︽ᠳᠤᠯᠠᠭᠠᠨ ᠬᠤᠳᠠ ᠶᠢᠨ ᠤᠶᠠᠩᠭᠠᠯᠠᠯ︾ ᠭᠤᠤᠯ ᠰᠡᠳᠦᠪᠳᠤ ᠰᠢᠯᠦᠭ ᠳᠠᠭᠤᠯᠠᠯ ᠢ ᠵᠤᠬᠢᠶᠠᠨ ᠪᠦᠳᠦᠭᠡᠬᠦ ᠰᠤᠳᠤᠯᠤᠨ ᠶᠠᠷᠢᠯᠴᠠᠬᠤ ᠬᠤᠷᠠᠯ ᠳ᠋ᠦᠡᠭᠱᠸᠡᠭ ᠲᠤᠭᠤᠷᠢᠭ ᠲᠤ ᠡᠬᠢᠯᠡᠪᠡ
ᠨᠡᠶᠢᠲᠡᠯᠡᠭᠰᠡᠨ ᠴᠠᠭ᠄
2024/8/20
      8 ᠰᠠᠷ᠎ᠠ ᠶᠢᠨ 17 ᠤ ᠡᠳᠦᠷ᠂ ︽ᠳᠤᠯᠠᠭᠠᠨ ᠬᠤᠳᠠ ᠶᠢᠨ ᠤᠶᠠᠩᠭᠠᠯᠠᠯ︾ ᠭᠤᠤᠯ ᠰᠡᠳᠦᠪᠳᠤ ᠰᠢᠯᠦᠭ ᠳᠠᠭᠤᠯᠠᠯ ᠢ ᠵᠤᠬᠢᠶᠠᠨ ᠪᠦᠳᠦᠭᠡᠬᠦ ᠰᠤᠳᠤᠯᠤᠨ ᠶᠠᠷᠢᠯᠴᠠᠬᠤ ᠬᠤᠷᠠᠯ ᠳ᠋ᠦᠡᠭᠱᠸᠡᠭ ᠲᠤᠭᠤᠷᠢᠭ ᠲᠤ ᠡᠬᠢᠯᠡᠪᠡ᠃ ᠲᠤᠰ ᠤᠳᠠᠭᠠᠨ ᠤ ᠰᠤᠳᠤᠯᠤᠨ ᠶᠠᠷᠢᠯᠴᠠᠬᠤ ᠬᠤᠷᠠᠯ ᠳᠤ 50 ᠤᠷᠴᠢᠮ ᠰᠢᠯᠦᠭᠴᠢᠨ ᠪᠣᠯᠤᠨ ᠨᠤᠲᠤᠭ ᠤᠨ ᠰᠢᠯᠦᠭᠴᠢ ᠵᠤᠬᠢᠶᠠᠯᠴᠢᠳ ᠴᠤᠭᠯᠠᠷᠠᠵᠤ᠂ ᠰᠢᠯᠦᠭ ᠳᠠᠭᠤᠯᠠᠯ ᠢ ᠵᠣᠬᠢᠶᠠᠨ ᠪᠦᠲᠦᠭᠡᠬᠦ ᠰᠢᠨ᠎ᠡ ᠬᠠᠨᠳᠤᠰᠢ᠂ ᠰᠢᠨ᠎ᠡ ᠣᠶᠢᠯᠠᠭᠠᠭᠳᠠᠬᠤᠨ ᠢ ᠬᠠᠮᠲᠤ ᠪᠠᠷ ᠰᠦᠪᠡᠭᠴᠢᠯᠡᠵᠦ᠂ ︽ᠤᠮᠠᠷᠠᠲᠤ ᠬᠢᠯᠢ ᠶᠢᠨ ᠰᠣᠶᠣᠯ︾ ᠤᠨ ᠲᠦᠷᠦᠯ ᠲᠡᠮᠳᠡᠭ ᠢ ᠡᠭᠦᠳᠬᠦ ᠪᠠ ᠣᠷᠣᠨ ᠨᠤᠲᠤᠭ ᠤᠨ ᠤᠳᠬ᠎ᠠ ᠤᠷᠠᠯᠢᠭ ᠤᠨ ᠦᠢᠯᠡᠰ ᠤᠨ ᠴᠡᠴᠡᠭᠯᠡᠯᠲᠡ ᠶᠢ ᠤᠯᠠᠮ ᠨᠢᠭᠡ ᠠᠯᠬᠤᠮ ᠠᠬᠢᠭᠤᠯᠪᠠ᠃ ᠴᠠᠭ ᠦᠶ᠎ᠡ ᠶᠢᠨ ᠬᠥᠭᠵᠢᠯᠲᠡ ᠶᠢ ᠳᠠᠭᠠᠯᠳᠤᠨ᠂ ᠰᠢᠯᠦᠭ ᠳᠠᠭᠤᠯᠠᠯ ᠢ ᠵᠣᠬᠢᠶᠠᠨ ᠪᠦᠲᠦᠭᠡᠬᠦ ᠳᠤ ᠲᠠᠰᠤᠷᠠᠯᠲᠠ ᠦᠭᠡᠢ ᠰᠢᠨ᠎ᠡ ᠶᠢ ᠡᠭᠦᠳᠴᠦ᠂ ᠣᠷᠣᠨ ᠨᠤᠲᠤᠭ ᠤᠨ ᠰᠣᠶᠣᠯ ᠤᠨ ᠬᠥᠷᠥᠰᠥ ᠰᠢᠷᠣᠢ ᠳᠤ ᠦᠨᠳᠦᠰᠦᠯᠡᠬᠦ ᠮᠥᠷᠲᠡᠭᠡᠨ ᠪᠠᠰᠠ ᠵᠣᠷᠢᠭᠲᠠᠢ ᠪᠠᠷ ᠰᠢᠨ᠎ᠡ ᠶᠢ ᠡᠭᠦᠳᠴᠦ᠂ ᠵᠣᠬᠢᠶᠠᠨ ᠪᠦᠲᠦᠭᠡᠬᠦ ᠬᠠᠷᠠᠭ᠎ᠠ ᠪᠠᠨ ᠦᠷᠬᠡᠳᠬᠡᠨ᠂ ᠨᠡᠩ ᠨᠡᠭᠡᠭᠡᠯᠲᠡᠲᠡᠢ ᠪᠠᠭᠲᠠᠭᠠᠮᠵᠢᠲᠠᠢ ᠣᠪᠣᠷ ᠢᠶᠠᠷ ᠰᠢᠨ᠎ᠡ ᠰᠢᠯᠦᠭ ᠳᠠᠭᠤᠯᠠᠯ ᠤᠨ ᠵᠣᠬᠢᠶᠠᠨ ᠪᠦᠲᠦᠭᠡᠬᠦ ᠥᠷᠢᠰᠥᠯᠳᠦᠭᠡᠨ ᠢ ᠤᠭᠲᠤᠬᠤ ᠬᠡᠷᠡᠭᠲᠡᠢ ᠭᠡᠵᠦ ᠳᠠᠶᠠᠭᠠᠷ ᠢᠶᠠᠨ ᠰᠠᠨᠠᠯ ᠨᠢᠭᠡᠲᠡᠢ ᠪᠠᠶᠢᠯ᠎ᠠ᠃      ᠲᠤᠰ ᠡᠳᠦᠷ᠂ ︽ᠳᠤᠯᠠᠭᠠᠨ ᠬᠤᠳᠠ ᠶᠢᠨ ᠤᠶᠠᠩᠭᠠᠯᠠᠯ︾ 2024 ᠣᠨ ᠤ ᠤᠤᠭᠠᠯ ᠰᠢᠯᠦᠭ ᠤᠨ ᠤᠷᠠᠨ ᠤᠩᠰᠢᠯᠭ᠎ᠠ ᠶᠢᠨ ᠴᠤᠭᠯᠠᠭᠠᠨ ᠳ᠋ᠦᠩᠱᠧᠩ ᠲᠣᠭᠤᠷᠢᠭ ᠤᠨ ᠨᠣᠮ ᠤᠨ ᠰᠠᠩ ᠳᠤ ᠶᠠᠪᠤᠭᠳᠠᠪᠠ᠃      ᠰᠢᠯᠦᠭᠴᠢᠳ ᠤᠶᠠᠩᠭᠠᠯᠠᠬᠤ ᠪᠠᠷ ᠳᠠᠮᠵᠢᠨ᠂ ᠣᠯᠠᠨ ᠢ ᠳᠠᠭᠠᠭᠤᠯᠤᠨ ᠤᠮᠠᠷᠠᠲᠤ ᠬᠢᠯᠢ ᠶᠢᠨ ᠢᠷᠠᠭᠤ ᠰᠠᠶᠢᠬᠠᠨ ᠥᠩᠭᠡ ᠦᠵᠡᠮᠵᠢ ᠶᠢ ᠦᠢᠯᠠᠭᠠᠭᠤᠯᠵᠤ᠂ ᠳᠤᠯᠠᠭᠠᠨ ᠬᠤᠲᠠ ᠣᠷᠳᠣᠰ ᠤᠨ ᠴᠤᠭ ᠵᠢᠪᠬᠤᠭ᠎ᠠ ᠶᠢ ᠮᠡᠳᠡᠷᠡᠬᠦᠯᠦᠨ᠂ ᠳ᠋ᠦᠩᠱᠧᠩ ᠤᠨ ᠭᠤᠶᠤ ᠦᠵᠡᠰᠬᠦᠯᠡᠩ ᠢ ᠳᠤᠳᠤᠷᠠᠭᠤᠯᠵᠤ᠂ ᠬᠠᠮᠳᠤ ᠪᠠᠷ ᠢᠶᠠᠨ ᠢᠷᠠᠭᠤ ᠰᠠᠶᠢᠬᠠᠨ ᠰᠣᠶᠣᠯ ᠤᠨ ᠦᠪᠡᠳᠡᠭᠰᠢ ᠨᠠᠶᠢᠷ ᠢ ᠶᠠᠪᠤᠭᠳᠠᠭᠤᠯᠤᠭᠰᠠᠨ ᠪᠠᠶᠢᠨ᠎ᠠ᠃      ︽ᠡᠨᠡ ᠤᠳᠠᠭᠠᠨ ᠤ ᠰᠢᠯᠦᠭ ᠤᠨ ᠨᠠᠶᠢᠷ ᠲᠤ ᠣᠷᠣᠯᠴᠠᠭᠰᠠᠨ ᠳᠠᠭᠠᠨ ᠮᠠᠰᠢ ᠪᠠᠶᠠᠷᠲᠠᠶ ᠪᠠᠶᠢᠨ᠎ᠠ᠂ ᠣᠯᠠᠨ ᠳᠤ ᠰᠢᠯᠦᠭ ᠳᠠᠭᠤᠯᠠᠯ ᠤᠨ ᠷᠢᠳᠢ ᠰᠢᠳᠢ ᠶᠢ ᠣᠶᠢᠯᠠᠭᠠᠭᠤᠯᠤᠭᠰᠠᠨ ᠪᠥᠭᠡᠳ ᠪᠠᠰᠠ ᠳ᠋ᠦᠩᠱᠧᠩ ᠤᠨ ᠰᠢᠯᠦᠭ ᠤᠨ ᠠᠭᠤᠯᠤᠭᠳᠠᠬᠤᠨ ᠢ ᠨᠡᠮᠡᠭᠳᠡᠭᠦᠯᠵᠡᠶ᠃                             — ᠰᠢᠯᠦᠭᠴᠢᠨ ᠸᠠᠩ ᠯᠢ ᠰᠢᠶᠠ      ︽ᠣᠷᠳᠣᠰ ᠲᠤ ᠢᠷᠡᠬᠡᠳ ᠰᠠᠶ᠋ᠢ ᠣᠷᠳᠣᠰ ᠤᠨ ᠣᠯᠠᠨ ᠡᠰᠢᠲᠦ ᠰᠣᠶᠣᠯ ᠢ ᠦᠢᠯᠠᠭᠠᠯ᠎ᠠ᠃ ᠣᠷᠳᠣᠰ ᠤᠨ ᠤᠳᠬ᠎ᠠ ᠵᠣᠬᠢᠶᠠᠯ ᠪᠠ  ᠰᠢᠯᠦᠭᠴᠢᠳ ᠲᠠᠢ ᠬᠠᠷᠢᠯᠴᠠᠭ᠎ᠠ ᠪᠠᠨ ᠴᠢᠩᠭᠠᠳᠬᠠᠵᠤ᠂ ᠨᠤᠲᠤᠭ ᠤᠨ ᠰᠢᠯᠢᠳᠡᠭ ᠵᠣᠬᠢᠶᠠᠯᠴᠢᠳ ᠢ ᠢᠯᠡᠷᠡᠭᠦᠯᠵᠦ᠂ ᠣᠷᠳᠣᠰ ᠤᠨ ᠤᠳᠬ᠎ᠠ ᠵᠣᠬᠢᠶᠠᠯ  ᠰᠢᠯᠦᠭ ᠤᠨ ᠬᠥᠭᠵᠢᠯᠲᠡ ᠳᠤ ᠬᠦᠴᠦᠨ ᠨᠡᠮᠡᠷᠢᠯᠡᠬᠦ ᠶᠢ ᠬᠦᠰᠡᠵᠦ ᠪᠠᠶᠢᠨ᠎ᠠ︾                               — ︽ᠠᠷᠪᠠᠨ ᠰᠠᠷ᠎ᠠ︾  ᠰᠡᠳᠬᠦᠯ ᠤᠨ ᠬᠤᠷᠢᠶ᠎ᠠ ᠶᠢᠨ ᠨᠠᠶᠢᠷᠠᠭᠤᠯᠤᠭᠴᠢ᠂ ᠰᠢᠯᠦᠭᠴᠢ ᠭᠦ᠋ ᠾᠧ      ᠣᠶᠢᠯᠠᠭᠠᠭᠰᠠᠨ ᠢᠶᠠᠷ᠂ ᠲᠣᠰ ᠤᠳᠠᠭᠠᠨ ᠤ ᠠᠵᠢᠯᠯᠠᠭ᠎ᠠ ᠨᠢ ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠪᠠᠶᠢᠭᠤᠯᠤᠭᠳᠠᠭᠰᠠᠨ 75 ᠵᠢᠯ ᠤᠨ ᠣᠶ ᠶᠢ ᠪᠡᠯᠭᠡᠯᠡᠵᠦ᠂ ︽ᠤᠮᠠᠷᠠᠲᠤ ᠬᠢᠯᠢ ᠶᠢᠨ ᠰᠣᠶᠣᠯ︾ ᠤᠨ ᠨᠠᠷᠠᠲᠤ ᠲᠡᠮᠳᠡᠭᠲᠦ ᠶᠢᠨ ᠳ᠋ᠦᠩᠱᠧᠩ ᠤᠨ ᠬᠠᠭᠤᠳᠠᠰᠤ ᠶᠢ ᠢᠳᠡᠪᠬᠢᠲᠡᠶ ᠪᠠᠷ ᠪᠢᠴᠢᠭᠯᠡᠵᠤ᠂ ᠳ᠋ᠦᠩᠱᠧᠩ ᠤᠨ ᠰᠣᠶᠣᠯ ᠢᠷᠭᠡᠨᠰᠢᠯ ᠵᠠᠩ ᠦᠢᠯᠡ ᠪᠠ ᠬᠤᠲᠠ ᠬᠥᠳᠡᠭᠡ ᠶᠢᠨ ᠬᠥᠭᠵᠢᠯᠲᠡ ᠶᠢᠨ ᠭᠤᠸ᠎ᠠ ᠰᠠᠶᠢᠬᠠᠨ ᠢ ᠭᠦᠨᠵᠡᠭᠡᠶ ᠠᠭᠤᠳᠠᠯᠵᠤ᠂ ᠰᠢᠯᠦᠭ ᠳᠠᠭᠤᠯᠠᠯ ᠢ ᠰᠦᠭ ᠰᠦᠨᠡᠰᠦ ᠪᠠᠨ ᠰᠡᠩᠬᠡᠷᠡᠭᠦᠯᠬᠦ᠂ ᠣᠶᠤᠨ ᠰᠠᠨᠠᠭ᠎ᠠ ᠪᠠᠨ ᠨᠡᠪᠲᠡᠷᠡᠯᠴᠡᠬᠦ ᠬᠥᠭᠦᠷᠭᠡ ᠪᠤᠯᠭᠠᠨ᠂ ᠣᠷᠳᠣᠰ ᠤᠨ ᠰᠢᠯᠦᠭ ᠳᠠᠭᠤᠯᠠᠯ ᠤᠨ ᠰᠣᠶᠣᠯ ᠢ ᠥᠪᠥᠷ ᠮᠣᠩᠭᠤᠯ᠂ ᠪᠥᠬᠦ ᠤᠯᠤᠰ ᠲᠤ ᠰᠤᠨᠢᠷᠬᠠᠭᠤᠯᠵᠤ᠂ ᠥᠷᠭᠡᠨ ᠣᠯᠠᠨ ᠰᠢᠯᠦᠭ ᠳᠠᠭᠤᠯᠠᠯ ᠳᠤ ᠪᠠᠭ᠋ᠠᠲᠠᠶ ᠬᠥᠮᠦᠰ ᠲᠤ ᠰᠢᠯᠦᠭ ᠳᠠᠭᠤᠯᠠᠯ ᠤᠨ ᠷᠢᠳᠢ ᠰᠢᠳᠢ ᠶᠢ ᠣᠶᠢᠯᠠᠭᠠᠭᠤᠯᠬᠤ ᠶᠢᠨ ᠲᠥᠯᠥᠭᠡ ᠶᠤᠮ᠃
ᠢᠷᠡᠯᠲᠡ᠄ ᠳ᠋ᠦᠩᠱᠧᠩ ᠳᠤᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ