【ᠰᠢᠨ᠎ᠡ ᠴᠠᠭ ᠦᠶ᠎ᠡ ᠶᠢᠨ ᠬᠤᠶᠠᠷ ᠢ ᠬᠦᠷᠢᠶᠡᠯᠡᠬᠦ ᠠᠵᠢᠯ ᠤᠨ ᠰᠢᠨ᠎ᠡ ᠬᠠᠭᠤᠳᠠᠰᠤ ᠶᠢ ᠪᠢᠴᠢᠭᠯᠡᠨᠡᠮ】ᠳ᠋ᠦᠩᠱᠧᠩ ᠲᠤᠭᠤᠷᠢᠭ ︽ᠬᠤᠶᠠᠷ ᠢ ᠬᠦᠷᠢᠶᠡᠯᠡᠬᠦ︾ ᠠᠯᠲᠠᠨ ᠦᠰᠦᠭᠲᠦ ᠫᠠᠶᠢᠰᠠ ᠶᠢ ᠦᠷᠭᠦᠯᠵᠢᠯᠡᠨ ᠭᠡᠷᠡᠯᠲᠦᠭᠦ
ᠨᠡᠶᠢᠲᠡᠯᠡᠭᠰᠡᠨ ᠴᠠᠭ᠄
2024/8/15
     ᠳ᠋ᠦᠩᠱᠧᠩ ᠲᠤᠭᠤᠷᠢᠭ ᠤᠨ ᠴᠡᠷᠢᠭ ᠵᠠᠰᠠᠭ ᠠᠷᠠᠳ ᠬᠠᠷᠢᠯᠴᠠᠨ ᠬᠠᠯᠠᠮᠵᠢᠯᠠᠨ ᠳᠡᠮᠵᠢᠵᠦ᠂ ᠨᠢᠭᠡ ᠭᠡᠷ ᠤᠨ ᠬᠥᠮᠥᠨ ᠰᠢᠭ ᠳᠤᠳᠤᠨᠤᠰᠤᠭ ᠪᠠᠶᠢᠵᠤ᠂ ᠢᠳᠡᠪᠬᠢᠲᠡᠢ ᠪᠠᠷ ᠰᠠᠨᠠᠭᠠᠴᠢᠯᠠᠭ᠎ᠠ ᠠᠴᠠ ᠪᠠᠨ ᠠᠵᠢᠯᠯᠠᠨ᠂ ᠳᠠᠪᠠᠭᠤᠯᠢᠭ ᠡᠬᠢ ᠪᠠᠶᠠᠯᠢᠭ ᠢ ᠨᠢᠭᠡᠳᠬᠡᠵᠤ᠂ ᠴᠡᠷᠢᠭ ᠤᠨ ᠠᠯᠪᠠ ᠠᠴᠠ ᠬᠠᠯᠠᠭᠳᠠᠭᠰᠠᠳ ᠤᠨ ᠳᠤᠬᠤᠨᠢᠭᠤᠯᠭ᠎ᠠ᠂ ᠴᠡᠷᠢᠭ ᠤᠨ ᠭᠡᠷ ᠪᠦᠯᠢ ᠶᠢᠨ ᠠᠵᠢᠯ ᠤᠯᠭᠤᠯᠳᠠ᠂ ᠴᠡᠷᠢᠭ ᠤᠨ ᠦᠷ᠎ᠡ ᠬᠡᠤᠬᠡᠳ ᠤᠨ ᠰᠤᠷᠭᠠᠨ ᠬᠦᠮᠦᠵᠢᠯ ᠵᠡᠷᠭᠡ ᠶᠢᠨ ᠬᠦᠴᠢᠷ ᠠᠰᠠᠭᠤᠳᠠᠯ ᠢ ᠴᠢᠷᠮᠠᠶᠢᠨ ᠰᠢᠢᠳᠪᠦᠷᠢᠯᠡᠵᠦ᠂ ᠴᠡᠷᠢᠭ ᠤᠨ ᠬᠤᠶᠢᠰᠢᠳᠠ ᠶᠢᠨ ᠵᠣᠪᠠᠨᠢᠯ ᠢ ᠰᠡᠳᠬᠢᠯ ᠳᠠᠯᠪᠢᠨ ᠠᠷᠢᠯᠭᠠᠨ᠂ ︽ᠬᠤᠶᠠᠷ ᠢ ᠬᠦᠷᠢᠶᠡᠯᠡᠬᠦ︾ ᠠᠯᠲᠠᠨ ᠦᠰᠦᠭᠲᠦ ᠫᠠᠶᠢᠰᠠ ᠶᠢ ᠦᠷᠭᠦᠯᠵᠢᠯᠡᠨ ᠬᠡᠷᠡᠯᠳᠦᠬᠦᠯᠵᠤ ᠪᠠᠶᠢᠨ᠎ᠠ᠃      01 ᠣᠯᠠᠨ ᠲᠠᠯ᠎ᠠ ᠶᠢᠨ ᠡᠬᠢ ᠪᠠᠶᠠᠯᠢᠭ ᠢ ᠲᠥᠪᠯᠡᠷᠡᠭᠦᠯᠵᠦ᠂ ᠴᠡᠷᠢᠭ ᠤᠨ ᠠᠯᠪᠠ ᠠᠴᠠ ᠬᠠᠯᠠᠭᠳᠠᠭᠰᠠᠳ ᠤᠨ ᠲᠤᠬᠤᠨᠢᠭᠤᠯᠭ᠎ᠠ ᠶᠢᠨ ᠠᠵᠢᠯ ᠢ ᠰᠠᠶᠢᠳᠤᠷ ᠬᠢᠪᠡ     ᠴᠡᠷᠢᠭ ᠤᠨ ᠠᠯᠪᠠ ᠠᠴᠠ ᠬᠠᠯᠠᠭᠳᠠᠭᠰᠠᠳ ᠤᠨ ᠨᠤᠲᠤᠭ ᠲᠠᠭᠠᠨ ᠪᠤᠴᠠᠬᠤ ︽ᠡᠴᠦᠰ ᠤᠨ ᠨᠢᠭᠡ ᠺᠢᠯᠤᠮᠧᠲᠷ︾ ᠤᠨ ᠠᠰᠠᠭᠤᠳᠠᠯ ᠢ ᠰᠢᠢᠳᠪᠦᠷᠢᠯᠡᠬᠦ ᠶᠢᠨ ᠲᠥᠯᠥᠭᠡ᠂ ᠳ᠋ᠦᠩᠱᠧᠩ ᠲᠣᠭᠤᠷᠢᠭ ᠤᠨ ᠬᠤᠲᠠ ᠶᠢᠨ ᠠᠷᠠᠳ ᠤᠨ ᠲᠥᠪ ᠲᠤ ᠲᠤᠰᠬᠠᠶᠢᠯᠠᠨ ︽ᠴᠡᠷᠢᠭ ᠤᠨ ᠠᠯᠪᠠ ᠠᠴᠠ ᠬᠠᠯᠠᠭᠳᠠᠭᠰᠠᠳ ᠤᠨ ᠪᠦᠷᠢᠨ ᠦᠢᠯᠡᠴᠢᠯᠡᠭᠡᠨ ᠤ ᠴᠤᠩᠬᠤᠪᠴᠢ︾ ᠭᠠᠷᠭᠠᠵᠤ᠂ ︽ᠣᠯᠠᠨ ᠭᠠᠵᠠᠷ ᠬᠦᠷᠬᠦ᠂ ᠤᠯᠠᠨ ᠲᠠᠯ᠎ᠠ ᠠᠴᠠ ᠬᠢᠨᠠᠬᠤ︾ ᠶᠢ ︽ᠣᠯᠠᠨ ᠬᠢᠨᠠᠯᠲᠠ ᠶᠢ ᠨᠢᠭᠡᠳᠬᠡᠬᠦ᠂ ᠲᠥᠪᠯᠡᠷᠡᠭᠦᠯᠦᠨ ᠭᠦᠢᠴᠡᠳᠬᠡᠬᠦ︾ ᠪᠣᠯᠭᠠᠨ ᠬᠤᠪᠢᠷᠠᠭᠤᠯᠵᠤ᠂ ᠴᠡᠷᠢᠭ ᠤᠨ ᠠᠯᠪᠠ ᠠᠴᠠ ᠬᠠᠯᠠᠭᠳᠠᠭᠰᠠᠳ ᠲᠤ ᠨᠠᠩ ᠳᠥᠭᠦᠮ ᠳᠥᠲᠡ ᠥᠨᠳᠥᠷ ᠪᠦᠲᠦᠮᠵᠢᠲᠡᠶ ᠬᠠᠶᠢᠷ᠎ᠠ ᠬᠠᠯᠠᠮᠵᠢᠳᠤ ᠦᠢᠯᠡᠴᠢᠯᠡᠭᠡ ᠬᠠᠩᠭᠠᠪᠠ᠃ ᠴᠡᠷᠢᠭ ᠠᠴᠠ ᠬᠠᠯᠠᠭᠳᠠᠭᠰᠠᠨ ᠣᠹᠢᠼᠧᠷ ᠪᠣᠯᠤᠨ ᠵᠠᠰᠠᠭ ᠤᠨ ᠣᠷᠳᠣᠨ ᠤ ᠠᠵᠢᠯ ᠲᠣᠬᠢᠷᠠᠭᠤᠯᠤᠭᠰᠠᠨ ᠴᠡᠷᠢᠭ ᠤᠨ ᠠᠯᠪᠠᠨ ᠠᠴᠠ ᠬᠠᠯᠠᠭᠳᠠᠭᠰᠠᠳ ᠢ ᠲᠥᠪᠬᠢᠨᠡᠭᠦᠯᠬᠦ ᠠᠵᠢᠯ ᠢ ᠪᠦᠬᠦ ᠬᠦᠴᠦᠨ ᠢᠶᠠᠷ ᠰᠠᠶᠢᠲᠤᠷ ᠬᠢᠵᠦ᠂ ᠵᠣᠬᠢᠶᠠᠨ ᠪᠠᠶᠢᠭᠤᠯᠬᠤ ᠬᠡᠯᠳᠡᠰ᠂ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠳᠤᠪᠴᠢᠶ᠎ᠠ᠂ ᠴᠡᠷᠢᠭ ᠤᠨ ᠠᠯᠪᠠᠨ ᠠᠴᠠ ᠬᠠᠯᠠᠭᠳᠠᠭᠰᠠᠳ ᠤᠨ ᠶᠠᠪᠤᠳᠠᠯ ᠤᠨ ᠲᠣᠪᠴᠢᠶ᠎ᠠ ᠭᠤᠷᠪᠠᠨ ᠲᠠᠯ᠎ᠠ ᠶᠢᠨ ᠬᠠᠮᠲᠤᠷᠠᠨ ᠬᠥᠳᠡᠯᠦᠯᠴᠡᠬᠦ ᠲᠣᠭᠲᠠᠴᠠ ᠶᠢ ᠪᠠᠶᠢᠭᠤᠯᠤᠨ᠂ ᠴᠡᠷᠢᠭ ᠠᠴᠠ ᠬᠠᠯᠠᠭᠳᠠᠭᠰᠠᠨ ᠤᠹᠢᠼᠧᠷ ᠪᠣᠯᠤᠨ ᠪᠠᠶᠢᠯᠳᠤᠭᠴᠢᠳ ᠤᠨ ᠲᠤᠰᠬᠠᠶ ᠮᠡᠷᠭᠡᠵᠢᠯ ᠤᠨ ᠴᠢᠳᠠᠪᠤᠷᠢ ᠲᠠᠢ ᠤᠶᠠᠯᠳᠤᠭᠤᠯᠵᠤ᠂ ᠠᠵᠢᠯ ᠤᠨ ᠪᠠᠶᠢᠷᠢ ᠶᠢ ᠵᠤᠬᠢᠴᠠᠭᠤᠯᠤᠨ᠂ ᠴᠢᠳᠠᠪᠤᠷᠢ ᠶᠢ ᠨᠢ ᠭᠦᠢᠴᠡᠳ ᠪᠠᠳᠠᠷᠠᠭᠤᠯᠵᠤ᠂ ᠣᠯᠠᠨ ᠵᠢᠯ ᠳᠠᠷᠠᠭᠠᠯᠠᠨ ᠳᠦᠪᠬᠢᠨᠡᠬᠦᠯᠬᠦ ᠠᠵᠢᠯ ᠢ 100% ᠪᠠᠷ ᠪᠡᠶᠡᠯᠡᠬᠦᠯᠪᠡ᠃ 2020 ᠣᠨ ᠠᠴᠠ ᠨᠠᠰᠢ᠂ 1400 ᠠᠵᠤ ᠠᠬᠤᠶᠢᠯᠠᠯ ᠢ ᠵᠣᠬᠢᠶᠠᠨ ᠪᠠᠶᠢᠭᠤᠯᠤᠨ 12 ᠤᠳᠠᠭᠠᠨ ᠤ ᠰᠦᠯᠵᠢᠶᠡᠨ ᠳᠡᠭᠡᠷᠡᠬᠢ ᠪᠠ ᠠᠬᠤᠢ ᠳᠠᠯᠠᠪᠠᠢ ᠶᠢᠨ ᠴᠡᠷᠢᠭ ᠠᠴᠠ ᠬᠠᠯᠠᠭᠳᠠᠭᠰᠠᠳ ᠢ ᠡᠯᠰᠡᠬᠦ ᠠᠵᠢᠯ ᠤᠯᠭᠤᠯᠳᠠ ᠶᠢᠨ ᠬᠤᠷᠠᠯ ᠢ ᠬᠢᠵᠤ᠂ ᠴᠡᠷᠢᠭ ᠠᠴᠠ ᠬᠠᠯᠠᠭᠳᠠᠭᠰᠠᠳ ᠤᠨ ᠠᠵᠢᠯᠲᠠᠨ ᠡᠯᠰᠡᠬᠦ ᠮᠡᠳᠡᠭᠡ ᠵᠠᠩᠭᠢ ᠶᠢ 69 ᠵᠤᠷᠪᠤᠰ ᠨᠡᠶᠢᠲᠡᠯᠡᠵᠦ᠂ 3 ᠲᠦᠮᠡ ᠭᠠᠷᠤᠶ ᠠᠵᠢᠯ ᠤᠨ ᠪᠠᠶᠢᠷᠢ ᠬᠠᠩᠭᠠᠪᠠ᠃ ᠪᠡᠶ᠎ᠡ ᠪᠠᠨ ᠳᠠᠭᠠᠭᠠᠵᠤ ᠠᠵᠢᠯ ᠣᠯᠤᠭᠰᠠᠨ ᠴᠡᠷᠢᠭ ᠤᠨ ᠠᠯᠪᠠᠨ ᠠᠴᠠ ᠬᠠᠯᠠᠭᠳᠠᠭᠰᠠᠳ ᠲᠤ ᠬᠠᠷᠠᠭᠠᠯᠵᠠᠭᠰᠠᠨ ᠪᠣᠯᠪᠠᠰᠤᠷᠠᠯ ᠤᠨ ᠠᠩᠭᠢ ᠶᠢ 3 ᠬᠤᠭᠤᠴᠠᠭ᠎ᠠ ᠡᠷᠬᠢᠯᠡᠵᠦ᠂ 112 ᠨᠡᠷᠡᠰ ᠴᠡᠷᠢᠭ ᠤᠨ ᠠᠯᠪᠠ ᠠᠴᠠ ᠬᠠᠯᠠᠭᠳᠠᠭᠰᠠᠳ ᠪᠣᠯᠪᠠᠰᠤᠷᠠᠯ ᠳᠤ ᠤᠷᠤᠯᠴᠠᠵᠤ᠂ 100 ᠭᠠᠷᠤᠶ ᠲᠦᠮᠡᠨ ᠲᠥᠭᠦᠷᠢᠭ ᠤᠨ ᠠᠳᠠᠯ ᠤᠶᠢᠯᠡᠰ ᠴᠣᠭᠴᠠᠯᠠᠬᠤ ᠵᠢᠭᠡᠯᠡᠯᠭᠡ ᠣᠯᠭᠤᠵᠤ᠂ ᠠᠳᠠᠯ ᠤᠶᠢᠯᠡᠰ ᠴᠣᠭᠴᠠᠯᠠᠨ ᠠᠵᠢᠯ ᠣᠯᠤᠭᠰᠠᠨ ᠭᠠᠶᠢᠯᠢ ᠲᠠᠲᠠᠪᠤᠷᠢ ᠶᠢ 84.09 ᠲᠦᠮᠡᠨ ᠲᠥᠭᠦᠷᠢᠭ ᠬᠠᠰᠤᠵᠤ ᠬᠡᠯᠲᠦᠷᠢᠭᠦᠯᠪᠡ᠃ ᠴᠡᠷᠢᠭ ᠤᠨ ᠠᠯᠪᠠ ᠠᠴᠠ ᠬᠠᠯᠠᠭᠳᠠᠭᠰᠠᠳ ᠤᠨ ᠠᠵᠢᠯ ᠣᠯᠵᠤ ᠠᠳᠠᠯ ᠦᠢᠯᠡᠰ ᠴᠣᠭᠴᠠᠯᠠᠬᠤ ᠦᠷᠬᠦᠯᠵᠢᠯᠡᠬᠦᠶᠢᠴᠡ ᠬᠥᠭᠵᠢᠯᠲᠡ ᠶᠢᠨ ᠵᠠᠮ ᠢ ᠢᠳᠡᠪᠬᠢᠲᠡᠶ ᠪᠠᠷ ᠬᠠᠶᠢᠨ ᠰᠦᠪᠡᠭᠴᠢᠯᠡᠵᠦ ᠪᠦᠲᠦᠮᠵᠢᠲᠡᠶ ᠬᠦᠴᠦᠨ ᠨᠡᠮᠡᠷᠢᠯᠡᠪᠡ᠃
1.png
2.png
     02 ᠲᠣᠭᠲᠠᠴᠠ ᠶᠢᠨ ᠪᠠᠶᠢᠭᠤᠯᠤᠯᠲᠠ ᠶᠢ ᠲᠡᠭᠦᠯᠳᠡᠷᠵᠢᠭᠦᠯᠵᠦ᠂ ᠴᠡᠷᠢᠭ ᠤᠨ ᠭᠡᠷ ᠪᠦᠯᠢ ᠶᠢᠨ ᠬᠢᠨ ᠤ ᠠᠵᠢᠯ ᠤᠯᠭᠤᠯᠳᠠ ᠶᠢ ᠪᠠᠳᠤᠯᠠᠪᠠ     ᠴᠡᠷᠢᠭ ᠤᠨ ᠭᠡᠷ ᠪᠦᠯᠢ ᠶᠢᠨ ᠬᠢᠨ ᠢ ᠲᠣᠬᠢᠲᠠᠢ ᠲᠥᠪᠬᠢᠨᠡᠭᠦᠯᠵᠦ᠂ ᠴᠡᠷᠢᠭ ᠤᠨ ᠭᠡᠷ ᠪᠦᠯᠢ ᠶᠢᠨ ᠪᠠᠶᠢᠳᠠᠯ᠂ ᠳᠤᠰᠬᠠᠢ ᠮᠡᠷᠭᠡᠵᠢᠯ ᠵᠡᠷᠭᠡ ᠪᠦᠬᠦ ᠲᠠᠯ᠎ᠠ ᠶᠢ ᠪᠤᠳᠤᠯᠬᠢᠯᠠᠨ ᠲᠣᠬᠢᠷᠠᠮᠵᠢᠲᠠᠢ ᠠᠵᠢᠯ ᠤᠨ ᠪᠠᠶᠢᠷᠢ ᠳᠤᠬᠢᠷᠠᠭᠤᠯᠪᠠ᠃ ︽ᠳ᠋ᠦᠡᠭᠱᠸᠡᠭ ᠲᠤᠭᠤᠷᠢᠭ ᠤᠨ ᠠᠰᠠᠷᠠᠨ ᠬᠠᠷᠠᠭᠠᠯᠵᠠᠬᠤ ᠡᠳᠡᠭᠡᠳ ᠤᠨ ᠡᠮ ᠡᠮᠨᠡᠯᠭᠡ ᠶᠢᠨ ᠪᠠᠳᠤᠯᠠᠭ᠎ᠠ ᠶᠢᠨ ᠠᠷᠭ᠎ᠠ︾ ᠶᠢ ᠲᠡᠭᠦᠯᠳᠡᠷᠵᠢᠭᠦᠯᠵᠤ᠂ ᠠᠰᠠᠷᠠᠨ ᠬᠠᠷᠠᠭᠠᠯᠵᠠᠬᠤ ᠡᠳᠡᠭᠡᠳ ᠢ ᠬᠤᠳᠠ ᠪᠠᠯᠭᠠᠰᠤᠨ ᠤ ᠰᠠᠭᠤᠭᠠᠯᠢ ᠠᠷᠠᠳ ᠪᠤᠶᠤ ᠬᠦᠳᠡᠭᠡ ᠲᠤᠰᠬᠤᠨ ᠤ ᠰᠢᠨ᠎ᠠ ᠮᠠᠶ᠋ᠢᠭ ᠤᠨ ᠬᠤᠷᠰᠢᠬᠰᠠᠨ ᠡᠮ ᠡᠮᠨᠡᠯᠭᠡ ᠶᠢᠨ ᠲᠠᠭᠠᠳᠬᠠᠯ ᠳᠤ ᠰᠦᠢᠳᠬᠡᠯ ᠬᠤᠷᠢᠶᠠᠬᠤ ᠦᠭᠡᠢ ᠪᠠᠷ ᠤᠷᠤᠭᠤᠯᠵᠤ᠂ ᠳᠠᠭᠠᠳᠬᠠᠯ ᠳᠤ ᠣᠷᠣᠯᠴᠠᠭᠰᠠᠨ ᠨᠣᠷᠮ᠎ᠠ ᠶᠢ 100% ᠳᠤ ᠬᠦᠷᠦᠭᠦᠯᠵᠦ᠂ ᠬᠤᠶᠠᠳᠠᠭᠢ ᠤᠳᠠᠭᠠᠨ ᠤ ᠡᠮᠴᠢᠯᠡᠭᠡᠨ ᠤ ᠲᠠᠩᠰᠠ ᠲᠠᠶᠢᠯᠬᠤ ᠨᠣᠷᠮ᠎ᠠ ᠶᠢ 100% ᠳᠤ ᠬᠦᠷᠦᠬᠦᠯᠪᠡ᠃ 2 ︽ᠬᠠᠮᠤᠭ ᠤᠨ ᠭᠤᠶᠣ ᠴᠡᠷᠢᠭ ᠤᠨ ᠭᠡᠷᠬᠡᠢ︾ ᠶᠢ ᠬᠥᠬᠢᠭᠦᠯᠦᠨ ᠰᠠᠶᠢᠰᠢᠶᠠᠵᠤ᠂ 9 ᠴᠡᠷᠢᠭ ᠤᠨ ᠭᠡᠷ ᠪᠦᠯᠢ ᠶᠢᠨ ᠬᠢᠨ ᠳᠤ ᠠᠵᠢᠯ ᠣᠯᠭᠤᠪᠠ᠃ ᠡᠭᠦᠨ ᠤ ᠬᠠᠮᠲᠤ᠂ ᠣᠯᠠᠨ ᠨᠡᠶᠢᠲᠡ ᠶᠢᠨ ᠳᠠᠪᠴᠠᠩ ᠳᠤ ᠠᠵᠢᠯᠲᠠᠨ ᠡᠯᠰᠡᠬᠦ ᠮᠡᠳᠡᠭᠡ ᠵᠠᠩᠭᠢ ᠶᠢ ᠨᠡᠶᠢᠳᠡᠯᠡᠬᠦ ᠵᠡᠷᠭᠡ ᠠᠷᠭ᠎ᠠ ᠮᠠᠶ᠋ᠢᠭ ᠢᠶᠠᠷ ᠣᠯᠠᠨ ᠲᠠᠯ᠎ᠠ᠂ ᠣᠯᠠᠨ ᠠᠷᠭ᠎ᠠ ᠵᠠᠮ ᠢᠶᠠᠷ ᠴᠡᠷᠢᠭ ᠤᠨ ᠬᠡᠷ ᠪᠦᠯᠢ ᠶᠢᠨ ᠬᠢᠨ ᠤ ᠠᠵᠢᠯ ᠤᠯᠭᠤᠯᠳᠠ ᠶᠢ ᠠᠬᠢᠭᠤᠯᠪᠠ᠃
3.png
4.png
     03 ᠬᠠᠷᠠᠭᠠᠯᠵᠠᠯ ᠦᠵᠡᠭᠦᠯᠬᠦ ᠰᠡᠳᠬᠢᠬᠦᠶ ᠶᠢ ᠪᠠᠷᠢᠮᠲᠠᠯᠠᠵᠤ᠂ ᠴᠡᠷᠢᠭ ᠤᠨ ᠦᠷ᠎ᠡ ᠬᠡᠤᠬᠡᠳ ᠤᠨ ᠰᠤᠷᠭᠠᠨ ᠬᠦᠮᠦᠵᠢᠯ ᠳᠠᠬᠢ ᠬᠦᠴᠢᠷ ᠠᠰᠠᠭᠤᠳᠠᠯ ᠢ ᠰᠢᠢᠳᠪᠤᠷᠢᠯᠡᠪᠡ     ᠴᠡᠷᠢᠭ ᠤᠨ ᠦᠷ᠎ᠡ ᠬᠡᠦᠬᠡᠳ ᠤᠨ ᠰᠤᠷᠭᠠᠨ ᠬᠥᠮᠦᠵᠢᠯ ᠤᠨ ᠠᠰᠠᠭᠤᠳᠠᠯ ᠢ ᠢᠮᠠᠭᠲᠠ ᠰᠠᠨᠠᠭᠠᠴᠢᠯᠠᠵᠤ᠂ ᠴᠡᠷᠢᠭ ᠤᠨ ᠦᠷ᠎ᠡ ᠬᠡᠦᠬᠡᠳ ᠤᠨ ᠰᠢᠯᠢᠳᠡᠭ ᠰᠤᠷᠭᠠᠨ ᠬᠥᠮᠦᠵᠢᠯ ᠭᠥᠷᠳᠡᠬᠦ ᠶᠢ ᠪᠠᠲᠤᠯᠠᠬᠤ ᠶᠠᠪᠤᠳᠠᠯ ᠢ ᠴᠡᠷᠢᠭ ᠤᠨ ᠬᠤᠶᠢᠰᠢᠳᠠ ᠶᠢᠨ ᠵᠣᠪᠠᠨᠢᠯ ᠢ ᠰᠢᠢᠳᠪᠦᠷᠢᠯᠡᠬᠦ᠂ ᠨᠡᠶᠢᠭᠡᠮ ᠤᠨ ᠬᠦᠨᠳᠦᠳᠬᠡᠯ ᠢ ᠢᠯᠡᠷᠡᠭᠦᠯᠬᠦ ᠴᠢᠬᠤᠯᠠ ᠭᠤᠭᠴᠤᠭ᠎ᠠ ᠪᠣᠯᠭᠠᠵᠤ᠂ ᠴᠡᠷᠢᠭ ᠠᠩᠭᠢ ᠪᠠ ᠣᠷᠣᠨ ᠨᠤᠲᠤᠭ ᠬᠤᠶᠠᠷ ᠲᠠᠯ᠎ᠠ ᠪᠠᠷ ᠢᠶᠠᠨ ᠬᠠᠮᠲᠤ ᠪᠠᠷ ᠴᠢᠷᠮᠠᠶᠢᠨ᠂ ᠣᠯᠠᠨ ᠰᠠᠯᠠᠭ᠎ᠠ ᠮᠥᠴᠢᠷ ᠴᠡᠷᠢᠭ ᠤᠨ ᠦᠷ᠎ᠡ ᠬᠡᠦᠬᠡᠳ ᠤᠨ ᠰᠤᠷᠭᠠᠭᠤᠯᠢ ᠳᠤ ᠣᠷᠣᠬᠤ ᠠᠰᠠᠭᠤᠳᠠᠯ ᠢ ᠵᠣᠬᠢᠴᠠᠭᠤᠯᠤᠨ ᠰᠢᠢᠳᠪᠦᠷᠢᠯᠡᠵᠦ᠂ ᠣᠷᠣᠨ ᠪᠦᠰᠡ ᠶᠢᠨ ᠰᠢᠯᠢᠳᠡᠭ ᠰᠤᠷᠭᠠᠨ ᠬᠥᠮᠦᠵᠢᠯ ᠤᠨ ᠡᠬᠢ ᠪᠠᠶᠠᠯᠢᠭ ᠢ ᠴᠡᠷᠢᠭ ᠠᠩᠭᠢ ᠳᠠᠰᠢ ᠬᠡᠯᠪᠡᠶᠢᠯᠬᠡᠨ᠂ ᠴᠡᠷᠢᠭ ᠤᠨ ᠪᠠ ᠨᠦᠭᠴᠢᠭᠰᠡᠨ ᠪᠠᠭᠠᠳᠤᠷᠴᠤᠳ ᠤᠨ ᠭᠡᠷ ᠪᠦᠯᠢ ᠶᠢᠨ ᠦᠷ᠎ᠡ ᠬᠡᠦᠬᠡᠳ ᠤᠨ ᠬᠠᠷᠠᠭᠠᠯᠵᠠᠯ ᠤᠨ ᠬᠡᠷᠡᠭᠴᠡᠭᠡ ᠱᠠᠭᠠᠷᠳᠠᠯᠭ᠎ᠠ ᠶᠢ ᠡᠩ ᠲᠡᠷᠢᠭᠦᠨ ᠳᠤ ᠬᠠᠩᠭᠠᠪᠠ᠃ 2020 ᠣᠨ ᠠᠴᠠ ᠨᠠᠰᠢ᠂ 109 ᠵᠢᠩᠬᠢᠨᠢ ᠠᠯᠪᠠᠨ ᠤ ᠴᠡᠷᠢᠭ ᠤᠨ ᠦᠷ᠎ᠡ ᠬᠡᠦᠬᠡᠳ ᠢ ᠰᠠᠨᠠᠭᠠᠨ  ᠳᠤ ᠨᠢ ᠳᠤᠬᠢᠷᠠᠭᠰᠠᠨ ᠰᠤᠷᠭᠠᠭᠤᠯᠢ ᠳᠤ ᠤᠷᠤᠭᠤᠯᠵᠤ᠂ ᠴᠡᠷᠢᠭ ᠪᠠ ᠴᠡᠷᠢᠭ ᠤᠨ ᠭᠡᠷ ᠪᠦᠯᠢ ᠶᠢᠨ ᠬᠦᠮᠦᠰ ᠤᠨ ᠬᠦᠷᠲᠡᠮᠵᠢ ᠶᠢᠨ ᠲᠦᠷᠦᠭᠳᠡᠯ᠂ ᠬᠦᠨᠳᠦᠳᠬᠡᠯ ᠤᠨ ᠲᠦᠷᠦᠭᠳᠡᠯ ᠢ ᠤᠯᠠᠮ ᠨᠢᠭᠡ ᠠᠯᠬᠤᠮ ᠳᠡᠭᠡᠭᠰᠢᠯᠡᠭᠦᠯᠪᠡ᠃
5.png
 
ᠢᠷᠡᠯᠲᠡ᠄ ᠳ᠋ᠦᠩᠱᠧᠩ ᠳᠤᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ