ᠪᠦᠬᠦ ᠬᠤᠳᠠ ᠶᠢᠨ ᠦᠨᠳᠤᠰᠤᠳᠡᠨ ᠤ ᠬᠡᠷᠡᠭ ᠡᠷᠬᠢᠯᠡᠬᠦ ᠵᠦᠪᠯᠡᠯ ᠤᠨ ᠰᠢᠰᠲ᠋ᠧᠮ ᠤᠨ ᠠᠵᠢᠯᠳᠠᠨ ᠤ ᠪᠡᠶ᠎ᠡ  ᠶᠢᠨ ᠳᠠᠮᠢᠷ ᠤᠨ ᠤᠷᠤᠯᠳᠤᠭᠠᠨ ᠳᠤ ᠮᠠᠨ ᠤ ᠳᠤᠭᠤᠷᠢᠭ ᠤᠨ ᠬᠢᠨ ᠰᠢᠯᠢᠳᠡᠭ ᠬᠢᠷᠢ ᠪᠦᠳᠦᠮᠵᠢ ᠤᠯᠤᠯ᠎ᠠ
ᠨᠡᠶᠢᠲᠡᠯᠡᠭᠰᠡᠨ ᠴᠠᠭ᠄
2024/8/12
      ︽ᠬᠤᠪᠢᠰᠬᠠᠯ ᠤᠨ ᠵᠤᠷᠢᠭ ᠰᠠᠨᠠᠭ᠎ᠠ ᠶᠢ ᠤᠯᠠᠮᠵᠢᠯᠠᠨ᠂ ᠠᠨᠠᠷ ᠤᠨ ᠦᠷ᠎ᠡ ᠮᠡᠳᠤ ᠪᠦᠯᠬᠦᠮᠳᠡᠨ ᠳᠡᠮᠡᠴᠡᠵᠤ᠂ ᠨᠢᠬᠡ ᠰᠡᠳᠬᠢᠯ ᠨᠡᠶᠢᠳᠡ ᠶᠢᠨ ᠬᠦᠴᠦᠨ ᠢᠶᠠᠷ ᠡᠷᠡᠮᠡᠬᠡᠶᠢᠯᠡᠨ ᠤᠷᠤᠭᠰᠢᠯᠠᠬᠤ︾ ᠳᠤᠯᠤᠳᠤᠭᠠᠷ ᠬᠤᠭᠤᠴᠠᠭᠠᠨ ᠤ ᠪᠦᠬᠦ ᠬᠤᠳᠠ ᠶᠢᠨ ᠦᠨᠳᠤᠰᠤᠳᠡᠨ ᠤ ᠬᠡᠷᠡᠭ ᠡᠷᠬᠢᠯᠡᠬᠦ ᠵᠦᠪᠯᠡᠯ ᠤᠨ ᠰᠢᠰᠲ᠋ᠧᠮ ᠤᠨ ᠠᠵᠢᠯᠳᠠᠨ ᠤ ᠪᠡᠶ᠎ᠡ ᠶᠢᠨ ᠳᠠᠮᠢᠷ ᠤᠨ ᠤᠷᠤᠯᠳᠤᠭᠠᠨ 8 ᠰᠠᠷ᠎ᠠ ᠶᠢᠨ 9 ᠠᠴᠠ 8 ᠰᠠᠷ᠎ᠠ ᠶᠢᠨ 11 ᠤ ᠡᠳᠤᠷ ᠪᠤᠯᠳᠠᠯ᠎ᠠ ᠬᠠᠩᠬᠢᠨ ᠬᠤᠰᠢᠭᠤᠨ ᠤ ᠪᠦᠬᠦ ᠠᠷᠠᠳ ᠤᠨ ᠪᠡᠶ᠎ᠡ ᠴᠢᠬᠢᠷᠠᠭᠵᠢᠭᠤᠯᠬᠤ ᠲᠦᠪ ᠲᠤ ᠶᠠᠪᠤᠭᠳᠠᠵᠠᠢ᠃       ᠭᠤᠷᠪᠠᠨ ᠡᠳᠤᠷ ᠤᠨ ᠬᠤᠭᠤᠴᠠᠭ᠎ᠠ ᠲᠠᠢ ᠶᠠᠪᠤᠭᠳᠠᠭᠰᠠᠨ ᠳᠤᠰ ᠤᠳᠠᠭᠠᠨ ᠤ ᠤᠷᠤᠯᠳᠤᠭᠠᠨ ᠢᠶᠠᠷ ᠰᠢᠳᠠᠷ᠎ᠠ᠂ ᠬᠦᠵᠦᠷ᠂ ᠪᠦᠮᠪᠦᠭᠡ ᠶᠢᠨ ᠲᠦᠷᠦᠯ᠂ ᠰᠤᠷ ᠬᠠᠷᠪᠤᠯᠳᠠ᠂ ᠪᠢᠯᠠᠭᠤ ᠰᠢᠳᠡᠬᠦ ᠵᠡᠷᠬᠡ ᠤᠯᠠᠨ ᠲᠦᠷᠦᠯ ᠤᠨ ᠤᠷᠤᠯᠳᠤᠭᠠᠨ ᠢ ᠡᠷᠬᠢᠯᠡᠭᠰᠡᠨ ᠢᠶᠠᠷ ᠪᠠᠷᠠᠬᠤ ᠦᠬᠡᠢ ᠪᠠᠰᠠ ᠤᠷᠠᠨ ᠰᠠᠶᠢᠬᠠᠨ ᠤ ᠳᠤᠭᠯᠠᠯᠳᠠ᠂ ᠭᠤᠤᠯ ᠰᠡᠳᠤᠪᠳᠤ ᠨᠠᠮ ᠤᠨ ᠡᠳᠦᠷᠯᠢᠭ ᠤᠨ ᠠᠵᠢᠯᠯᠠᠭ᠎ᠠ ᠦᠷᠨᠢᠬᠦᠯᠵᠤ᠂ ᠪᠦᠬᠦ ᠠᠵᠢᠯᠳᠠᠳ ᠤᠨ ᠴᠤᠭ ᠵᠢᠪᠬᠤᠭ᠎ᠠ ᠶᠢ ᠪᠠᠳᠠᠷᠠᠭᠤᠯᠵᠤ ᠰᠤᠶᠤᠯ ᠤᠨ ᠠᠮᠢᠳᠤᠷᠠᠯ ᠢ ᠪᠠᠶᠠᠯᠢᠭᠵᠢᠭᠤᠯᠤᠭᠰᠠᠨ ᠪᠠᠶᠢᠨ᠎ᠠ᠃ ᠡᠨᠡᠬᠦ ᠤᠳᠠᠭᠠᠨ ᠤ ᠤᠷᠤᠯᠳᠤᠭᠠᠨ ᠳᠤ ᠳ᠋ᠦᠩᠱᠧᠩ ᠳᠤᠭᠤᠷᠢᠭ ᠤᠨ ᠦᠨᠳᠤᠰᠤᠳᠡᠨ ᠤ ᠬᠡᠷᠡᠭ ᠡᠷᠬᠢᠯᠡᠬᠦ ᠵᠦᠪᠯᠡᠯ ᠤᠨ ᠠᠵᠢᠯᠳᠠᠳ ᠢᠳᠡᠪᠬᠢᠯᠡᠨ ᠤᠷᠤᠯᠴᠠᠭᠠᠳ ᠰᠠᠭᠰᠤᠨ ᠪᠦᠮᠪᠦᠬᠡᠨ ᠤ ᠤᠷᠤᠯᠳᠤᠭᠠᠨ ᠳᠤ ᠳᠡᠷᠢᠬᠦᠯᠡᠵᠤ᠂ ᠬᠦᠯ ᠪᠦᠮᠪᠦᠬᠡᠨ ᠤᠷᠤᠯᠳᠤᠭᠠᠨ ᠳᠤ ᠳᠡᠳ᠋ᠯᠡᠨ᠂ ᠶᠡᠷᠦᠩᠬᠡᠢ ᠬᠤᠪᠢ  ᠪᠠᠷ ᠬᠤᠶᠠᠳᠤᠭᠠᠷ ᠨᠡᠷ᠎ᠡ ᠳᠤ ᠳᠤᠳᠤᠷᠠᠭᠰᠠᠨ ᠪᠠᠶᠢᠨ᠎ᠠ᠃
微信图片_20240813170028.jpg
微信图片_20240813170008.jpg
ᠢᠷᠡᠯᠲᠡ᠄ ᠳ᠋ᠦᠩᠱᠧᠩ ᠳᠤᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ