ᠬᠠᠨ ᠲᠤᠤ ︽8 · 1︾ ᠤ ᠲᠣᠬᠤᠨᠢᠭᠤᠯᠬᠤ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2024/8/1
     7 ᠰᠠᠷ᠎ᠠ ᠶᠢᠨ 30 ᠤ ᠡᠳᠤᠷ᠂ ︽8 · 1︾ ᠤ ᠴᠡᠷᠢᠭ ᠪᠠᠶᠢᠭᠤᠯᠤᠭᠳᠠᠭᠰᠠᠨ ᠪᠠᠶᠠᠷ ᠬᠦᠷᠴᠦ ᠢᠷᠡᠬᠦ ᠲᠠᠰᠢᠷᠠᠮ ᠢᠶᠠᠷ᠂ ᠳ᠋ᠦᠩᠱᠧᠩ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠲᠣᠭᠤᠷᠢᠭ ᠤᠨ ᠳᠠᠷᠤᠭ᠎ᠠ ᠬᠠᠨ ᠲᠤᠤ ᠰᠠᠭᠤᠭ᠎ᠠ ᠭᠠᠵᠠᠷ ᠤᠨ ᠴᠡᠷᠢᠭ ᠠᠩᠭᠢ ᠳᠤ ᠬᠦᠷᠴᠦ ᠴᠡᠷᠢᠭ ᠠᠩᠭᠢ ᠶᠢᠨ ᠳᠠᠷᠤᠭ᠎ᠠ ᠪᠠᠶᠢᠯᠳᠤᠭᠴᠢᠳ ᠢ ᠪᠣᠯᠭᠤᠭᠠᠨ ᠲᠣᠬᠤᠨᠢᠭᠤᠯᠤᠭᠰᠠᠨ ᠪᠥᠭᠡᠳ ᠲᠣᠭᠤᠷᠢᠭ ᠤᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠢ ᠲᠥᠯᠥᠭᠡᠯᠡᠨ ᠲᠡᠳᠡᠨ ᠳᠤ ᠪᠠᠶᠠᠷ ᠤᠨ ᠡᠳᠦᠷ ᠤᠨ ᠵᠥᠩᠨᠡᠯ ᠪᠠ ᠴᠢᠩ ᠰᠡᠳᠬᠢᠯ ᠤᠨ ᠮᠡᠨᠳᠦᠴᠢᠯᠡᠯ ᠳᠡᠪᠰᠢᠭᠦᠯᠪᠡ᠃     ᠰᠠᠭᠤᠭ᠎ᠠ ᠭᠠᠵᠠᠷ ᠤᠨ ᠴᠡᠷᠢᠭ ᠠᠩᠭᠢ ᠳᠤ᠂ ᠬᠠᠨ ᠲᠤᠤ ᠴᠡᠷᠢᠭ ᠤᠨ ᠬᠤᠸᠠᠷᠠᠨ ᠤ ᠪᠦᠳᠦᠭᠡᠨ ᠪᠠᠶᠢᠭᠤᠯᠤᠯᠲᠠ᠂ ᠡᠩᠨᠡᠭᠡᠨ ᠤ ᠬᠠᠮᠢᠶᠠᠷᠤᠯᠲᠠ᠂ ᠡᠳᠦᠷ ᠳᠤᠳᠤᠮ ᠤᠨ ᠪᠣᠯᠪᠠᠰᠤᠷᠠᠯ᠂ ᠰᠤᠷᠤᠯᠴᠠᠯᠭ᠎ᠠ ᠠᠮᠢᠳᠤᠷᠠᠯ ᠵᠢᠴᠢ ᠠᠷᠤ ᠲᠠᠯ᠎ᠠ ᠶᠢᠨ ᠦᠢᠯᠡᠴᠢᠯᠡᠭᠡᠨ ᠤ ᠪᠠᠲᠤᠯᠠᠭ᠎ᠠ ᠵᠡᠷᠭᠡ ᠪᠠᠶᠢᠳᠠᠯ ᠢ ᠨᠠᠷᠢᠨ ᠣᠶᠢᠯᠠᠭᠠᠪᠠ᠃ ᠲᠡᠷᠡ᠂ ᠳ᠋ᠦᠡᠭᠱᠸᠡᠭ ᠲᠤᠭᠤᠷᠢᠭ ᠤᠨ ᠠᠵᠤ ᠠᠬᠤᠢ ᠨᠡᠶᠢᠭᠡᠮ ᠤᠨ ᠲᠤᠬᠳᠠᠭᠤᠨ ᠭᠦᠭᠵᠢᠯᠳᠠ᠂ ᠨᠡᠶᠢᠭᠡᠮ ᠤᠨ ᠶᠡᠭᠡ ᠲᠠᠯ᠎ᠠ ᠡᠶ᠎ᠡ ᠵᠤᠬᠢᠴᠠᠩᠭᠤᠢ ᠲᠤᠬᠳᠠᠭᠤᠨ ᠪᠠᠶᠢᠵᠤ᠂ ᠠᠷᠠᠳ ᠤᠯᠠᠨ ᠠᠮᠤᠷ ᠲᠠᠶᠢᠪᠤᠩ ᠠᠵᠤ ᠲᠦᠷᠦᠵᠤ ᠪᠠᠶᠢᠬᠤ ᠨᠢ ᠴᠡᠷᠢᠭ ᠠᠩᠭᠢ ᠶᠢᠨ ᠤᠷᠳᠤ ᠬᠤᠭᠤᠴᠠᠭᠠᠨ ᠤ ᠲᠤᠷᠰᠢᠬᠢ ᠬᠠᠯᠠᠮᠵᠢᠯᠠᠯ ᠲᠡᠮᠵᠢᠯᠭᠡ ᠠᠴᠠ ᠰᠠᠯᠵᠤ ᠴᠢᠳᠠᠬᠤ ᠦᠭᠡᠢ ᠶᠤᠮ᠃ ᠳᠠᠷᠤᠭ᠎ᠠ ᠪᠠᠶᠢᠯᠳᠤᠭᠴᠢᠳ ᠰᠢ ᠶᠢᠨ ᠫᠢᠩ ᠤᠨ ᠴᠡᠷᠢᠭ ᠢ ᠬᠦᠴᠦᠷᠬᠡᠭᠵᠢᠭᠦᠯᠬᠦ ᠦᠵᠡᠯ ᠰᠠᠨᠠᠭ᠎ᠠ ᠶᠢ ᠭᠦᠨᠵᠡᠭᠡᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠴᠡᠷᠢᠭ ᠤᠨ ᠪᠤᠯᠪᠠᠰᠤᠷᠠᠯ ᠪᠡᠯᠡᠳᠬᠡᠯ ᠢᠶᠠᠨ ᠴᠢᠩᠭᠠᠳᠬᠠᠨ᠂ ᠥᠩᠭᠡᠷᠡᠭᠰᠡᠨ ᠲᠠᠢ ᠪᠠᠨ ᠠᠳᠠᠯᠢ ᠪᠠᠷ ᠳ᠋ᠦᠩᠱᠧᠩ ᠲᠣᠭᠤᠷᠢᠭ ᠤᠨ ᠪᠦᠳᠦᠭᠡᠨ ᠪᠠᠶᠢᠭᠤᠯᠤᠯᠲᠠ ᠪᠠ ᠬᠥᠭᠵᠢᠯᠲᠡ ᠶᠢ ᠬᠠᠯᠠᠮᠵᠢᠯᠠᠨ ᠳᠡᠮᠵᠢᠬᠦ ᠶᠢ ᠬᠦᠰᠡᠵᠦ ᠪᠠᠶᠢᠨ᠎ᠠ᠃ ᠳ᠋ᠦᠩᠱᠧᠩ ᠲᠣᠭᠤᠷᠢᠭ ᠴᠡᠷᠢᠭ ᠠᠩᠭᠢ ᠶᠢᠨ ᠪᠥᠲᠥᠭᠡᠨ ᠪᠠᠶᠢᠭᠤᠯᠤᠯᠲᠠ ᠶᠢ ᠪᠥᠬᠦ ᠬᠦᠴᠦᠨ ᠢᠶᠠᠷ ᠳᠡᠮᠵᠢᠵᠦ᠂ ᠰᠠᠭᠤᠭ᠎ᠠ ᠭᠠᠵᠠᠷ ᠤᠨ ᠴᠡᠷᠢᠭ ᠠᠩᠭᠢ ᠶᠢᠨ ᠪᠥᠲᠥᠭᠡᠨ ᠪᠠᠶᠢᠭᠤᠯᠤᠯᠲᠠ ᠳᠤ ᠨᠠᠩ ᠰᠠᠶᠢᠨ ᠦᠢᠯᠡᠴᠢᠯᠡᠭᠡ ᠬᠠᠩᠭᠠᠵᠤ᠂ ᠴᠡᠷᠢᠭ ᠠᠷᠠᠳ ᠤᠨ ᠰᠠᠯᠤᠰᠢ ᠦᠭᠡᠢ ᠨᠢᠭᠳᠠ ᠬᠠᠷᠢᠴᠠᠭᠠᠨ ᠤ ᠰᠢᠨ᠎ᠡ ᠬᠠᠭᠤᠳᠠᠰᠤ ᠶᠢ ᠲᠠᠰᠤᠷᠠᠯᠲᠠ ᠥᠬᠡᠶ ᠪᠢᠴᠢᠭᠯᠡᠨ᠎ᠡ ᠭᠡᠵᠡᠢ᠃     ᠲᠣᠭᠤᠷᠢᠭ ᠤᠨ ᠤᠳᠤᠷᠢᠳᠤᠯᠭ᠎ᠠ ᠱᠢ ᠰᠢᠤᠸᠠᠢ ᠰᠥᠩ ᠵᠢᠴᠢ ᠲᠣᠭᠤᠷᠢᠭ ᠤᠨ ᠬᠠᠮᠢᠶ᠎ᠠ ᠪᠥᠬᠦᠶ ᠰᠠᠯᠠᠭ᠎ᠠ ᠮᠥᠴᠢᠷ ᠤᠨ ᠬᠠᠷᠢᠭᠤᠴᠠᠯᠭᠠᠳᠠᠳ ᠣᠷᠣᠯᠴᠠᠵᠠᠶ᠃
ᠢᠷᠡᠯᠲᠡ᠄ ᠳ᠋ᠦᠩᠱᠧᠩ ᠳᠤᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ