯᠠᠵᠤ᠂ ᠲᠡᠭᠦᠨ ᠤ ᠤᠯᠤᠰ ᠣᠷᠣᠨ ᠪᠣᠯᠤᠨ ᠠᠷᠠᠳ ᠲᠦᠮᠡᠨ ᠳᠤ ᠦᠵᠡᠭᠦᠯᠦᠭᠰᠡᠨ ᠬᠤᠪᠢ ᠨᠡᠮᠡᠷᠢ ᠳᠤ ᠴᠢᠩ ᠰᠡᠳᠬᠢᠯ ᠠᠴᠠ ᠪᠠᠨ ᠲᠠᠯᠠᠷᠬᠠᠵᠤ᠂ ᠨᠠᠰᠤᠲᠠᠨ ᠤ ᠪᠡᠶ᠎ᠡ ᠪᠠᠨ ᠬᠢᠴᠢᠶᠡᠵᠦ᠂ ᠡᠷᠡᠭᠦᠯ ᠴᠢᠭᠢᠷᠠᠭ ᠵᠣᠯ ᠵᠢᠷᠭᠠᠯ ᠲᠠᠢ ᠪᠠᠶᠢᠬᠤ ᠶᠢ ᠬᠦᠰᠡᠪᠡ᠃ ᠭᠤᠤ ᠢ ᠳ᠋ᠦᠩ᠂ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠢ ᠬᠠᠯᠠᠮᠵᠢᠯᠠᠬᠤ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ᠂ ᠲᠡᠳᠡᠨ ᠤ ᠬᠡᠷᠡᠭᠴᠡᠭᠡ ᠱᠠᠭᠠᠷᠳᠠᠯᠭ᠎ᠠ ᠶᠢ ᠢᠯᠡᠭᠦᠬᠡᠨ ᠣᠶᠢᠯᠠᠭᠠᠵᠤ᠂ ᠴᠡᠷᠢᠭ ᠢᠶᠠᠨ ᠬᠦᠷᠢᠶᠡᠯᠡᠨ ᠭᠡᠷ ᠪᠦᠯᠢ ᠶᠢ ᠨᠢ ᠬᠠᠷᠠᠭᠠᠯᠵᠠᠬᠤ ᠡᠯ᠎ᠡ ᠵᠦᠢᠯ ᠤᠨ ᠲᠦᠷᠦ ᠶᠢᠨ ᠪᠤᠳᠤᠯᠭ᠎ᠠ ᠶᠢ ᠰᠠᠶᠢᠲᠤᠷ ᠨᠠᠶᠢᠳᠠᠪᠤᠷᠢᠵᠢᠭᠤᠯᠵᠤ᠂ ᠨᠠᠮ ᠪᠣᠯᠤᠨ ᠵᠠᠰᠠᠭ ᠤᠨ ᠣᠷᠳᠣᠨ ᠤ ᠬᠠᠶᠢᠷ᠎ᠠ ᠬᠠᠯᠠᠮᠵᠢ ᠶᠢ ᠴᠡᠷᠢᠭ ᠤᠨ ᠠᠯᠪᠠᠨ ᠠᠴᠠ ᠬᠠᠯᠠᠭᠳᠠᠭᠰᠠᠳ ᠤᠨ ᠰᠡᠳᠬᠢᠯ ᠳᠤ ᠦᠨᠡᠨ ᠬᠦ ᠬᠦᠷᠭᠡᠬᠦ ᠬᠡᠷᠡᠭᠲᠡᠢ ᠭᠡᠵᠦ ᠵᠠᠬᠢᠪᠠ᠃    ᠲᠣᠭᠤᠷᠢᠭ ᠤᠨ ᠤᠳᠤᠷᠢᠳᠤᠯᠭ᠎ᠠ ᠳ᠋ᠦ᠋ ᠵᠢᠢ ᠺᠤᠸᠠᠨ ᠵᠢᠴᠢ ᠲᠣᠭᠤᠷᠢᠭ ᠤᠨ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠳᠠᠳ ᠣᠷᠣᠯᠴᠠᠪᠠ᠃
ᠢᠷᠡᠯᠲᠡ᠄ ᠳ᠋ᠦᠩᠱᠧᠩ ᠳᠤᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ