ᠤᠳᠤᠬᠠᠨ ᠳᠤ ᠴᠡᠴᠡᠭ ᠤᠨ ᠳᠤᠭᠤᠰᠤᠨ ᠳᠤ ᠬᠠᠷᠰᠢᠬᠤ ᠬᠦᠮᠦᠰ ᠤᠯᠠᠮ ᠤᠯᠠᠰᠢᠷᠠᠵᠤ᠂ ᠨᠢᠷᠠᠢ ᠨᠢᠯᠬ᠎ᠠ | ᠠᠴᠠ ᠨᠠᠰᠤᠳᠠᠢ ᠪᠤᠭᠤᠷᠤᠯ ᠬᠦᠷᠳᠡᠯ᠎ᠡ ᠬᠠᠷᠰᠢᠬᠤ ᠪᠠᠶᠢᠳᠠᠯ ᠢᠯᠡᠷᠡᠵᠤ ᠪᠤᠢ᠃ ᠳᠡᠬᠡᠪᠡᠯ ᠴᠡᠴᠡᠭ ᠤᠨ ᠳᠤᠭᠤᠰᠤ ᠶᠢ | ᠬᠡᠷᠬᠢᠨ ᠰᠡᠷᠬᠡᠶᠢᠯᠡᠪᠡᠯ ᠵᠤᠬᠢᠬᠤ ᠳᠤᠬᠠᠢ ᠡᠮᠴᠢ ᠶᠢᠨ ᠰᠠᠨᠠᠭᠤᠯᠭ᠎ᠠ ᠶᠢ ᠰᠡᠶᠢᠷᠡᠬᠦᠯᠦᠨ ᠬᠦᠷᠬᠡᠶ᠎ᠡ᠃ | 1. ᠬᠤᠸᠠᠷ ᠴᠡᠴᠡᠭ ᠲᠠᠢ ᠰᠢᠭᠤᠳ ᠦᠢᠷᠠᠳᠤᠬᠤ ᠦᠬᠡᠢ᠃ ᠭᠠᠳᠠᠭᠰᠢ ᠭᠠᠷᠬᠤ ᠪᠠᠨ ᠴᠦᠬᠡᠳᠬᠡᠵᠤ᠂ | ᠤᠨᠴᠠᠭᠠᠶᠢᠯᠠᠨ ᠴᠡᠴᠡᠭ ᠤᠨ ᠳᠤᠭᠤᠰᠤ ᠶᠡᠬᠡᠳᠡᠢ ᠦᠶᠡᠰ᠂ ᠡᠬᠦᠳᠡ ᠴᠤᠩᠬᠤ ᠪᠠᠨ ᠪᠢᠳᠡᠬᠦᠯᠡᠵᠤ᠂ ᠴᠢᠳᠠᠪᠠᠯ ᠬᠡᠷ | ᠳᠤᠳᠤᠷ᠎ᠠ ᠪᠠᠨ ᠠᠭᠠᠷ ᠴᠡᠪᠡᠷᠰᠢᠬᠦᠯᠦᠭᠴᠢ ᠬᠡᠷᠡᠭᠯᠡᠨ᠎ᠡ᠃ | 2. ᠭᠠᠳᠠᠭᠰᠢ ᠭᠠᠷᠪᠠᠯ ᠰᠡᠷᠬᠡᠶᠢᠯᠡᠯᠳᠡ ᠪᠠᠨ ᠰᠠᠶᠢᠳᠤᠷ ᠬᠢᠨ᠎ᠡ᠃ ᠭᠠᠳᠠᠭᠰᠢ ᠭᠠᠷᠬᠤ ᠳᠠᠭᠠᠨ ᠤᠷᠳᠤ | ᠬᠠᠨᠴᠤᠢ ᠲᠠᠢ ᠬᠤᠪᠴᠠᠰᠤ ᠡᠮᠦᠰᠴᠤ᠂ ᠠᠮᠠᠪᠴᠢ᠂ ᠨᠢᠳᠤᠨ ᠰᠢᠯ ᠵᠡᠬᠦᠵᠤ᠂ ᠮᠠᠰᠢᠨ ᠪᠠᠷᠢᠬᠤ ᠳᠠᠭᠠᠨ ᠴᠤᠩᠬᠤ ᠪᠠᠨ | ᠬᠠᠭᠠᠨ᠎ᠠ᠃ ᠬᠡᠷ ᠲᠡᠭᠡᠨ ᠬᠠᠷᠢᠭᠰᠠᠨ ᠤ ᠳᠠᠷᠠᠭ᠎ᠠ ᠭᠠᠳᠠᠷ ᠬᠤᠪᠴᠠᠰᠤ ᠪᠠᠨ ᠳᠠᠷᠤᠶᠢᠬᠠᠨ ᠰᠤᠯᠢᠵᠤ᠂ ᠨᠢᠭᠤᠷ ᠢᠶᠠᠨ | ᠤᠬᠢᠶᠠᠵᠤ᠂ ᠠᠮᠠ ᠬᠠᠮᠠᠷ ᠢᠶᠠᠨ ᠵᠠᠶᠢᠯᠤᠨ᠎ᠠ᠃ | 3. ᠳᠠᠷᠬᠠᠯᠠᠭ᠎ᠠ ᠪᠠᠨ ᠰᠠᠶᠢᠵᠢᠷᠠᠭᠤᠯᠤᠨ᠎ᠠ᠃ ᠡᠬᠦᠨ ᠳᠤ ᠰᠠᠶᠢᠨ ᠤᠨᠳᠠᠵᠤ ᠠᠮᠠᠷᠠᠨ᠂ ᠢᠳᠡᠬᠡᠨ ᠤᠮᠳᠠᠭᠠᠨ | ᠢᠶᠠᠨ ᠵᠤᠬᠢᠴᠠᠭᠤᠯᠵᠤ᠂ ᠰᠢᠨ᠎ᠡ ᠰᠤᠷᠭᠤᠭ ᠨᠤᠭᠤᠭ᠎ᠠ ᠵᠢᠮᠢᠰ ᠢᠯᠡᠬᠦᠬᠡᠨ ᠢᠳᠡᠵᠤ᠂ ᠳᠤᠭᠳᠠᠭᠰᠠᠨ ᠬᠤᠭᠤᠴᠠᠭ᠎ᠠ ᠲᠠᠢ | ᠪᠡᠶ᠎ᠡ ᠪᠠᠨ ᠪᠤᠯᠪᠠᠰᠤᠷᠠᠭᠤᠯᠤᠨ᠎ᠠ᠃ | 4. ᠬᠠᠷᠰᠢᠯ ᠬᠦᠨᠳᠤᠷᠡᠪᠡᠯ ᠳᠠᠷᠤᠶᠢᠬᠠᠨ ᠡᠮᠴᠢᠯᠡᠬᠦᠯᠬᠦ ᠬᠡᠷᠡᠭᠳᠡᠢ᠃ ᠠᠮᠠᠷᠬᠠᠨ ᠬᠠᠷᠰᠢᠳᠠᠭ ᠪᠠ ᠠᠭᠰᠠᠭ᠎ᠠ | ᠡᠪᠡᠳᠴᠢᠨ ᠲᠠᠢ ᠬᠦᠮᠦᠰ ᠬᠤᠪᠴᠠᠰᠤ ᠬᠤᠨᠠᠷ ᠢᠶᠠᠨ ᠳᠤᠬᠢᠷᠠᠭᠤᠯᠵᠤ᠂ ᠵᠢᠩᠬᠢᠨᠡᠵᠤ ᠳᠠᠭᠠᠷᠠᠭᠠᠳ ᠬᠢᠮᠤᠷᠠᠭ᠎ᠠ | ᠳᠠᠭᠰᠢᠭᠤᠷ ᠬᠦᠷᠬᠦ ᠠᠴᠠ ᠪᠤᠯᠭᠤᠮᠵᠢᠯᠠᠬᠤ ᠬᠡᠷᠡᠭᠳᠡᠢ᠃ |