ᠲᠤᠭᠤᠷᠢᠭ ᠤᠨ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶ᠎ᠠ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/8/16
     8 ᠰᠠᠷ᠎ᠠ ᠶᠢᠨ 14 ᠤ ᠡᠳᠦᠷ᠂ ᠲᠤᠭᠤᠷᠢᠭ ᠤᠨ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ ᠬᠤᠷᠠᠯ ᠬᠤᠷᠠᠯᠳᠤᠭᠤᠯᠵᠤ᠂ ᠰᠢ ᠶᠢᠨ ᠫᠢᠩ ᠶᠡᠷᠦᠩᠬᠡᠢ ᠱᠦᠵᠢ ᠶᠢᠨ ᠴᠢᠬᠤᠯᠠ ᠶᠠᠷᠢᠶ᠎ᠠ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠰᠤᠷᠤᠯᠴᠠᠨ ᠲᠤᠤᠱᠯᠠᠭᠤᠯᠵᠤ᠂ ᠲᠤᠭᠤᠷᠢᠭ ᠤᠨ ᠨᠠᠮ ᠤᠨ ᠬᠤᠷᠢᠶ᠎ᠠ ᠶᠢᠨ ᠶᠢᠰᠦᠳᠦᠭᠡᠷ ᠬᠤᠭᠤᠴᠠᠭᠠᠨ ᠤ ᠳᠣᠯᠣᠳᠤᠭᠠᠷ ᠪᠥᠬᠦᠳᠡ ᠬᠤᠷᠠᠯ ᠢ ᠬᠤᠷᠠᠯᠳᠤᠭᠤᠯᠬᠤ ᠪᠠᠷ ᠲᠤᠭᠳᠠᠵᠤ᠂ ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ᠂ ︽ᠵᠢᠷᠭᠤᠭᠠᠨ ᠢᠨᠵᠧᠨᠧᠷᠢᠩ︾ ᠢ ᠠᠬᠢᠭᠤᠯᠬᠤ᠂ ᠭᠠᠯ ᠢ ᠰᠡᠷᠬᠡᠶᠢᠯᠡᠬᠦ ᠠᠮᠤᠷ ᠲᠦᠪᠰᠢᠨ ᠤ ᠪᠠᠶᠢᠴᠠᠭᠠᠯᠲᠠ ᠵᠡᠷᠭᠡ ᠠᠵᠢᠯ ᠢ ᠰᠤᠳᠤᠯᠤᠨ  ᠪᠠᠶᠢᠷᠢᠯᠠᠭᠤᠯᠪᠠ᠃ ᠣᠷᠳᠣᠰ ᠤᠨ ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠤᠨ ᠨᠡᠭᠡᠭᠡᠯᠲᠡ ᠶᠢᠨ ᠲᠣᠭᠤᠷᠢᠭ ᠤᠨ ᠨᠠᠮ ᠤᠨ ᠠᠵᠢᠯᠯᠠᠬᠤ ᠬᠤᠷᠢᠶ᠎ᠠ ᠶᠢᠨ ᠱᠦᠵᠢ᠂ ᠳ᠋ᠦᠩᠱᠧᠩ ᠲᠣᠭᠤᠷᠢᠭ ᠤᠨ ᠨᠠᠮ ᠤᠨ ᠬᠤᠷᠢᠶ᠎ᠠ ᠶᠢᠨ ᠱᠦᠵᠢ ᠭᠤᠸ ᠢ ᠳ᠋ᠦᠩ ᠬᠤᠷᠠᠯ ᠢ ᠡᠷᠭᠢᠯᠡᠪᠡ᠃     ᠬᠤᠷᠠᠯ ᠠᠴᠠ ᠰᠢ ᠶᠢᠨ ᠫᠢᠩ ᠶᠡᠷᠦᠩᠬᠡᠢ ᠱᠦᠵᠢ ᠶᠢᠨ ᠰᠣᠶᠣᠯ ᠤᠨ ᠪᠠ ᠪᠠᠶᠢᠭᠠᠯᠢ ᠶᠢᠨ ᠥᠪ ᠢ ᠬᠠᠮᠠᠭᠠᠯᠠᠵᠤ ᠤᠯᠠᠮᠵᠢᠯᠠᠨ ᠠᠰᠢᠭᠯᠠᠬᠤ ᠠᠵᠢᠯ ᠢ ᠴᠢᠩᠭᠠᠳᠬᠠᠬᠤ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ᠂ ᠰᠢ ᠶᠢᠨ ᠫᠢᠩ ᠶᠡᠷᠦᠩᠬᠡᠢ ᠱᠦᠵᠢ ᠶᠢᠨ ᠲᠥᠪ ᠤᠨ ᠨᠠᠮ ᠤᠨ ᠭᠠᠳᠠᠨᠠᠬᠢ ᠬᠥᠮᠥᠰ ᠤᠨ ᠶᠠᠷᠢᠯᠴᠠᠬᠤ ᠬᠤᠷᠠᠯ ᠳᠡᠭᠡᠷ᠎ᠡ ᠲᠠᠯᠪᠢᠭᠰᠠᠨ ᠴᠢᠬᠤᠯᠠ ᠶᠠᠷᠢᠶᠠᠨ ᠤ ᠵᠣᠷᠢᠭ ᠰᠠᠨᠠᠭ᠎ᠠ᠂ ᠰᠢ ᠶᠢᠨ ᠫᠢᠩ ᠶᠡᠷᠦᠩᠬᠡᠢ ᠱᠦᠵᠢ ᠶᠢᠨ ᠴᠡᠷᠢᠭ ᠠᠴᠠ ᠬᠠᠯᠠᠭᠳᠠᠭᠰᠠᠳ ᠤᠨ ᠠᠵᠢᠯ ᠤᠨ ᠲᠤᠬᠠᠢ ᠭᠠᠷᠭᠠᠭᠰᠠᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠰᠣᠶᠣᠯ ᠤᠨ ᠥᠪ ᠢ ᠬᠠᠮᠠᠭᠠᠯᠠᠵᠤ ᠤᠯᠠᠮᠵᠢᠯᠠᠨ ᠵᠠᠯᠭᠠᠮᠵᠢᠯᠠᠬᠤ ᠪᠠ ᠰᠣᠶᠣᠯ ᠵᠢᠭᠤᠯᠴᠢᠯᠠᠯ ᠤᠨ ᠠᠵᠤ ᠦᠢᠯᠡᠰ ᠢ ᠬᠥᠭᠵᠢᠭᠦᠯᠬᠦ ᠶᠢ ᠤᠶᠠᠯᠳᠤᠭᠤᠯᠬᠤ ᠶᠢ ᠪᠠᠷᠢᠮᠲᠠᠯᠠᠵᠤ᠂ ᠰᠣᠶᠣᠯ ᠤᠨ ᠥᠪ ᠢ ᠰᠤᠳᠤᠯᠬᠤ᠂ ᠬᠠᠮᠠᠭᠠᠯᠠᠬᠤ᠂ ᠠᠰᠢᠭᠯᠠᠬᠤ ᠶᠢ ᠴᠢᠩᠭᠠᠳᠬᠠᠵᠤ᠂ ᠲᠡᠦᠬᠡ ᠰᠣᠶᠣᠯ ᠤᠨ ᠥᠪ ᠢ ᠠᠵᠤ ᠠᠬᠤᠢ ᠨᠡᠶᠢᠭᠡᠮ ᠤᠨ ᠬᠥᠭᠵᠢᠯᠲᠡ ᠶᠢ ᠠᠬᠢᠭᠤᠯᠬᠤ ᠳᠠᠪᠠᠭᠤᠯᠢᠭ ᠡᠬᠢ ᠪᠠᠶᠠᠯᠢᠭ ᠪᠣᠯᠭᠠᠨ ᠪᠦᠲᠦᠮᠵᠢᠲᠡᠶ ᠪᠠᠷ ᠬᠤᠪᠢᠷᠠᠭᠤᠯᠬᠤ ᠶᠢ ᠠᠬᠢᠭᠤᠯᠬᠤ ᠬᠡᠷᠡᠭᠲᠡᠢ᠃ ᠦᠵᠡᠯ ᠰᠠᠨᠠᠭ᠎ᠠ ᠪᠣᠯᠣᠨ ᠦᠢᠯᠡ ᠠᠵᠢᠯᠯᠠᠭ᠎ᠠ ᠪᠠᠨ ᠨᠠᠮ ᠤᠨ ᠲᠥᠪ ᠬᠤᠷᠢᠶᠠᠨ ᠤ ᠠᠵᠤ ᠠᠬᠤᠢ ᠶᠢᠨ ᠪᠠᠶᠢᠳᠠᠯ ᠤᠨ ᠲᠤᠬᠠᠢ ᠵᠠᠳᠠᠯᠤᠯᠲᠠ ᠮᠠᠭᠠᠳᠯᠠᠯᠲᠠ ᠳᠡᠭᠡᠷ᠎ᠡ ᠦᠨᠡᠨᠬᠦ ᠨᠢᠭᠡᠳᠬᠡᠵᠦ᠂ ᠬᠥᠭᠵᠢᠯᠲᠡ ᠶᠢᠨ ᠢᠲᠡᠭᠡᠯ ᠢᠶᠠᠨ ᠪᠠᠲᠤᠳᠬᠠᠵᠤ᠂ ᠪᠠᠶᠢᠯᠳᠤᠬᠤ ᠪᠣᠳᠣᠯᠭ᠎ᠠ ᠶᠢᠨ ᠲᠣᠭᠲᠠᠯ ᠬᠦᠴᠦᠨ ᠢᠶᠠᠨ ᠪᠠᠲᠤᠯᠠᠵᠤ᠂ ᠡᠯ᠎ᠡ ᠵᠦᠢᠯ ᠤᠨ ᠠᠵᠢᠯ ᠤᠨ ᠶᠠᠰᠤ ᠴᠢᠨᠠᠷ ᠢ ᠳᠡᠭᠡᠭᠰᠢᠯᠡᠭᠦᠯᠵᠦ ᠦᠷ᠎ᠡ ᠠᠰᠢᠭ ᠢ ᠨᠡᠮᠡᠭᠳᠡᠭᠦᠯᠬᠦ ᠶᠢ ᠦᠷᠭᠦᠯᠵᠢᠯᠡᠨ ᠠᠬᠢᠭᠤᠯᠵᠤ᠂ ᠵᠢᠯ ᠤᠨ ᠡᠬᠢᠨ ᠳᠤ ᠲᠣᠭᠲᠠᠭᠠᠭᠰᠠᠨ ᠡᠯ᠎ᠡ ᠵᠦᠢᠯ ᠤᠨ ᠬᠠᠷᠠᠯᠲᠠ ᠡᠭᠦᠷᠭᠡ ᠶᠢ ᠪᠡᠶᠡᠯᠡᠭᠦᠯᠬᠦ ᠶᠢ ᠪᠠᠲᠤᠯᠠᠬᠤ ᠬᠡᠷᠡᠭᠲᠡᠢ᠃ ᠴᠡᠷᠢᠭ ᠢᠶᠠᠨ ᠬᠦᠷᠢᠶᠡᠯᠡᠨ ᠴᠡᠷᠢᠭ ᠤᠨ ᠭᠡᠷ ᠪᠦᠯᠢ ᠶᠢ ᠬᠠᠷᠠᠭᠠᠯᠵᠠᠬᠤ ᠢᠷᠠᠭᠤ ᠠᠯᠳᠠᠷᠲᠤ ᠤᠯᠠᠮᠵᠢᠯᠠᠯ ᠢ ᠭᠦᠢᠴᠡᠳ ᠪᠠᠳᠠᠷᠠᠭᠤᠯᠵᠤ᠂ ᠤᠨᠴᠠ ᠬᠠᠯᠠᠮᠵᠢᠯᠠᠬᠤ ᠬᠠᠷᠠᠭᠠᠯᠵᠠᠬᠤ ᠲᠣᠭᠲᠠᠴᠠ ᠶᠢ ᠪᠦᠷᠢᠨᠰᠢᠭᠦᠯᠦᠨ᠂ ᠴᠡᠷᠢᠭ ᠠᠴᠠ ᠬᠠᠯᠠᠭᠳᠠᠭᠰᠠᠳ ᠤᠨ ᠬᠠᠤᠯᠢ ᠶᠣᠰᠣᠨ ᠤ ᠡᠷᠬᠡ ᠠᠰᠢᠭ ᠢ ᠬᠠᠤᠯᠢ ᠶᠣᠰᠣᠭᠠᠷ ᠬᠠᠮᠠᠭᠠᠯᠠᠵᠤ᠂ ᠮᠠᠨ ᠤ ᠲᠤᠭᠤᠷᠢᠭ ᠤᠨ ᠴᠡᠷᠢᠭ ᠠᠴᠠ ᠬᠠᠯᠠᠭᠳᠠᠭᠰᠠᠳ ᠤᠨ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠬᠦ ᠬᠡᠷᠡᠭᠲᠡᠢ ᠬᠡᠵᠤ ᠴᠢᠬᠤᠯᠠᠴᠢᠯᠠᠪᠠ᠃      ᠬᠤᠷᠠᠯ ᠠᠴᠠ ᠶᠡᠷᠦᠩᠬᠡᠢ ᠱᠦᠵᠢ ᠰᠢ ᠶᠢᠨ ᠫᠢᠩ ᠤᠨ ᠬᠠᠲᠤᠨ ᠭᠤᠣᠯ ᠤᠨ ᠰᠠᠪᠠ ᠭᠠᠵᠠᠷ ᠤᠨ ᠠᠮᠢ ᠠᠬᠤᠢ ᠶᠢᠨ ᠬᠠᠮᠠᠭᠠᠯᠠᠯᠲᠠ ᠪᠠ ᠴᠢᠨᠠᠷ ᠰᠠᠶᠢᠲᠠᠢ ᠬᠥᠭᠵᠢᠯᠲᠡ ᠶᠢᠨ ᠲᠤᠬᠠᠢ ᠴᠢᠬᠤᠯᠠ ᠶᠠᠷᠢᠶ᠎ᠠ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠥᠪᠡᠷᠲᠡᠭᠡᠨ ᠵᠠᠰᠠᠬᠤ ᠣᠷᠣᠨ ᠤ ᠣᠷᠴᠢᠨ ᠲᠣᠭᠤᠷᠢᠨ ᠤ ᠬᠠᠮᠠᠭᠠᠯᠠᠯᠲᠠ ᠶᠢᠨ ᠱᠠᠯᠠᠪᠳᠠᠭᠤᠯᠤᠨ ᠪᠠᠶᠢᠴᠠᠭᠠᠯᠳᠠ ᠳᠤ ᠤᠯᠠᠨ ᠲᠦᠮᠡᠨ ᠤ ᠵᠠᠬᠢᠳᠠᠯ ᠰᠣᠷᠪᠤᠯᠵᠢᠯᠠᠭ᠎ᠠ ᠪᠠᠷ ᠢᠯᠡᠴᠢᠯᠡᠨ ᠮᠡᠳᠡᠭᠦᠯᠦᠭᠰᠡᠨ ᠬᠡᠷᠡᠭ ᠢ ᠰᠢᠢᠳᠪᠦᠷᠢᠯᠡᠭᠰᠡᠨ ᠪᠠᠶᠢᠳᠠᠯ ᠢ ᠰᠣᠨᠣᠰᠴᠤ᠂ ᠤᠰᠤ᠂ ᠠᠭᠠᠷ ᠮᠠᠨᠳᠠᠯ᠂ ᠬᠠᠲᠠᠭᠤ ᠪᠡᠶᠡᠲᠦ ᠬᠠᠶᠠᠭᠳᠠᠮᠠᠯ ᠪᠣᠳᠠᠰ᠂ ᠬᠥᠷᠥᠰᠥ ᠰᠢᠷᠣᠢ ᠵᠡᠷᠭᠡ ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠬᠦᠷᠢᠶᠡᠨ ᠤ ᠠᠵᠢᠯ ᠤᠨ ᠲᠣᠭᠤᠷᠢᠨ ᠳᠤ᠂ ᠪᠠᠶᠢᠩᠭᠤᠵᠢᠭᠰᠠᠨ ᠬᠢᠨᠠᠨ ᠬᠡᠮᠵᠢᠵᠦ ᠬᠢᠨᠠᠨ ᠬᠠᠮᠢᠶᠠᠷᠬᠤ ᠲᠣᠭᠲᠠᠴᠠ ᠶᠢ ᠪᠠᠶᠢᠭᠤᠯᠵᠤ᠂ ᠨᠢᠭᠡ ᠠᠴᠠ ᠵᠦᠢᠴᠢᠯᠡᠵᠦ ᠨᠥᠬᠦᠭᠡ ᠶᠢ ᠮᠡᠳᠡᠨ ᠡᠯ᠎ᠡ ᠲᠦᠷᠦᠯ ᠤᠨ ᠣᠷᠴᠢᠨ ᠲᠣᠭᠤᠷᠢᠨ ᠤ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠠᠵᠢᠯ ᠢ ᠰᠠᠶᠢᠲᠤᠷ ᠬᠢᠵᠦ᠂ ᠳ᠋ᠦᠩᠱᠧᠩ ᠤᠨ ᠠᠮᠢ ᠠᠬᠤᠢ ᠶᠢᠨ ᠣᠷᠴᠢᠨ ᠲᠣᠭᠤᠷᠢᠨ ᠤ ᠶᠠᠰᠤ ᠴᠢᠨᠠᠷ ᠢ ᠦᠷᠭᠦᠯᠵᠢᠯᠡᠨ ᠰᠠᠶᠢᠵᠢᠷᠠᠭᠤᠯᠬᠤ ᠬᠡᠷᠡᠭᠲᠡᠢ ᠭᠡᠵᠦᠴᠢᠬᠤᠯᠠᠴᠢᠯᠠᠪᠠ᠃     ᠬᠤᠷᠠᠯ ᠠᠴᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠠᠷᠪᠠᠨ ᠨᠢᠭᠡᠳᠦᠭᠡᠷ ᠬᠤᠭᠤᠴᠠᠭᠠᠨ ᠤ ᠨᠠᠢᠮᠠᠳᠤᠭᠠᠷ ᠪᠥᠬᠦᠳᠡ ᠬᠤᠷᠠᠯ᠂ ᠬᠤᠲᠠ ᠶᠢᠨ ᠨᠠᠮ ᠤᠨ ᠬᠤᠷᠢᠶ᠎ᠠ ᠶᠢᠨ ᠲᠠᠪᠤᠳᠤᠭᠠᠷ ᠬᠤᠭᠤᠴᠠᠭᠠᠨ ᠤ ᠨᠠᠢᠮᠠᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠵᠤ᠂ ᠳᠡᠭᠡᠳᠦ ᠱᠠᠲᠤᠨ ᠤ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠤᠯᠠᠮᠵᠢᠯᠠᠨ ᠰᠤᠷᠤᠯᠴᠠᠵᠤ᠂ ᠭᠦᠨᠵᠡᠭᠡᠢ ᠣᠶᠢᠯᠠᠭᠠᠨ᠂ ᠣᠨᠣᠪᠴᠢᠲᠠᠶ ᠡᠵᠡᠮᠰᠢᠵᠦ᠂ ᠬᠤᠷᠠᠯ ᠤᠨ ᠵᠣᠷᠢᠭ ᠰᠠᠨᠠᠭ᠎ᠠ ᠶᠢ ᠳ᠋ᠦᠩᠱᠧᠩ ᠤᠨ ᠥᠭᠡᠷᠡᠴᠢᠯᠡᠯᠲᠡ ᠬᠥᠭᠵᠢᠯᠲᠡ ᠲᠣᠭᠲᠠᠭᠤᠨ ᠪᠠᠶᠢᠳᠠᠯ ᠤᠨ ᠡᠯ᠎ᠡ ᠵᠦᠢᠯ ᠤᠨ ᠪᠣᠳᠠᠲᠠᠢ ᠠᠵᠢᠯ ᠤᠨ ᠳᠤᠮᠳᠠ ᠪᠥᠬᠦ ᠲᠠᠯ᠎ᠠ ᠪᠠᠷ ᠲᠤᠤᠱᠯᠠᠭᠤᠯᠤᠨ ᠨᠠᠶᠢᠳᠠᠪᠤᠷᠢᠵᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃     ᠬᠤᠷᠠᠯ ᠠᠴᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ ᠶᠢᠨ ᠬᠤᠷᠠᠯ᠂ ᠬᠤᠳᠠ ᠶᠢᠨ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ ᠶᠢᠨ ᠬᠤᠷᠠᠯ ᠤᠨ ᠬᠤᠯᠪᠣᠭᠳᠠᠯ ᠪᠦᠬᠦᠢ ᠵᠣᠷᠢᠭ ᠰᠠᠨᠠᠭ᠎ᠠ ᠶᠢ ᠤᠯᠠᠮᠵᠢᠯᠠᠵᠤ᠂ ᠳ᠋ᠦᠩᠱᠧᠩ ᠲᠣᠭᠤᠷᠢᠭ ᠤᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠤᠨ ᠭᠤᠣᠯ ᠱᠤᠭᠤᠮ ᠢ ᠪᠦᠬᠦ ᠲᠠᠯ᠎ᠠ ᠪᠠᠷ ᠲᠤᠤᠱᠯᠠᠭᠤᠯᠵᠤ ᠪᠠᠲᠤ ᠴᠣᠭᠴᠠᠯᠠᠭᠰᠠᠨ ᠠᠵᠢᠯ ᠤᠨ ᠪᠠᠶᠢᠳᠠᠯ ᠢ ᠰᠣᠨᠣᠰᠴᠤ᠂ ᠤᠬᠠᠭᠤᠯᠭ᠎ᠠ ᠬᠥᠮᠦᠵᠢᠯ ᠢ ᠴᠢᠩᠭᠠᠳᠬᠠᠵᠤ᠂ ᠰᠢᠨ᠎ᠡ ᠰᠡᠳᠬᠢᠴᠡ ᠠᠷᠭ᠎ᠠ ᠶᠢ ᠡᠭᠦᠳᠴᠦ᠂ ᠪᠣᠳᠠᠲᠠᠢ ᠶᠢ ᠡᠷᠬᠢᠮᠯᠡᠭᠰᠡᠨ ᠠᠷᠭ᠎ᠠ ᠬᠡᠮᠵᠢᠶ᠎ᠡ ᠠᠪᠴᠤ᠂ ᠭᠤᠣᠯ ᠱᠤᠭᠤᠮ ᠤᠨ ᠱᠠᠭᠠᠷᠳᠠᠯᠭ᠎ᠠ ᠶᠢ ᠡᠯ᠎ᠡ ᠠᠵᠢᠯ ᠲᠦᠷᠦᠯ ᠡᠯ᠎ᠡ ᠬᠦᠷᠢᠶᠡᠨ ᠳᠤ ᠬᠡᠷᠡᠭᠵᠢᠭᠦᠯᠦᠨ ᠦᠷ᠎ᠡ ᠪᠦᠲᠦᠮᠵᠢ ᠭᠠᠷᠭᠠᠬᠤ ᠶᠢ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃     ᠬᠤᠷᠠᠯ ᠠᠴᠠ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠦᠬᠦᠳᠡ ᠬᠤᠷᠠᠯ ᠤᠨ ᠰᠤᠷᠤᠯᠴᠠᠯᠭ᠎ᠠ ᠪᠣᠯᠪᠠᠰᠤᠷᠠᠯ ᠤᠬᠠᠭᠤᠯᠭ᠎ᠠ ᠶᠢᠨ ᠠᠵᠢᠯ ᠢ ᠥᠷᠨᠢᠭᠦᠯᠦᠭᠰᠡᠨ ᠪᠠᠶᠢᠳᠠᠯ ᠢ ᠰᠣᠨᠣᠰᠴᠤ᠂ ᠳᠠᠷᠠᠭᠠᠴᠢ ᠶᠢᠨ ᠠᠯᠬᠤᠮ ᠤᠨ ᠠᠵᠢᠯ ᠢ ᠲᠣᠬᠢᠷᠠᠭᠤᠯᠤᠨ ᠪᠠᠶᠢᠷᠢᠯᠠᠭᠤᠯᠵᠤ᠂ ᠭᠦᠨᠵᠡᠭᠡᠢ ᠰᠤᠷᠤᠯᠴᠠᠨ ᠨᠠᠷᠢᠨ ᠣᠶᠢᠯᠠᠭᠠᠵᠤ᠂ ᠤᠬᠠᠭᠤᠯᠤᠨ ᠲᠠᠶᠢᠯᠪᠤᠷᠢᠯᠠᠬᠤ ᠶᠢ ᠥᠷᠭᠡᠨ ᠢᠶᠠᠷ ᠥᠷᠨᠢᠭᠦᠯᠵᠦ᠂ ᠤᠬᠠᠭᠤᠯᠤᠨ ᠮᠡᠳᠡᠭᠡᠯᠡᠬᠦ ᠶᠢ ᠦᠷᠭᠦᠯᠵᠢᠯᠡᠨ ᠥᠷᠨᠢᠭᠦᠯᠵᠦ᠂ ᠰᠤᠷᠤᠯᠴᠠᠬᠤ ᠪᠠᠷ ᠠᠵᠢᠯᠯᠠᠬᠤ ᠶᠢ ᠠᠬᠢᠭᠤᠯᠬᠤ ᠶᠢ ᠴᠢᠬᠤᠯᠠᠴᠢᠯᠠᠵᠤ᠂ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠡᠯ᠎ᠡ ᠵᠦᠢᠯ ᠤᠨ ᠠᠵᠢᠯ ᠳᠤ ᠦᠨᠡᠨᠬᠦ ᠲᠤᠤᠱᠯᠠᠭᠤᠯᠤᠨ ᠨᠠᠶᠢᠳᠠᠪᠤᠷᠢᠵᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃     ᠬᠤᠷᠠᠯ ᠠᠴᠠ ︽ᠵᠢᠷᠭᠤᠭᠠᠨ ᠢᠨᠵᠧᠨᠧᠷᠢᠩ︾ ᠢ ᠠᠬᠢᠭᠤᠯᠬᠤ ᠠᠵᠢᠯ ᠤᠨ ᠪᠠᠶᠢᠳᠠᠯ ᠢ ᠰᠣᠨᠣᠰᠴᠤ᠂ ᠲᠠᠷᠠᠭᠠᠴᠢ ᠶᠢᠨ ᠠᠯᠬᠤᠮ ᠤᠨ ᠠᠵᠢᠯ ᠢ ᠲᠣᠬᠢᠷᠠᠭᠤᠯᠤᠨ ᠪᠠᠶᠢᠷᠢᠯᠠᠭᠤᠯᠵᠤ᠂ ᠦᠵᠡᠯ ᠰᠠᠨᠠᠭ᠎ᠠ ᠲᠠᠨᠢᠯᠲᠠ ᠪᠠᠨ ᠳᠡᠭᠡᠭᠰᠢᠯᠡᠭᠦᠯᠦᠨ᠂ ᠬᠠᠷᠢᠭᠤᠴᠠᠯᠭ᠎ᠠ ᠶᠢᠨ ᠬᠡᠯᠬᠢᠶ᠎ᠡ ᠶᠢ ᠪᠣᠳᠠᠲᠠᠶᠢᠵᠢᠭᠤᠯᠵᠤ᠂ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠬᠤ ᠢᠨᠵᠧᠨᠧᠷᠢᠩ᠂ ᠡᠯᠡᠰᠦ ᠶᠢ ᠰᠡᠷᠭᠡᠶᠢᠯᠡᠵᠦ ᠡᠯᠡᠰᠦ ᠶᠢ ᠵᠠᠰᠠᠬᠤ ᠪᠠ ᠰᠠᠯᠬᠢᠨ ᠴᠠᠬᠢᠯᠭᠠᠨ ᠬᠡᠷᠡᠯ ᠴᠡᠨᠡᠭ ᠢ ᠨᠢᠭᠡ ᠴᠣᠭᠴᠠᠵᠢᠭᠤᠯᠬᠤ ᠢᠨᠵᠧᠨᠧᠷᠢᠩ᠂ ᠬᠠᠶᠢᠷ᠎ᠠ ᠬᠠᠯᠠᠮᠵᠢᠳᠤ ᠢᠨᠵᠧᠨᠧᠷᠢᠩ᠂ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠢᠨᠵᠧᠨᠧᠷᠢᠩ᠂ ᠰᠢᠨᠵᠢᠯᠡᠬᠦ ᠤᠬᠠᠭᠠᠨ ᠮᠡᠷᠭᠡᠵᠢᠯ ᠤᠨ ︽ᠪᠦᠰᠡᠯᠡᠯᠲᠡ ᠶᠢ ᠰᠢᠪᠲᠤᠯᠬᠤ︾ ᠢᠨᠵᠧᠨᠧᠷᠢᠩ᠂ ᠴᠢᠯᠦᠭᠡᠲᠦ ᠠᠷᠠᠯᠵᠢᠶᠠᠨ ᠤ ᠲᠤᠭᠤᠷᠢᠭ ᠢ ᠡᠭᠦᠳᠦᠨ ᠪᠠᠶᠢᠭᠤᠯᠬᠤ ᠢᠨᠵᠧᠨᠧᠷᠢᠩ ᠢ ᠬᠡᠷᠡᠭᠵᠢᠭᠦᠯᠬᠦ ᠠᠬᠢᠴᠠ ᠶᠢ ᠲᠦᠷᠭᠡᠳᠬᠡᠵᠦ᠂ ᠣᠨ ᠤ ᠬᠠᠷᠠᠯᠲᠠ ᠶᠢᠨ ᠡᠭᠦᠷᠭᠡ ᠪᠠᠨ ᠬᠦᠴᠦᠯᠡᠨ ᠪᠡᠶᠡᠯᠡᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃     ᠬᠤᠷᠠᠯ ᠠᠴᠠ 2024 ᠣᠨ ᠠᠴᠠ ᠨᠠᠰᠢᠬᠢ ᠵᠠᠬᠢᠳᠠᠯ ᠰᠣᠷᠪᠤᠯᠵᠢᠯᠠᠭ᠎ᠠ ᠶᠢᠨ ᠲᠤᠰᠬᠠᠯ ᠲᠥᠪᠯᠡᠷᠡᠭᠰᠡᠨ ᠠᠰᠠᠭᠤᠳᠠᠯ ᠪᠣᠯᠣᠨ ︽ᠵᠠᠭᠠᠯᠳᠤᠯᠭ᠎ᠠ ᠶᠢ ᠬᠦᠯᠢᠶᠡᠨ ᠠᠪᠤᠮᠠᠭᠴᠠ ᠰᠢᠢᠳᠪᠦᠷᠢᠯᠡᠬᠦ︾ ᠶᠢᠨ ᠤᠯᠠᠨ ᠲᠠᠪᠳᠠᠮᠵᠢᠳᠤ ᠲᠤᠰᠬᠠᠯ ᠲᠠᠢ ᠠᠰᠠᠭᠤᠳᠠᠯ ᠤᠨ ᠪᠠᠶᠢᠳᠠᠯ ᠢ ᠰᠣᠨᠣᠰᠴᠤ᠂ ᠤᠯᠠᠨ ᠲᠠᠪᠳᠠᠮᠵᠢᠳᠤ ᠠᠰᠠᠭᠤᠳᠠᠯ ᠢᠯᠡᠷᠡᠭᠰᠡᠨ ᠰᠢᠯᠲᠠᠭᠠᠨ ᠢ ᠨᠠᠷᠢᠨ ᠬᠢᠨᠠᠮᠠᠭᠠᠢ ᠵᠠᠳᠠᠯᠵᠤ᠂ ᠠᠵᠢᠯ ᠤᠨ ᠭᠤᠣᠯᠳᠠᠯᠭ᠎ᠠ ᠳᠤ ᠠᠩᠬᠠᠷᠤᠯ ᠢᠶᠠᠨ ᠲᠥᠪᠯᠡᠷᠡᠭᠦᠯᠵᠦ᠂ ᠰᠢᠢᠳᠪᠦᠷᠢᠯᠡᠬᠦ ᠠᠷᠭ᠎ᠠ ᠬᠡᠮᠵᠢᠶ᠎ᠡ ᠶᠢ ᠣᠨᠣᠪᠴᠢᠲᠠᠢ ᠣᠯᠵᠤ᠂ ᠡᠬᠢ ᠡᠭᠦᠰᠦᠯ ᠠᠴᠠ ᠨᠢ ᠵᠠᠰᠠᠬᠤ ᠪᠠ ᠳᠣᠲᠣᠭᠠᠳᠤ ᠶᠢᠨ ᠵᠠᠰᠠᠯᠲᠠ ᠶᠢ ᠴᠢᠩᠭᠠᠳᠬᠠᠵᠤ᠂ ᠤᠯᠠᠨ ᠲᠦᠮᠡᠨ ᠤ ᠪᠠᠴᠢᠮ ᠲᠤᠯᠭᠠᠮ᠎ᠠ ᠬᠦᠴᠢᠷ ᠵᠣᠪᠠᠭᠤᠷᠢ ᠲᠠᠢ ᠠᠰᠠᠭᠤᠳᠠᠯ ᠢ ᠦᠨᠡᠨᠬᠦ ᠪᠦᠲᠦᠮᠵᠢᠲᠡᠢ ᠰᠢᠢᠳᠪᠦᠷᠢᠯᠡᠬᠦ ᠶᠢ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃      ᠬᠤᠷᠠᠯ ᠠᠴᠠ ᠭᠠᠯ ᠢ ᠰᠡᠷᠬᠡᠶᠢᠯᠡᠬᠦ ᠠᠮᠤᠷ ᠲᠦᠪᠰᠢᠨ ᠤ ᠪᠠᠶᠢᠴᠠᠭᠠᠯᠲᠠ ᠶᠢᠨ ᠠᠵᠢᠯ ᠢ ᠥᠷᠨᠢᠭᠦᠯᠦᠭᠰᠡᠨ ᠪᠠᠶᠢᠳᠠᠯ ᠢ ᠰᠣᠨᠣᠰᠴᠤ᠂ ᠳᠠᠷᠠᠭᠠᠴᠢ ᠶᠢᠨ ᠠᠯᠬᠤᠮ ᠤᠨ ᠠᠵᠢᠯ ᠢ ᠲᠣᠬᠢᠷᠠᠭᠤᠯᠤᠨ ᠪᠠᠶᠢᠷᠢᠯᠠᠭᠤᠯᠵᠤ᠂ ᠭᠠᠯ ᠢ ᠰᠡᠷᠬᠡᠶᠢᠯᠡᠬᠦ ᠠᠮᠤᠷ ᠲᠦᠪᠰᠢᠨ ᠤ ᠠᠰᠠᠭᠤᠳᠠᠯ ᠢ ᠴᠡᠭᠴᠡᠯᠡᠨ ᠵᠠᠰᠠᠬᠤ ᠶᠢ ᠦᠷᠭᠦᠯᠵᠢᠯᠡᠨ ᠠᠬᠢᠭᠤᠯᠵᠤ᠂ ᠡᠯ᠎ᠡ ᠠᠵᠢᠯ ᠲᠦᠷᠦᠯ ᠤᠨ ᠭᠤᠣᠯᠯᠠᠨ ᠬᠠᠮᠢᠶᠠᠷᠬᠤ ᠰᠠᠯᠠᠭ᠎ᠠ ᠮᠥᠴᠢᠷ ᠪᠣᠯᠣᠨ ᠬᠠᠷᠢᠶ᠎ᠠ ᠭᠠᠵᠠᠷ ᠤᠨ ᠨᠢᠭᠡᠴᠡ ᠶᠢᠨ ᠬᠢᠨᠠᠯᠲᠠ ᠬᠠᠮᠢᠶᠠᠷᠤᠯᠲᠠ ᠶᠢᠨ ᠬᠠᠷᠢᠭᠤᠴᠠᠯᠭ᠎ᠠ ᠶᠢ ᠴᠢᠩᠭᠠᠳᠬᠠᠵᠤ᠂ ᠠᠵᠤ ᠠᠬᠤᠶᠢᠯᠠᠯ ᠤᠨ ᠭᠤᠣᠯ ᠴᠣᠭᠴᠠ ᠶᠢᠨ ᠬᠠᠷᠢᠭᠤᠴᠠᠯᠭ᠎ᠠ ᠶᠢ ᠪᠠᠲᠤᠳᠬᠠᠵᠤ᠂ ᠠᠮᠤᠷ ᠲᠦᠪᠰᠢᠨ ᠤ ᠬᠡᠮ ᠰᠣᠭᠤᠭ ᠢ ᠴᠠᠭ ᠲᠤᠬᠠᠢ ᠳᠤᠨᠢ ᠪᠠᠶᠢᠴᠠᠭᠠᠨ ᠵᠠᠰᠠᠵᠤ᠂ ᠭᠠᠯ ᠢ ᠰᠡᠷᠬᠡᠶᠢᠯᠡᠬᠦ ᠠᠮᠤᠷ ᠲᠦᠪᠰᠢᠨ ᠤ ᠬᠤᠷᠢᠭ᠎ᠠ ᠱᠤᠭᠤᠮ ᠢ ᠪᠠᠲᠤ ᠰᠠᠬᠢᠬᠤ ᠬᠡᠷᠡᠭᠲᠡᠢ︔ ᠭᠠᠯ ᠢ ᠰᠡᠷᠬᠡᠶᠢᠯᠡᠬᠦ ᠠᠮᠤᠷ ᠲᠦᠪᠰᠢᠨ ᠤ ᠤᠬᠠᠭᠤᠯᠭ᠎ᠠ ᠬᠥᠮᠦᠵᠢᠯ ᠤᠨ ᠪᠤᠯᠪᠠᠰᠤᠷᠠᠯ ᠢ ᠭᠦᠨᠵᠡᠭᠡᠢ ᠥᠷᠨᠢᠭᠦᠯᠵᠦ᠂ ᠣᠯᠠᠨ ᠲᠦᠮᠡᠨ ᠤ ᠠᠮᠤᠷ ᠲᠦᠪᠰᠢᠨ ᠤ ᠦᠵᠡᠯ ᠤᠬᠠᠮᠰᠠᠷ᠂ ᠠᠮᠢ ᠵᠢᠭᠤᠲᠠᠵᠤ ᠥᠪᠡᠷ ᠢ ᠪᠠᠨ ᠠᠪᠤᠷᠠᠬᠤ ᠪᠠ ᠭᠠᠯ ᠰᠡᠷᠭᠡᠶᠢᠯᠡᠨ ᠤᠨᠲᠠᠷᠠᠭᠠᠬᠤ ᠴᠢᠳᠠᠪᠤᠷᠢ ᠶᠢ ᠨᠡᠮᠡᠭᠳᠡᠭᠦᠯᠬᠦ ᠬᠡᠷᠡᠭᠲᠡᠢ︔ ︽ᠶᠢᠰᠦᠨ ᠪᠠᠭ᠎ᠠ ᠲᠠᠯᠠᠪᠤᠷ︾  ᠤᠨ ᠴᠠᠬᠢᠯᠭᠠᠨ ᠬᠡᠷᠡᠭᠯᠡᠬᠦ᠂ ᠲᠣᠮᠣ ᠬᠡᠯᠪᠡᠷᠢ ᠶᠢᠨ ᠬᠤᠳᠠᠯᠳᠤᠭᠠᠨ ᠤ ᠲᠠᠯᠠᠪᠤᠷ ᠢ ᠵᠠᠰᠠᠵᠤ ᠴᠢᠮᠡᠭᠯᠡᠵᠦ ᠥᠭᠡᠷᠡᠴᠢᠯᠡᠬᠦ ᠳᠤ ᠴᠠᠬᠢᠯᠭᠠᠨ ᠬᠡᠷᠡᠭᠯᠡᠬᠦ᠂ ᠴᠠᠬᠢᠯᠭᠠᠨ ᠬᠥᠳᠡᠯᠭᠡᠭᠦᠷᠲᠦ ᠲᠡᠷᠭᠡᠨ ᠤ ᠠᠰᠠᠷ ᠤᠨ ᠵᠠᠮ ᠳᠤ ᠴᠠᠬᠢᠯᠭᠠᠨ ᠴᠡᠨᠡᠭᠯᠡᠬᠦ ᠵᠡᠷᠭᠡ ᠠᠰᠠᠭᠤᠳᠠᠯ ᠢ ᠴᠢᠩᠭ᠎ᠠ ᠠᠩᠬᠠᠷᠴᠤ᠂ ᠬᠠᠤᠯᠢ ᠬᠡᠷᠡᠭᠵᠢᠭᠦᠯᠦᠯᠲᠡ ᠶᠢᠨ ᠪᠠᠶᠢᠴᠠᠭᠠᠯᠲᠠ ᠶᠢᠨ ᠡᠷᠴᠢᠮ ᠢ ᠴᠢᠩᠭᠠᠷᠠᠭᠤᠯᠵᠤ᠂ ᠠᠶᠤᠯ ᠲᠦᠭᠰᠢᠭᠦᠷᠢ ᠶᠢᠨ ᠭᠡᠮ ᠰᠣᠭᠤᠭ ᠢ ᠴᠠᠭ ᠲᠤᠬᠠᠢ ᠳᠤᠨᠢ ᠠᠷᠢᠯᠭᠠᠵᠤ᠂ ᠤᠯᠠᠨ ᠲᠦᠮᠡᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠢ ᠪᠦᠬᠦ ᠬᠦᠴᠦᠨ ᠢᠶᠠᠷ ᠪᠠᠲᠤᠯᠠᠬᠤ ᠬᠡᠷᠡᠭᠲᠡᠢ ᠬᠡᠵᠡᠢ᠃     ᠬᠤᠷᠠᠯ ᠠᠴᠠ ᠲᠤᠭᠤᠷᠢᠭ ᠤᠨ ᠨᠠᠮ ᠤᠨ ᠬᠤᠷᠢᠶᠠᠨ ᠤ ᠶᠢᠰᠦᠳᠦᠭᠡᠷ ᠬᠤᠭᠤᠴᠠᠭᠠᠨ ᠤ ᠳᠣᠯᠣᠳᠤᠭᠠᠷ ᠪᠦᠬᠦᠳᠡ ᠬᠤᠷᠠᠯ ᠤᠨ ᠪᠡᠯᠡᠳᠬᠡᠯ ᠠᠵᠢᠯ ᠤᠨ ᠪᠠᠶᠢᠳᠠᠯ ᠤᠨ ᠲᠤᠬᠠᠢ ᠬᠠᠷᠢᠭᠤ ᠮᠡᠳᠡᠭᠦᠯᠦᠯᠲᠡ ᠶᠢ ᠰᠣᠨᠣᠰᠴᠤ᠂ ︽ᠳ᠋ᠦᠩᠱᠧᠩ ᠲᠣᠭᠤᠷᠢᠭ ᠤᠨ ᠨᠠᠮ ᠤᠨ ᠬᠤᠷᠢᠶᠠᠨ ᠤ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠤᠱᠯᠠᠭᠤᠯᠤᠨ ᠨᠠᠶᠢᠳᠠᠪᠤᠷᠢᠵᠢᠭᠤᠯᠬᠤ ᠲᠤᠬᠠᠢ ᠬᠡᠷᠡᠭᠵᠢᠭᠦᠯᠬᠦ ᠰᠠᠨᠠᠯ︾  ᠤᠨ ᠡᠬᠡ ᠨᠣᠣᠷᠠᠭ ᠢ ᠰᠤᠳᠤᠯᠵᠠᠢ᠃ ᠬᠤᠷᠠᠯ ᠠᠴᠠ ᠪᠦᠭᠦᠳᠡ ᠬᠤᠷᠠᠯ ᠢ 8 ᠰᠠᠷ᠎ᠠ ᠶᠢᠨ 19  ᠤ ᠡᠳᠦᠷ ᠬᠤᠷᠠᠯᠳᠤᠭᠤᠯᠬᠤ ᠪᠠᠷ ᠲᠤᠭᠳᠠᠵᠤ᠂ ᠭᠤᠣᠯ ᠡᠭᠦᠷᠭᠡ ᠨᠢ ᠲᠤᠭᠤᠷᠢᠭ ᠤᠨ ᠨᠠᠮ ᠤᠨ ᠬᠤᠷᠢᠶᠠᠨ ᠤ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠬᠤ ᠲᠤᠬᠠᠢ ᠬᠤᠯᠪᠣᠭᠳᠠᠯ ᠪᠦᠬᠦᠢ ᠪᠢᠴᠢᠭ ᠮᠠᠲ᠋ᠧᠷᠢᠶᠠᠯ ᠢ ᠬᠢᠨᠠᠨ ᠵᠥᠪᠯᠡᠵᠦ᠂ ᠲᠤᠭᠤᠷᠢᠭ ᠤᠨ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ 2024 ᠣᠨ ᠤ ᠳᠡᠭᠡᠷ᠎ᠡ ᠬᠠᠭᠠᠰ ᠵᠢᠯ ᠤᠨ ᠠᠵᠢᠯ ᠤᠨ ᠮᠡᠳᠡᠭᠦᠯᠦᠯᠲᠡ ᠶᠢ ᠰᠣᠨᠣᠰᠴᠤ᠂ ᠳᠣᠣᠷ᠎ᠠ ᠬᠠᠭᠠᠰ ᠵᠢᠯ ᠤᠨ ᠭᠤᠣᠯᠳᠠᠯᠭ᠎ᠠ ᠲᠠᠢ ᠠᠵᠢᠯ ᠢ ᠲᠣᠬᠢᠷᠠᠭᠤᠯᠤᠨ ᠪᠠᠶᠢᠷᠢᠯᠠᠭᠤᠯᠤᠨ᠎ᠠ᠃     ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃ 
ᠢᠷᠡᠯᠲᠡ᠄ ᠳ᠋ᠦᠩᠱᠧᠩ ᠳᠤᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ