ᠬᠠᠨ ᠲᠤᠤ ᠳᠣᠯᠣᠳᠤᠭᠠᠷ ᠬᠤᠭᠤᠴᠠᠭᠠᠨ ᠤ ᠳᠤᠮᠳᠠᠳᠤ ᠤᠯᠤᠰ ︵ᠤᠷᠳᠤᠰ︶ ᠤᠨ ᠤᠯᠠᠨ ᠤᠯᠤᠰ ᠤᠨ ᠨᠤᠤᠰᠤ ᠨᠤᠤᠯᠤᠭᠤᠷ ᠤᠨ ᠦᠵᠡᠰᠬᠦᠯᠡᠩ ᠤᠨ ᠪᠡᠯᠡᠳᠬᠡᠯ ᠪᠠᠶᠢᠳᠠᠯ ᠳᠤ ᠲᠤᠬᠢᠷᠠᠭᠤᠯᠤᠯᠳᠠ ᠬᠢᠪᠡ
ᠨᠡᠶᠢᠲᠡᠯᠡᠭᠰᠡᠨ ᠴᠠᠭ᠄
2024/7/9
     7 ᠰᠠᠷ᠎ᠠ ᠶᠢᠨ 8 ᠤ ᠡᠳᠤᠷ᠂ ᠳ᠋ᠦᠡᠭᠱᠸᠡᠭ ᠲᠤᠭᠤᠷᠢᠭ ᠤᠨ ᠨᠠᠮ ᠤᠨ ᠬᠤᠷᠢᠶᠠᠨ ᠤ ᠲᠡᠳ᠋ ᠱᠦᠵᠢ᠂ ᠲᠤᠭᠤᠷᠢᠭ ᠤᠨ ᠲᠠᠷᠤᠭ᠎ᠠ ᠬᠠᠨ ᠲᠤᠤ ᠲᠤᠰᠬᠠᠢ ᠰᠡᠳᠦᠪᠳᠤ ᠬᠤᠷᠠᠯ ᠢ ᠡᠷᠭᠢᠯᠡᠨ ᠬᠤᠷᠠᠯᠳᠤᠭᠤᠯᠵᠤ᠂ ᠲᠤᠯᠤᠳᠤᠭᠠᠷ ᠬᠤᠭᠤᠴᠠᠭᠠᠨ ᠤ ᠲᠤᠮᠳᠠᠳᠤ ᠤᠯᠤᠰ ︵ᠤᠷᠳᠤᠰ︶ ᠤᠨ ᠤᠯᠠᠨ ᠤᠯᠤᠰ ᠤᠨ ᠨᠤᠤᠰᠤ ᠨᠤᠤᠯᠤᠭᠤᠷ ᠤᠨ ᠦᠵᠡᠰᠬᠦᠯᠡᠩ ᠤᠨ ᠪᠡᠯᠡᠳᠭᠡᠯ ᠪᠠᠶᠢᠳᠠᠯ ᠳᠤ ᠲᠤᠬᠢᠷᠠᠭᠤᠯᠤᠯᠳᠠ ᠬᠢᠵᠠᠢ᠃     ᠬᠤᠷᠠᠯ ᠠᠴᠠ᠂ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠭᠤᠣᠯ ᠰᠡᠳᠦᠪ ᠢᠶᠠᠨ ᠲᠤᠪᠤᠶᠢᠯᠭᠠᠵᠦ᠂ ᠰᠡᠳᠬᠢᠬᠦᠢ ᠪᠠᠨ ᠰᠢᠨᠡᠴᠢᠯᠡᠨ᠂ ᠳᠡᠯᠡᠬᠡᠢ  ᠶᠢᠨ ᠲᠡᠰ ᠤᠨ ᠨᠤᠤᠰᠤ ᠨᠤᠤᠯᠤᠭᠤᠷ ᠤᠨ ᠠᠵᠤ ᠦᠢᠯᠡᠰ ᠢ ᠪᠠᠶᠢᠭᠤᠯᠬᠤ ᠬᠠᠷᠠᠯᠲᠠ ᠶᠢᠨ ᠲᠣᠭᠤᠷᠢᠨ ᠳᠤ᠂ ᠤᠯᠤᠰ ᠤᠨ ᠳᠣᠲᠣᠭᠠᠳᠤ ᠭᠠᠳᠠᠭᠠᠳᠤ ᠶᠢᠨ ᠨᠤᠤᠰᠤ ᠨᠤᠤᠯᠤᠭᠤᠷ ᠤᠨ ᠠᠵᠤ ᠠᠬᠤᠶᠢᠯᠠᠯ ᠤᠨ ᠰᠣᠯᠢᠯᠴᠠᠭ᠎ᠠ᠂ ᠪᠡᠯᠡ ᠣᠷᠣᠭᠤᠯᠤᠯᠲᠠ ᠶᠢᠨ ᠵᠥᠪᠳᠡᠯᠴᠡᠭᠡ᠂ ᠲᠠᠸᠠᠷ ᠤᠨ ᠦᠵᠡᠭᠦᠯᠦᠯᠭᠡ᠂ ᠲᠦᠷᠦᠯ ᠵᠦᠢᠯ ᠢ ᠵᠣᠯᠭᠠᠭᠤᠯᠬᠤ ᠶᠢ ᠨᠢᠭᠡ ᠴᠤᠬᠴᠠᠵᠢᠭᠤᠯᠤᠬᠰᠠᠨ ᠠᠵᠤ ᠠᠬᠤᠢ ᠠᠷᠠᠯᠵᠢᠶ᠎ᠠ ᠬᠤᠳᠠᠯᠳᠤᠭ᠎ᠠ ᠬᠠᠮᠲᠤᠷᠠᠯᠴᠠᠭ᠎ᠠ ᠰᠣᠯᠢᠯᠴᠠᠭᠠᠨ ᠤ ᠲᠠᠪᠴᠠᠩ ᠢ ᠬᠦᠴᠦᠯᠡᠨ ᠪᠠᠶᠢᠭᠤᠯᠵᠤ᠂ ︽ᠳᠤᠮᠳᠠᠳᠤ ᠤᠯᠤᠰ ᠤᠨ ᠨᠤᠤᠯᠤᠭᠤᠷ ᠤᠨ ᠬᠤᠳᠠ︾ ᠶᠢᠨ ᠨᠥᠯᠥᠭᠡᠯᠡᠬᠦ ᠬᠦᠴᠦᠨ ᠢ ᠦᠷᠭᠦᠯᠵᠢᠯᠡᠨ ᠥᠷᠭᠡᠳᠬᠡᠬᠦ ᠬᠡᠷᠡᠭᠲᠡᠢ᠃ ᠲᠥᠰᠦᠯ ᠢ ᠰᠢᠯᠢᠳᠡᠭᠵᠢᠭᠦᠯᠵᠦ᠂ ᠲᠣᠬᠢᠷᠠᠭᠤᠯᠤᠯᠲᠠ ᠶᠢ ᠨᠠᠷᠢᠯᠢᠭᠵᠢᠭᠤᠯᠤᠨ᠂ ᠴᠠᠭ ᠬᠤᠭᠤᠴᠠᠭᠠᠨ ᠤ ᠵᠠᠩᠭᠢᠯᠠᠭ᠎ᠠ ᠴᠡᠭ ᠢ ᠴᠢᠩᠭ᠎ᠠ ᠠᠩᠬᠠᠷᠴᠤ᠂ ᠳᠡᠭᠡᠳᠦ ᠱᠠᠲᠤᠨ ᠤ ᠰᠠᠯᠠᠭ᠎ᠠ ᠮᠥᠴᠢᠷ ᠲᠠᠢ ᠢᠳᠡᠪᠬᠢᠲᠡᠢ ᠵᠣᠬᠢᠴᠠᠭᠤᠯᠤᠨ ᠵᠣᠯᠭᠠᠭᠤᠯᠵᠤ᠂ ᠦᠵᠡᠰᠬᠦᠯᠡᠩ ᠤᠨ ᠬᠦᠨᠳᠦᠲᠦ ᠵᠣᠴᠢᠳ ᠢ ᠤᠷᠢᠬᠤ᠂ ᠬᠤᠷᠠᠯ ᠤᠨ ᠶᠠᠪᠤᠳᠠᠯ ᠢ ᠬᠦᠯᠢᠶᠡᠨ ᠠᠪᠬᠤ᠂ ᠠᠭᠤᠷ ᠠᠮᠢᠰᠬᠤᠯ ᠢ ᠪᠤᠢ ᠪᠣᠯᠭᠠᠬᠤ ᠵᠡᠷᠭᠡ ᠡᠯ᠎ᠡ ᠵᠦᠢᠯ ᠤᠨ ᠪᠡᠯᠡᠳᠬᠡᠯ ᠠᠵᠢᠯ ᠢ ᠨᠠᠷᠢᠨ ᠨᠢᠮᠪᠠᠢ ᠰᠠᠶᠢᠲᠤᠷ ᠬᠢᠬᠦ ᠬᠡᠷᠡᠭᠲᠡᠢ᠃ ᠦᠵᠡᠰᠬᠦᠯᠡᠩ ᠤᠨ ᠥᠷᠲᠡᠭ ᠨᠡᠮᠡᠭᠳᠡᠯ ᠤᠨ ᠦᠢᠯᠡᠴᠢᠯᠡᠭᠡ ᠶᠢ ᠢᠳᠡᠪᠬᠢᠲᠡᠶ ᠬᠠᠶᠢᠨ ᠰᠦᠪᠡᠭᠴᠢᠯᠡᠵᠦ᠂ ᠠᠵᠢᠯᠯᠠᠭᠠᠨ ᠤ ᠠᠴᠢᠶᠠᠯᠠᠪᠤᠷᠢ ᠶᠢᠨ ᠰᠢᠨ᠎ᠡ ᠶᠢ ᠡᠭᠦᠳᠦᠨ ᠪᠠᠶᠠᠯᠢᠭᠵᠢᠭᠤᠯᠵᠤ᠂ ᠠᠵᠤ ᠦᠢᠯᠡᠰ ᠤᠨ ᠦᠵᠡᠰᠬᠦᠯᠡᠩ᠂ ᠨᠠᠷᠠᠲᠤ ᠲᠡᠮᠳᠡᠭ ᠨᠡᠶᠢᠲᠡᠯᠡᠬᠦ᠂ ᠬᠤᠳᠠᠯᠳᠤᠭᠠᠴᠢᠨ ᠤᠷᠢᠵᠤ ᠪᠠᠯᠠ ᠣᠷᠣᠭᠤᠯᠬᠤ ᠵᠡᠷᠭᠡ ᠰᠢᠷᠢᠰ ᠠᠵᠢᠯᠯᠠᠭ᠎ᠠ ᠪᠠᠷ ᠳᠠᠮᠵᠢᠭᠤᠯᠤᠨ᠂ ᠨᠠᠩ ᠣᠯᠠᠨ ᠨᠤᠤᠯᠤᠭᠤᠷ ᠤᠨ ᠨᠡᠬᠡᠮᠡᠯ ᠤᠨ ᠠᠵᠤ ᠠᠬᠤᠶᠢᠯᠠᠯ ᠢ ᠣᠷᠳᠣᠰ ᠲᠤ ᠢᠷᠡᠬᠦᠯᠵᠤ ᠪᠠᠯᠠ ᠤᠷᠤᠭᠤᠯᠤᠨ ᠬᠠᠮᠳᠤᠷᠠᠯᠴᠠᠵᠤ᠂ ᠨᠤᠤᠰᠤ ᠨᠤᠤᠯᠤᠭᠤᠷ ᠤᠨ ᠠᠵᠤ ᠦᠢᠯᠡᠰ ᠤᠨ ᠲᠥᠪᠯᠡᠷᠡᠨ ᠬᠥᠭᠵᠢᠬᠦ ᠶᠢ ᠠᠬᠢᠭᠤᠯᠬᠤ ᠬᠡᠷᠡᠭᠲᠡᠶ᠃ ᠠᠵᠢᠯᠯᠠᠭᠠᠨ ᠤ ᠲᠠᠯᠠᠪᠤᠷ᠂ ᠲᠣᠨᠤᠭ ᠲᠥᠬᠦᠭᠡᠷᠦᠮᠵᠢ᠂ ᠢᠳᠡᠭᠡᠨ ᠤ ᠵᠦᠢᠯ ᠤᠨ ᠡᠷᠡᠭᠦᠯ ᠬᠠᠮᠠᠭᠠᠯᠠᠯ᠂ ᠠᠮᠤᠷ ᠲᠦᠪᠰᠢᠨ ᠵᠡᠷᠭᠡ ᠡᠯ᠎ᠡ ᠵᠦᠢᠯ ᠤᠨ ᠪᠠᠲᠤᠯᠠᠭ᠎ᠠ ᠶᠢᠨ ᠠᠵᠢᠯ ᠢ ᠯᠠᠪᠳᠠᠭᠤᠨ ᠪᠠᠲᠤᠲᠠᠶ ᠰᠠᠶᠢᠲᠤᠷ ᠬᠢᠵᠦ᠂ ᠦᠵᠡᠰᠬᠦᠯᠡᠩ ᠤᠨ ᠰᠠᠶᠢᠨ ᠦᠷ᠎ᠡ ᠪᠦᠲᠦᠮᠵᠢ ᠣᠯᠬᠤ ᠶᠢ ᠪᠠᠲᠤᠯᠠᠬᠤ ᠬᠡᠷᠡᠭᠲᠡᠶ ᠭᠡᠵᠤ ᠴᠢᠬᠤᠯᠠᠴᠢᠯᠠᠪᠠ᠃     ᠲᠣᠭᠤᠷᠢᠭ ᠤᠨ ᠤᠳᠤᠷᠢᠳᠤᠯᠭ᠎ᠠ ᠶᠠᠩ ᠶᠦᠨ ᠵᠢᠴᠢ ᠳᠡᠭᠡᠳᠦ ᠰᠢᠨ᠎ᠡ ᠮᠡᠷᠭᠡᠵᠢᠯ ᠤᠨ ᠲᠣᠭᠤᠷᠢᠭ ᠤᠨ ᠬᠥᠩᠭᠡᠨ ᠠᠵᠤ ᠦᠢᠯᠡᠳᠪᠦᠷᠢ ᠶᠢᠨ ᠬᠦᠷᠢᠶᠡᠯᠡᠩ ᠤᠨ ᠬᠠᠮᠢᠶ᠎ᠠ ᠪᠦᠬᠦᠢ ᠬᠠᠷᠢᠭᠤᠴᠠᠯᠭᠠᠳᠠᠳ ᠬᠤᠷᠠᠯ ᠳᠤ ᠣᠷᠣᠯᠴᠠᠪᠠ᠃
ᠢᠷᠡᠯᠲᠡ᠄ ᠳ᠋ᠦᠩᠱᠧᠩ ᠳᠤᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ