ᠬᠠᠨ ᠲᠤᠤ ᠠᠬᠤᠢ ᠲᠠᠯᠠᠪᠠᠢ ᠳᠤ ᠠᠯᠪᠠᠯᠠᠵᠤ ᠥᠪᠡᠷᠲᠡᠭᠡᠨ ᠵᠠᠰᠠᠬᠤ ᠣᠷᠣᠨ ᠤ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢ ᠱᠠᠯᠠᠪᠳᠠᠭᠤᠯᠤᠨ ᠪᠠᠶᠢᠴᠠᠭᠠᠵᠤ ᠳᠤᠰᠢᠶᠠᠨ ᠰᠢᠢᠳᠪᠦᠷᠢᠯᠡᠭᠦᠯᠦᠭᠰᠡᠨ ᠵᠠᠬᠢᠳᠠᠯ ᠰᠤᠷᠪᠤᠯᠵᠢᠯᠠᠭ᠎ᠠ ᠶᠢᠨ ᠬᠡᠷᠡᠭ ᠢ ᠴᠡᠭᠴᠡᠯᠡᠨ ᠰᠠᠶᠢᠵᠢᠷᠠᠭᠤᠯᠬᠤ ᠠᠵᠢᠯ ᠢ ᠠᠬᠢᠭᠤᠯᠪᠠ
ᠨᠡᠶᠢᠲᠡᠯᠡᠭᠰᠡᠨ ᠴᠠᠭ᠄
2024/7/30
     7 ᠰᠠᠷ᠎ᠠ ᠶᠢᠨ 29 ᠤ ᠡᠳᠤᠷ᠂ ᠳ᠋ᠦᠡᠭᠱᠸᠡᠭ ᠲᠤᠭᠤᠷᠢᠭ ᠤᠨ ᠨᠠᠮ ᠤᠨ ᠬᠤᠷᠢᠶᠠᠨ ᠤ ᠲᠡᠳ᠋ ᠱᠦᠵᠢ᠂ ᠲᠤᠭᠤᠷᠢᠭ ᠤᠨ ᠲᠠᠷᠤᠭ᠎ᠠ ᠬᠠᠨ ᠲᠤᠤ ᠨᠡᠭᠦᠷᠡᠰᠤᠨ ᠠᠭᠤᠷᠬᠠᠢ ᠶᠢᠨ ᠤᠷᠤᠨ᠂ ᠬᠤᠳᠠ ᠶᠢᠨ ᠶᠠᠪᠤᠳᠠᠯ ᠤᠨ ᠵᠠᠮ᠂ ᠪᠠᠷᠢᠯᠭ᠎ᠠ ᠶᠢᠨ ᠭᠠᠵᠠᠷ ᠵᠢᠴᠢ ᠭᠡᠰᠡᠭ ᠰᠠᠭᠤᠭᠠᠯᠢ ᠲᠤᠭᠤᠷᠢᠭ ᠤᠨ ᠡᠷᠬᠢᠨ ᠲᠤᠭᠤᠷᠢᠨ ᠵᠡᠷᠭᠡ ᠭᠠᠵᠠᠷ ᠢᠶᠠᠷ ᠭᠦᠨᠵᠡᠭᠡᠶᠢᠷᠡᠵᠤ᠂ ᠲᠤᠬᠠᠢ ᠶᠢᠨ ᠭᠠᠵᠠᠷ ᠤᠨ ᠬᠤᠯᠪᠤᠬᠳᠠᠯ ᠪᠦᠭᠦᠢ ᠪᠠᠶᠢᠳᠠᠯ ᠢ ᠪᠤᠳᠠᠳᠤ ᠭᠠᠵᠠᠷ ᠲᠤᠨᠢ ᠪᠠᠶᠢᠴᠠᠭᠠᠨ ᠦᠵᠠᠵᠤ᠂ ᠦᠪᠡᠷᠳᠡᠭᠡᠨ ᠵᠠᠰᠠᠬᠤ ᠤᠷᠤᠨ ᠤ ᠠᠮᠢ ᠠᠬᠤᠢ ᠤᠷᠴᠢᠨ ᠲᠤᠭᠤᠷᠢᠨ ᠤ ᠬᠠᠮᠠᠭᠠᠯᠠᠯᠳᠠ ᠶᠢᠨ ᠱᠠᠯᠠᠪᠳᠠᠭᠤᠯᠤᠨ ᠪᠠᠶᠢᠴᠠᠭᠠᠵᠤ ᠳᠤᠰᠢᠶᠠᠨ ᠰᠢᠢᠳᠪᠤᠷᠢᠯᠡᠭᠦᠯᠦᠭᠰᠡᠨ ᠵᠠᠭᠢᠳᠠᠯ ᠰᠤᠷᠪᠤᠯᠵᠢᠯᠠᠭ᠎ᠠ  ᠶᠢᠨ ᠬᠡᠷᠡᠭ ᠢ ᠶᠢ ᠴᠡᠭᠴᠡᠯᠡᠨ ᠰᠠᠶᠢᠵᠢᠷᠠᠭᠤᠯᠬᠤ ᠠᠵᠢᠯ ᠢ ᠵᠤᠭᠢᠴᠠᠭᠤᠯᠤᠨ ᠠᠭᠢᠭᠤᠯᠪᠠ᠃ ᠬᠤᠲᠠ ᠶᠢᠨ ᠳᠡᠰ ᠤᠨ ᠳ᠋ᠦᠩᠱᠧᠩ ᠲᠣᠭᠤᠷᠢᠭ ᠤᠨ ᠪᠠᠶᠢᠴᠠᠭᠠᠬᠤ ᠲᠤᠭᠤᠶᠢᠯᠠᠩ ᠤᠨ ᠬᠠᠮᠢᠶ᠎ᠠ ᠪᠦᠬᠦᠢ ᠬᠠᠷᠢᠭᠤᠴᠠᠯᠭᠠᠳᠠᠳ ᠲᠤᠬᠠᠢ ᠶᠢᠨ ᠲᠠᠯᠠᠪᠠᠢ ᠳᠤ ᠬᠦᠷᠴᠦ ᠵᠢᠭᠠᠨ ᠵᠢᠯᠤᠭᠤᠳᠪᠠ᠃     ᠬᠠᠨ ᠲᠤᠤ᠂ ᠵᠠᠬᠢᠳᠠᠯ ᠰᠤᠷᠪᠤᠯᠵᠢᠯᠠᠭ᠎ᠠ ᠶᠢᠨ ᠬᠡᠷᠡᠭ ᠢ ᠴᠢᠨᠠᠷ ᠰᠠᠶᠢᠲᠠᠢ ᠰᠢᠢᠳᠪᠦᠷᠢᠯᠡᠬᠦ ᠪᠣᠯ ᠰᠢ ᠶᠢᠨ ᠫᠢᠩ ᠤᠨ ᠠᠮᠢ ᠠᠬᠤᠢ ᠶᠢᠨ ᠪᠣᠯᠪᠠᠰᠤᠨ ᠤ ᠦᠵᠡᠯ ᠰᠠᠨᠠᠭ᠎ᠠ ᠶᠢ ᠭᠦᠨᠵᠡᠭᠡᠢ ᠲᠤᠤᠱᠯᠠᠭᠤᠯᠤᠨ ᠨᠠᠶᠢᠳᠠᠪᠤᠷᠢᠵᠢᠭᠤᠯᠬᠤ᠂ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢᠨ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠬᠦ ᠪᠣᠳᠠᠲᠠᠢ ᠠᠵᠢᠯᠯᠠᠭ᠎ᠠ ᠪᠣᠯᠤᠨ᠎ᠠ᠃ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠨᠢᠭᠡᠴᠡ ᠶᠢᠨ ᠬᠢᠨ ᠠᠷᠠᠳ ᠲᠦᠮᠡᠨ ᠢᠶᠠᠷ ᠭᠤᠣᠯ ᠪᠣᠯᠭᠠᠬᠤ ᠶᠢ ᠪᠠᠷᠢᠮᠲᠠᠯᠠᠵᠤ᠂ ᠵᠠᠬᠢᠳᠠᠯ ᠰᠤᠷᠪᠤᠯᠵᠢᠯᠠᠭ᠎ᠠ ᠶᠢᠨ ᠬᠡᠷᠡᠭ ᠢ ᠰᠢᠢᠳᠪᠦᠷᠢᠯᠡᠬᠦ ᠠᠵᠢᠯ ᠢ ᠬᠠᠮᠤᠭ ᠤᠨ ᠶᠡᠭᠡ ᠡᠷᠴᠢᠮ ᠢᠶᠠᠷ ᠠᠬᠢᠭᠤᠯᠵᠤ᠂ ᠤᠯᠠᠨ ᠲᠦᠮᠡᠨ ᠤ ᠠᠩᠬᠠᠷᠴᠤ ᠪᠠᠶᠢᠭ᠎ᠠ ᠠᠰᠠᠭᠤᠳᠠᠯ ᠳᠤ ᠢᠳᠡᠪᠬᠢᠲᠡᠢ ᠬᠠᠷᠢᠭᠤᠯᠲᠠ ᠥᠭᠴᠦ᠂ ᠤᠯᠠᠨ ᠲᠦᠮᠡᠨ ᠤ ᠳᠡᠷᠭᠡᠳᠡᠬᠢ ᠠᠮᠢ ᠠᠬᠤᠢ ᠣᠷᠴᠢᠨ ᠲᠣᠭᠤᠷᠢᠨ ᠤ ᠠᠰᠠᠭᠤᠳᠠᠯ ᠢ ᠪᠦᠲᠦᠮᠵᠢᠲᠡᠢ ᠰᠠᠶᠢᠲᠤᠷ ᠰᠢᠢᠳᠪᠦᠷᠢᠯᠡᠬᠦ ᠬᠡᠷᠡᠭᠲᠡᠢ᠃ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠶᠢ ᠴᠢᠩᠭ᠎ᠠ ᠪᠣᠳᠠᠲᠠᠢ ᠠᠳᠬᠤᠵᠤ᠂ ᠤᠯᠠᠨ ᠲᠦᠮᠡᠨ ᠤ ᠲᠤᠰᠬᠠᠭᠰᠠᠨ ᠠᠭᠤᠷᠬᠠᠢ ᠶᠢᠨ ᠤᠷᠤᠨ ᠤ ᠴᠡᠭᠴᠡᠯᠡᠨ ᠵᠠᠰᠠᠯᠳᠠ᠂ ᠪᠠᠷᠢᠯᠭ᠎ᠠ ᠶᠢᠨ ᠲᠠᠭᠤ ᠱᠤᠤᠭᠢᠶᠠᠨ᠂ ᠰᠥᠨᠢ ᠶᠢᠨ ᠳ᠋ᠧᠩ ᠤᠨ ᠭᠡᠷᠡᠯ᠂ ᠵᠠᠮ ᠤᠨ ᠲᠣᠭᠤᠰᠣ ᠳᠡᠭᠳᠡᠬᠦ ᠵᠡᠷᠭᠡ ᠠᠰᠠᠭᠤᠳᠠᠯ ᠳᠤ ᠴᠢᠭᠯᠡᠭᠦᠯᠦᠨ᠂ ᠡᠯ᠎ᠡ ᠵᠦᠢᠯ ᠤᠨ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠨᠠᠷᠢᠨ ᠨᠢᠮᠪᠠᠢ ᠪᠠᠶᠢᠩᠭᠤᠵᠢᠭᠤᠯᠤᠨ ᠪᠤᠳᠠᠳᠠᠶᠢᠵᠢᠭᠤᠯᠵᠤ᠂ ᠪᠠᠷᠢᠯᠭ᠎ᠠ ᠶᠢᠨ ᠠᠵᠢᠯ ᠤᠨ ᠵᠣᠬᠢᠶᠠᠨ ᠪᠠᠶᠢᠭᠤᠯᠤᠯᠲᠠ ᠶᠢᠨ ᠬᠠᠮᠢᠶᠠᠷᠤᠯᠲᠠ ᠶᠢ ᠦᠷᠭᠦᠯᠵᠢᠯᠡᠨ ᠴᠢᠩᠭᠠᠳᠬᠠᠵᠤ᠂ ᠡᠳ᠋ ᠪᠣᠳᠠᠰ ᠤᠨ ᠲᠡᠭᠡᠭᠡᠪᠦᠷᠢ ᠶᠢᠨ ᠲᠡᠷᠭᠡ ᠬᠥᠰᠬᠡ ᠶᠢᠨ ᠬᠠᠤᠯᠢ ᠬᠡᠷᠡᠭᠵᠢᠭᠦᠯᠦᠯᠲᠡ ᠶᠢ ᠬᠠᠮᠢᠶᠠᠷᠤᠨ ᠡᠵᠡᠮᠳᠡᠬᠦ ᠶᠢ ᠴᠢᠩᠭᠠᠳᠬᠠᠨ᠂ ᠤᠯᠠᠨ ᠲᠦᠮᠡᠨ ᠤ ᠠᠵᠢᠯ ᠢ ᠰᠡᠳᠬᠢᠯ ᠲᠠᠯᠪᠢᠨ ᠬᠦᠴᠦ ᠣᠷᠣᠭᠤᠯᠤᠨ ᠰᠠᠶᠢᠲᠤᠷ ᠬᠢᠵᠦ᠂ ᠠᠷᠠᠳ ᠤᠯᠠᠨ ᠤ ᠬᠠᠨᠤᠮᠵᠢ ᠶᠢᠨ ᠬᠡᠮᠵᠢᠶ᠎ᠡ ᠶᠢ ᠲᠠᠰᠤᠷᠠᠯᠲᠠ ᠦᠭᠡᠢ ᠳᠡᠭᠡᠭᠰᠢᠯᠡᠭᠦᠯᠬᠦ ᠬᠡᠷᠡᠭᠲᠡᠢ᠃ ᠬᠢᠨᠠᠯᠲᠠ ᠬᠠᠮᠢᠶᠠᠷᠤᠯᠲᠠ ᠶᠢᠨ ᠶᠠᠰᠤ ᠴᠢᠨᠠᠷ ᠦᠷ᠎ᠡ ᠪᠦᠲᠦᠮᠵᠢ ᠶᠢ ᠳᠡᠭᠡᠭᠰᠢᠯᠡᠭᠦᠯᠵᠦ᠂ ᠡᠯ᠎ᠡ ᠲᠠᠯ᠎ᠠ ᠶᠢᠨ ᠬᠠᠷᠢᠭᠤᠴᠠᠯᠭ᠎ᠠ ᠶᠢ ᠴᠢᠩᠭ᠎ᠠ ᠪᠤᠳᠠᠳᠠᠶᠢᠵᠢᠭᠤᠯᠤᠨ᠂ ᠪᠠᠷᠢᠯᠭ᠎ᠠ ᠶᠢᠨ ᠭᠠᠵᠠᠷ᠂ ᠨᠡᠭᠦᠷᠡᠰᠦᠨ ᠠᠭᠤᠷᠬᠠᠢ  ᠶᠢᠨ ᠣᠷᠣᠨ᠂ ᠵᠠᠮ ᠲᠡᠭᠡᠭᠡᠪᠦᠷᠢ ᠵᠡᠷᠭᠡ ᠭᠤᠣᠯᠳᠠᠯᠭ᠎ᠠ ᠲᠠᠢ ᠬᠦᠷᠢᠶᠡᠨ ᠤ ᠬᠢᠨᠠᠯᠲᠠ ᠬᠠᠮᠢᠶᠠᠷᠤᠯᠲᠠ ᠪᠠ ᠬᠠᠤᠯᠢ ᠬᠡᠷᠡᠭᠵᠢᠭᠦᠯᠬᠦ ᠡᠷᠴᠢᠮ ᠢ ᠴᠢᠩᠭᠠᠷᠠᠭᠤᠯᠵᠤ᠂ ᠵᠠᠮ ᠬᠠᠷᠢᠯᠴᠠᠭᠠᠨ ᠤ ᠬᠠᠮᠢᠶᠠᠷᠤᠯᠲᠠ᠂ ᠬᠤᠳᠠ ᠶᠢᠨ ᠬᠠᠮᠢᠶᠠᠷᠤᠯᠲᠠ᠂ ᠣᠷᠣᠨ ᠰᠠᠭᠤᠴᠠ ᠪᠠ ᠬᠤᠳᠠ ᠬᠥᠳᠡᠭᠡ ᠶᠢᠨ ᠪᠦᠳᠦᠭᠡᠨ ᠪᠠᠶᠢᠭᠤᠯᠤᠯᠲᠠ ᠵᠡᠷᠭᠡ ᠰᠠᠯᠠᠭ᠎ᠠ ᠮᠥᠴᠢᠷ ᠤᠨ ᠬᠠᠮᠲᠤᠷᠠᠭᠰᠠᠨ ᠬᠠᠤᠯᠢ ᠬᠡᠷᠡᠭᠵᠢᠭᠦᠯᠦᠯᠲᠡ ᠶᠢᠨ ᠪᠠᠶᠢᠴᠠᠭᠠᠯᠲᠠ ᠶᠢ ᠴᠢᠩᠭᠠᠳᠬᠠᠵᠤ᠂ ᠣᠷᠴᠢᠨ ᠲᠣᠭᠤᠷᠢᠨ ᠤ ᠪᠣᠬᠢᠷᠲᠤᠯ ᠢ ᠡᠬᠢ ᠡᠭᠦᠰᠦᠯ ᠠᠴᠠ ᠨᠢ ᠰᠡᠷᠭᠡᠶᠢᠯᠡᠨ ᠵᠠᠰᠠᠬᠤ ᠬᠡᠷᠡᠭᠲᠡᠢ᠃ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠶᠢ ᠠᠬᠢᠭᠤᠯᠬᠤ ᠪᠠ ᠤᠷᠳᠤ ᠬᠤᠭᠤᠴᠠᠭᠠᠨ ᠤ ᠪᠦᠲᠦᠮᠵᠢᠲᠡᠢ ᠲᠣᠭᠲᠠᠴᠠ ᠶᠢ ᠪᠠᠶᠢᠭᠤᠯᠬᠤ ᠲᠠᠢ ᠤᠶᠠᠯᠳᠤᠭᠤᠯᠵᠤ᠂ ᠨᠢᠭᠡ ᠠᠴᠠ ᠵᠦᠢᠴᠢᠯᠡᠵᠦ ᠨᠦᠬᠦᠭᠡ ᠶᠢ ᠮᠡᠳᠡᠨ᠂ ᠦᠩᠭᠡᠨ ᠲᠠᠯ᠎ᠠ ᠪᠠ ᠦᠨᠳᠦᠰᠦ ᠠᠴᠠ ᠨᠢ ᠵᠠᠰᠠᠵᠤ᠂ ᠪᠠᠶᠢᠩᠭᠤᠵᠢᠭᠰᠠᠨ ᠤᠷᠳᠤ ᠬᠤᠭᠤᠴᠠᠭᠠᠨ ᠤ ᠪᠦᠲᠦᠮᠵᠢᠲᠡᠢ ᠪᠠᠶᠢᠬᠤ ᠶᠢ ᠪᠠᠳᠤᠯᠠᠨ᠂ ᠠᠮᠢ ᠠᠬᠤᠢ ᠣᠷᠴᠢᠨ ᠲᠣᠭᠤᠷᠢᠨ ᠤ ᠵᠠᠰᠠᠯᠲᠠ ᠶᠢᠨ ᠴᠢᠳᠠᠪᠤᠷᠢ ᠶᠢ ᠦᠷᠭᠦᠯᠵᠢᠯᠡᠨ ᠴᠢᠩᠭᠠᠳᠬᠠᠵᠤ᠂ ᠠᠮᠢ ᠠᠬᠤᠢ ᠣᠷᠴᠢᠨ ᠲᠣᠭᠤᠷᠢᠨ ᠤ ᠶᠠᠰᠤ ᠴᠢᠨᠠᠷ ᠢ ᠲᠠᠰᠤᠷᠠᠯᠲᠠ ᠦᠭᠡᠢ ᠪᠠᠬᠢᠵᠢᠭᠦᠯᠦᠨ ᠳᠡᠭᠡᠭᠰᠢᠯᠡᠭᠦᠯᠬᠦ ᠬᠡᠷᠡᠭᠲᠡᠢ ᠭᠡᠵᠤ ᠵᠢᠭᠠᠵᠤ ᠭᠠᠷᠭᠠᠪᠠ᠃     ᠲᠣᠭᠤᠷᠢᠭ ᠤᠨ ᠤᠳᠤᠷᠢᠳᠤᠯᠭ᠎ᠠ ᠭᠤᠤ ᠮᠢᠩ᠂ ᠸᠠᠩ ᡁᠢ᠂ ᠵᠠᠩ ᠵᠢᠶᠠᠨ ᠭᠦᠩ ᠣᠷᠣᠯᠴᠠᠪᠠ᠃
ᠢᠷᠡᠯᠲᠡ᠄ ᠳ᠋ᠦᠩᠱᠧᠩ ᠳᠤᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ