ᠲᠤᠭᠤᠷᠢᠭ  ᠤᠨ ᠨᠠᠮ ᠤᠨ ᠬᠤᠷᠢᠶ᠎ᠠ ᠲᠤᠰᠬᠠᠢ ᠰᠡᠳᠦᠪᠲᠦ ᠬᠤᠷᠠᠯ ᠬᠤᠷᠠᠯᠳᠤᠭᠤᠯᠵᠤ ᠣᠷᠣᠨ ᠰᠠᠭᠤᠴᠠ ᠶᠢᠨ ᠬᠦᠷᠢᠶᠡᠨ ᠤ ︽ᠦᠨᠡᠮᠯᠡᠯ ᠠᠪᠬᠤ ᠳᠤ ᠬᠦᠴᠢᠷ︾ ᠲᠠᠯ᠎ᠠ ᠪᠠᠷ ᠬᠢ ᠣᠯᠠᠨ ᠲᠦᠮᠡᠨ ᠤ ᠳᠡᠷᠭᠡᠳᠡᠬᠢ ᠲᠥᠪ ᠪᠤᠰᠤ ᠰᠤᠷᠲᠠᠯ ᠪᠠ ᠢᠯᠵᠠᠷᠠᠯ ᠤᠨ ᠠᠰᠠᠭᠤᠳᠠᠯ ᠢ ᠲᠥᠪᠯᠡᠷᠡᠭᠦᠯᠦᠨ ᠴᠡᠭᠴᠡᠯᠡᠨ ᠵᠠᠰᠠᠬᠤ ᠠᠵᠢᠯ ᠢ ᠰᠤᠳᠤᠯᠪᠠ
ᠨᠡᠶᠢᠲᠡᠯᠡᠭᠰᠡᠨ ᠴᠠᠭ᠄
2024/8/16
     8 ᠰᠠᠷ᠎ᠠ ᠶᠢᠨ 14 ᠤ ᠡᠳᠦᠷ᠂ ᠣᠷᠳᠣᠰ ᠤᠨ ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠤᠨ ᠨᠡᠭᠡᠭᠡᠯᠲᠡ ᠶᠢᠨ ᠲᠣᠭᠤᠷᠢᠭ ᠤᠨ ᠨᠠᠮ ᠤᠨ ᠠᠵᠢᠯᠯᠠᠬᠤ ᠬᠤᠷᠢᠶ᠎ᠠ ᠶᠢᠨ ᠱᠦᠵᠢ᠂ ᠳ᠋ᠦᠩᠱᠧᠩ ᠲᠣᠭᠤᠷᠢᠭ ᠤᠨ ᠨᠠᠮ ᠤᠨ ᠬᠤᠷᠢᠶ᠎ᠠ ᠶᠢᠨ ᠱᠦᠵᠢ ᠭᠤᠸ ᠢ ᠳ᠋ᠦᠩ ᠲᠤᠰᠬᠠᠢ ᠰᠡᠳᠦᠪᠲᠦ ᠬᠤᠷᠠᠯ ᠢ ᠡᠷᠭᠢᠯᠡᠨ ᠬᠤᠷᠠᠯᠳᠤᠭᠤᠯᠵᠤ᠂ ᠣᠷᠣᠨ ᠰᠠᠭᠤᠴᠠ ᠶᠢᠨ ᠬᠦᠷᠢᠶᠡᠨ ᠤ ︽ᠦᠨᠡᠮᠯᠡᠯ ᠠᠪᠬᠤ ᠳᠤ ᠬᠦᠴᠢᠷ︾ ᠲᠠᠯ᠎ᠠ ᠪᠠᠷ ᠬᠢ ᠣᠯᠠᠨ ᠲᠦᠮᠡᠨ ᠤ ᠳᠡᠷᠭᠡᠳᠡᠬᠢ ᠲᠥᠪ ᠪᠤᠰᠤ ᠰᠤᠷᠲᠠᠯ ᠪᠠ ᠢᠯᠵᠠᠷᠠᠯ ᠤᠨ ᠠᠰᠠᠭᠤᠳᠠᠯ ᠢ ᠲᠥᠪᠯᠡᠷᠡᠭᠦᠯᠦᠨ ᠴᠡᠭᠴᠡᠯᠡᠨ ᠵᠠᠰᠠᠬᠤ ᠠᠵᠢᠯ ᠢ ᠰᠤᠳᠤᠯᠵᠤ᠂ ᠲᠠᠷᠠᠭᠠᠴᠢ ᠶᠢᠨ ᠠᠯᠬᠤᠮ ᠤᠨ ᠠᠵᠢᠯ ᠢ ᠲᠣᠬᠢᠷᠠᠭᠤᠯᠤᠨ ᠪᠠᠶᠢᠷᠢᠯᠠᠭᠤᠯᠪᠠ᠃ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠲᠣᠭᠤᠷᠢᠭ ᠤᠨ ᠳᠠᠷᠤᠭ᠎ᠠ ᠬᠠᠨ ᠲᠤᠤ ᠬᠤᠷᠠᠯ ᠳᠤ ᠣᠷᠣᠯᠴᠠᠵᠠᠢ᠃     ᠬᠤᠷᠠᠯ ᠠᠴᠠ ᠥᠯᠥ ᠬᠥᠳᠡᠯᠬᠦ ᠬᠥᠷᠥᠩᠭᠡ ᠶᠢᠨ ᠳᠠᠩᠰᠠᠯᠠᠯᠲᠠ ᠪᠣᠯ ᠠᠷᠠᠳ ᠣᠯᠠᠨ ᠤ ᠬᠠᠤᠯᠢ ᠶᠣᠰᠣᠨ ᠤ ᠡᠷᠬᠡ ᠠᠰᠢᠭ ᠲᠤ ᠬᠤᠯᠪᠣᠭᠳᠠᠵᠤ ᠪᠠᠶᠢᠳᠠᠭ᠂ ᠡᠯ᠎ᠡ ᠠᠵᠢᠯ ᠤᠨ ᠲᠤᠰᠬᠠᠢ ᠠᠩᠭᠢ ᠶᠢᠨ ᠪᠦᠷᠢᠯᠳᠦᠭᠦᠨ ᠨᠢᠭᠡᠴᠡ ᠨᠦᠭᠦᠳ ᠣᠯᠠᠨ ᠲᠦᠮᠡᠨ ᠤ ᠣᠷᠣᠨ ᠰᠠᠭᠤᠴᠠ ᠶᠢᠨ ᠦᠨᠡᠮᠯᠡᠯ ᠠᠪᠬᠤ ᠳᠤ ᠬᠦᠴᠢᠷᠲᠡᠢ ᠪᠠᠶᠢᠬᠤ ᠠᠰᠠᠭᠤᠳᠠᠯ ᠢ ᠰᠢᠢᠳᠪᠦᠷᠢᠯᠡᠬᠦ ᠶᠢᠨ ᠬᠦᠨᠳᠦ ᠨᠣᠴᠢᠲᠠᠢ ᠴᠢᠨᠠᠷ ᠪᠠ ᠲᠤᠯᠭᠠᠮ᠎ᠠ ᠴᠢᠨᠠᠷ ᠢ ᠭᠦᠢᠴᠡᠳ ᠲᠠᠨᠢᠵᠤ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠨ᠂ ᠬᠠᠮᠵᠢᠯᠴᠠᠨ ᠨᠢᠭᠡ ᠴᠣᠭᠴᠠᠵᠢᠭᠤᠯᠵᠤ᠂ ᠡᠯ᠎ᠡ ᠲᠠᠯ᠎ᠠ ᠶᠢᠨ ᠬᠦᠴᠦᠨ ᠢ ᠨᠢᠭᠡᠳᠦᠯᠲᠡᠢ ᠲᠥᠯᠥᠪᠯᠡᠨ ᠵᠣᠬᠢᠴᠠᠭᠤᠯᠵᠤ᠂ ᠠᠵᠢᠯ ᠤᠨ ᠬᠠᠷᠢᠭᠤᠴᠠᠯᠭ᠎ᠠ ᠶᠢ ᠴᠢᠩᠭ᠎ᠠ ᠪᠣᠳᠠᠲᠠᠶᠢᠵᠢᠭᠤᠯᠵᠤ᠂ ᠰᠤᠷᠲᠠᠯ ᠤᠨ ᠪᠠᠶᠢᠭᠤᠯᠤᠯᠲᠠ ᠶᠢ ᠴᠢᠩᠭᠠᠳᠬᠠᠨ᠂ ᠣᠯᠠᠨ ᠲᠦᠮᠡᠨ ᠤ ᠦᠨᠡᠮᠯᠡᠯ ᠠᠪᠬᠤ ᠳᠤ ᠬᠦᠴᠢᠷᠲᠡᠢ ᠪᠠᠶᠢᠬᠤ ᠠᠰᠠᠭᠤᠳᠠᠯ ᠢ ᠲᠦᠷᠭᠡᠪᠴᠢᠯᠡᠨ ᠰᠢᠢᠳᠪᠦᠷᠢᠯᠡᠬᠦ ᠬᠡᠷᠡᠭᠲᠡᠢ᠃ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠦᠨᠡᠮᠯᠡᠯ ᠠᠪᠬᠤ ᠳᠤ ᠬᠦᠴᠢᠷᠲᠡᠢ ᠲᠥᠷᠥᠯ ᠵᠦᠢᠯ ᠤᠨ ᠪᠠᠶᠢᠳᠠᠯ ᠢ ᠣᠶᠢᠯᠠᠭᠠᠵᠤ ᠵᠢᠭᠰᠠᠭᠠᠨ ᠪᠠᠶᠢᠴᠠᠭᠠᠬᠤ ᠶᠢ ᠦᠨᠡᠨ ᠬᠦ ᠰᠠᠶᠢᠲᠤᠷ ᠬᠢᠵᠦ᠂ ᠰᠢᠯᠲᠠᠭᠠᠨ ᠢ ᠨᠢ ᠤᠯᠠᠮ ᠨᠢᠭᠡ ᠠᠯᠬᠤᠮ ᠲᠣᠳᠣᠷᠬᠠᠶᠢᠯᠠᠨ᠂ ᠨᠠᠷᠢᠨ ᠲᠠᠩᠰᠠ ᠵᠢᠭᠰᠠᠭᠠᠵᠤ᠂ ᠡᠬᠡ ᠲᠠᠩᠰᠠ ᠪᠠᠶᠢᠭᠤᠯᠤᠨ᠂ ᠪᠤᠳᠠᠳᠤ ᠲᠤᠭ᠎ᠠ ᠶᠢ ᠲᠣᠳᠣᠷᠬᠠᠶᠢᠯᠠᠨ᠂ ᠬᠠᠷᠢᠭᠤᠴᠠᠯᠭ᠎ᠠ ᠶᠢ ᠲᠤᠳᠤᠷᠬᠠᠶᠢᠯᠠᠨ᠂ ᠰᠠᠶᠢᠲᠤᠷ ᠨᠠᠶᠢᠳᠠᠪᠤᠷᠢᠵᠢᠭᠤᠯᠬᠤ ᠬᠡᠷᠡᠭᠲᠡᠢ᠃ ᠭᠡᠷ ᠪᠠᠶᠢᠰᠢᠩ ᠭᠠᠵᠠᠷ ᠬᠥᠷᠥᠩᠭᠡ ᠶᠢᠨ ᠬᠦᠷᠢᠶᠡᠨ ᠤ ︽ᠦᠨᠡᠮᠯᠡᠯ ᠠᠪᠬᠤ ᠳᠤ ᠬᠦᠴᠢᠷ︾ ᠠᠰᠠᠭᠤᠳᠠᠯ ᠢ ᠬᠠᠤᠯᠢ ᠶᠣᠰᠣᠭᠠᠷ ᠰᠢᠢᠳᠪᠦᠷᠢᠯᠡᠵᠦ᠂ ᠭᠡᠷ ᠪᠠᠶᠢᠰᠢᠩ ᠭᠠᠵᠠᠷ ᠬᠥᠷᠥᠩᠭᠡ ᠶᠢᠨ ᠬᠦᠷᠢᠶᠡᠨ ᠳᠠᠬᠢ ᠡᠯ᠎ᠡ ᠲᠥᠷᠥᠯ ᠤᠨ ᠬᠠᠤᠯᠢ ᠶᠢ ᠵᠥᠷᠢᠴᠡᠭᠰᠡᠨ ᠶᠠᠯᠠᠲᠤ ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ᠂ ᠥᠷᠭᠡᠨ ᠣᠯᠠᠨ ᠠᠷᠠᠳ ᠲᠦᠮᠡᠨ ᠤ ᠬᠠᠤᠯᠢ ᠶᠣᠰᠣᠨ ᠤ ᠡᠷᠬᠡ ᠠᠰᠢᠭ ᠢ ᠦᠨᠡᠨᠬᠦ ᠬᠠᠮᠠᠭᠠᠯᠠᠬᠤ ᠬᠡᠷᠡᠭᠳᠠᠢ᠃ ᠦᠵᠡᠯ ᠰᠠᠨᠠᠭ᠎ᠠ ᠲᠠᠨᠢᠯᠲᠠ ᠪᠠᠨ ᠤᠯᠠᠮ ᠨᠢᠭᠡ ᠠᠯᠬᠤᠮ ᠴᠢᠩᠭᠠᠳᠬᠠᠵᠤ᠂ ᠢᠳᠡᠪᠬᠢᠲᠡᠢ ᠪᠥᠭᠡᠳ ᠰᠠᠨᠠᠭᠠᠴᠢᠯᠠᠭ᠎ᠠ ᠲᠠᠢ ᠪᠠᠷ ᠠᠵᠢᠯᠯᠠᠵᠤ᠂ ᠥᠯᠥ ᠬᠥᠳᠡᠯᠬᠦ ᠬᠥᠷᠥᠩᠭᠡ ᠶᠢᠨ ᠳᠠᠩᠰᠠᠯᠠᠯᠲᠠ ᠶᠢᠨ ᠬᠦᠷᠢᠶᠡᠨ ᠳᠠᠬᠢ ᠣᠯᠠᠨ ᠲᠦᠮᠡᠨ ᠤ ᠳᠡᠷᠭᠡᠳᠡᠬᠢ ᠲᠥᠪ ᠪᠤᠰᠤ ᠰᠤᠷᠲᠠᠯ ᠪᠠ ᠢᠯᠵᠠᠷᠠᠯ ᠤᠨ ᠠᠰᠠᠭᠤᠳᠠᠯ ᠤᠨ ᠣᠨᠴᠠᠯᠢᠭ ᠢᠯᠡᠷᠡᠯ ᠢ ᠪᠥᠬᠦ ᠲᠠᠯ᠎ᠠ ᠪᠠᠷ ᠡᠮᠬᠢᠯᠡᠨ ᠳᠢᠭᠯᠡᠵᠦ᠂ ᠠᠰᠠᠭᠤᠳᠠᠯ ᠤᠨ ᠦᠨᠳᠦᠰᠦ ᠰᠤᠷᠪᠤᠯᠵᠢ ᠶᠢ ᠭᠦᠨ ᠠᠭᠤᠳᠠᠯᠵᠤ᠂ ᠨᠢᠭᠡ ᠪᠦᠯᠦᠭ ᠲᠣᠪᠣᠶᠢᠮ᠎ᠠ ᠠᠰᠠᠭᠤᠳᠠᠯ ᠢ ᠬᠦᠴᠦᠯᠡᠨ ᠰᠢᠢᠳᠪᠦᠷᠢᠯᠡᠵᠦ᠂ ᠨᠢᠭᠡ ᠪᠦᠯᠦᠭ ᠨᠡᠶᠢᠲᠡᠯᠢᠭ ᠬᠡᠷᠡᠭ ᠢ ᠪᠠᠶᠢᠴᠠᠭᠠᠨ ᠰᠢᠢᠳᠪᠦᠷᠢᠯᠡᠵᠦ᠂ ᠨᠢᠭᠡ ᠪᠦᠯᠦᠭ ᠳᠦᠷᠢᠮ ᠲᠣᠭᠲᠠᠴᠠ ᠶᠢ ᠲᠡᠭᠦᠯᠳᠡᠷᠵᠢᠭᠦᠯᠦᠨ᠂ ᠬᠠᠨᠳᠤᠯᠭᠠᠲᠤ ᠴᠢᠨᠠᠷᠲᠠᠢ ᠪᠠᠷ ᠳᠦᠷᠢᠮ ᠲᠣᠭᠲᠠᠭᠠᠯ ᠲᠣᠭᠲᠠᠭᠠᠵᠤ᠂ ᠠᠯᠳᠠᠰᠢ ᠭᠠᠷᠬᠤ ᠶᠢ ᠬᠤᠷᠢᠭᠯᠠᠨ᠂ ᠭᠡᠷ ᠪᠠᠶᠢᠰᠢᠩ ᠬᠤᠳᠠᠯᠳᠤᠨ ᠠᠪᠬᠤ ᠣᠯᠠᠨ ᠲᠦᠮᠡᠨ ᠤ ᠲᠣᠰ ᠪᠡᠶ᠎ᠡ ᠶᠢᠨ ᠠᠰᠢᠭ ᠲᠤᠰᠠ ᠶᠢ ᠦᠨᠡᠨ ᠬᠦ ᠪᠠᠳᠤᠯᠠᠬᠤ ᠬᠡᠷᠡᠭᠳᠠᠢ ᠬᠡᠵᠤ ᠴᠢᠬᠤᠯᠠᠴᠢᠯᠠᠪᠠ᠃      ᠲᠣᠭᠤᠷᠢᠭ ᠤᠨ ᠤᠳᠤᠷᠢᠳᠤᠯᠭ᠎ᠠ ᠨᠢᠶᠧ ᠵᠢᠶᠦ᠋ᠨ᠂ ᠭᠤᠤ ᠮᠢᠩ᠂ ᠳ᠋ᠦ᠋ ᠵᠢᠢ ᠺᠤᠸᠠᠨ᠂ ᠵᠠᠩ ᠪᠢᠩ᠂ ᠸᠠᠩ ᠱᠧᠩ ᠷᠦᠩ ᠬᠤᠷᠠᠯ ᠳᠤ ᠣᠷᠣᠯᠴᠠᠪᠠ᠃ 
ᠢᠷᠡᠯᠲᠡ᠄ ᠳ᠋ᠦᠩᠱᠧᠩ ᠳᠤᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ