2024 ᠣᠨ ᠤ 1 — 7 ᠰᠠᠷ᠎ᠠ ᠳᠤ᠂ ᠳ᠋ᠦᠩᠱᠧᠩ ᠲᠣᠭᠤᠷᠢᠭ ᠤᠨ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠶᠢᠨ ᠲᠤᠭ᠎ᠠ ᠪᠦᠷᠢᠳᠬᠡᠯ ᠤᠨ | ᠬᠥᠮᠥᠷᠭᠡ ᠳᠠᠬᠢ ᠲᠥᠷᠥᠯ ᠵᠦᠢᠯ 185 ᠪᠠᠶᠢᠵᠤ᠂ ᠡᠭᠦᠨ ᠳᠤ ᠲᠥᠷᠥᠯ ᠵᠦᠢᠯ ᠤᠨ ᠪᠡᠯᠡ ᠣᠷᠣᠭᠤᠯᠤᠯᠲᠠ 111᠂ ᠭᠡᠷ ᠪᠠᠶᠢᠰᠢᠩ ᠭᠠᠵᠠᠷ ᠬᠥᠷᠥᠩᠭᠡ ᠶᠢᠨ ᠪᠡᠯᠡ | ᠤᠷᠤᠭᠤᠯᠤᠯᠳᠠ 74 ᠪᠣᠶ᠃ ᠪᠡᠶᠡᠯᠡᠭᠦᠯᠦᠭᠰᠡᠨ ᠪᠡᠯᠡ ᠣᠷᠣᠭᠤᠯᠤᠯᠲᠠ ᠨᠢ ᠠᠳᠠᠯᠢ ᠬᠤᠭᠤᠴᠠᠭᠠᠨ ᠤ ᠬᠢ ᠠᠴᠠ 41.5% ᠪᠠᠷ ᠨᠡᠮᠡᠭᠳᠡᠪᠡ᠃ | ᠲᠣᠮᠣ ᠲᠦᠷᠦᠯ ᠵᠦᠢᠯ ᠤᠨ ᠲᠤᠯᠭᠠᠭᠤᠷᠢᠯᠠᠬᠤ ᠬᠦᠴᠦᠨ ᠲᠣᠪᠣᠶᠢᠮ᠎ᠠ ᠪᠣᠯᠪᠠ᠃ 1 — 7 ᠰᠠᠷ᠎ᠠ ᠳᠤ᠂ ᠳ᠋ᠦᠩᠱᠧᠩ ᠲᠣᠭᠤᠷᠢᠭ ᠤᠨ ᠲᠤᠭ᠎ᠠ ᠪᠦᠷᠢᠳᠬᠡᠯ ᠤᠨ | ᠬᠥᠮᠥᠷᠭᠡ ᠳᠠᠬᠢ 10 ᠳ᠋ᠦᠩᠰᠢᠭᠤᠷ ᠲᠥᠭᠦᠷᠢᠭ ᠠᠴᠠ ᠳᠡᠭᠡᠭᠰᠢᠬᠢ ᠲᠥᠷᠥᠯ ᠵᠦᠢᠯ 28 ᠪᠤᠯᠵᠤ᠂ ᠲᠣᠰ ᠵᠢᠯ ᠳᠤ ᠪᠡᠶᠡᠯᠡᠭᠦᠯᠦᠭᠰᠡᠨ ᠪᠡᠯᠡ ᠣᠷᠣᠭᠤᠯᠤᠯᠲᠠ ᠨᠢ | ᠪᠥᠬᠦ ᠪᠡᠶᠡᠯᠡᠭᠦᠯᠦᠭᠰᠡᠨ ᠪᠡᠯᠡ ᠣᠷᠣᠭᠤᠯᠤᠯᠲᠠ ᠶᠢᠨ 74% ᠶᠢ ᠡᠵᠡᠯᠡᠪᠡ᠃ | ᠦᠢᠯᠡᠳᠬᠦ ᠦᠢᠯᠡᠰ ᠤᠨ ᠪᠡᠯᠡ ᠣᠷᠣᠭᠤᠯᠤᠯᠲᠠ ᠦᠳᠲᠡᠷ ᠲᠦᠷᠭᠡᠨ ᠨᠡᠮᠡᠭᠳᠡᠪᠡ᠃ 1 — 7 ᠰᠠᠷ᠎ᠠ ᠳᠤ᠂ ᠦᠢᠯᠡᠳᠬᠦ ᠦᠢᠯᠡᠰ ᠤᠨ ᠪᠡᠶᠡᠯᠡᠭᠦᠯᠦᠭᠰᠡᠨ ᠪᠡᠯᠡ | ᠣᠷᠣᠭᠤᠯᠤᠯᠲᠠ ᠠᠳᠠᠯᠢ ᠬᠤᠭᠤᠴᠠᠭᠠᠨ ᠤ ᠬᠢ ᠠᠴᠠ 311.1% ᠪᠠᠷ ᠨᠡᠮᠡᠭᠳᠡᠵᠦ᠂ ᠪᠥᠬᠦ ᠪᠡᠶᠡᠯᠡᠭᠦᠯᠦᠭᠰᠡᠨ ᠪᠡᠯᠡ ᠣᠷᠣᠭᠤᠯᠤᠯᠲᠠ ᠶᠢᠨ 55.8% ᠶᠢ ᠡᠵᠡᠯᠡᠨ᠂ | ᠠᠵᠤ ᠦᠢᠯᠡᠳᠪᠦᠷᠢ ᠶᠢᠨ ᠪᠡᠯᠡ ᠣᠷᠣᠭᠤᠯᠤᠯᠲᠠ ᠶᠢᠨ 80% ᠶᠢ ᠡᠵᠡᠯᠡᠵᠦ᠂ ᠪᠥᠬᠦ ᠪᠡᠯᠡ ᠣᠷᠣᠭᠤᠯᠤᠯᠲᠠ ᠶᠢᠨ ᠨᠡᠮᠡᠭᠳᠡᠯ ᠢ 59.8 ᠵᠠᠭᠤᠨ ᠤ ᠬᠤᠪᠢ | ᠳᠠᠶᠢᠴᠢᠯᠠᠪᠠ᠃ | ᠠᠭᠤᠷᠬᠠᠢ ᠮᠠᠯᠲᠠᠬᠤ ᠦᠢᠯᠡᠰ ᠤᠨ ᠪᠡᠯᠡ ᠣᠷᠣᠭᠤᠯᠤᠯᠲᠠ ᠶᠢᠨ ᠨᠡᠮᠡᠭᠳᠡᠯ ᠨᠡᠯᠢᠶᠡᠳ ᠲᠦᠷᠭᠡᠨ ᠪᠤᠯᠪᠠ᠃ 1 — 7 ᠰᠠᠷ᠎ᠠ ᠳᠤ᠂ ᠠᠭᠤᠷᠬᠠᠢ ᠮᠠᠯᠲᠠᠬᠤ | ᠦᠢᠯᠡᠰ ᠤᠨ ᠪᠡᠶᠡᠯᠡᠭᠦᠯᠦᠭᠰᠡᠨ ᠪᠡᠯᠡ ᠣᠷᠣᠭᠤᠯᠤᠯᠲᠠ ᠠᠳᠠᠯᠢ ᠬᠤᠭᠤᠴᠠᠭᠠᠨ ᠤ ᠬᠢ ᠠᠴᠠ 254.3% ᠪᠠᠷ ᠨᠡᠮᠡᠭᠳᠡᠵᠦ᠂ ᠪᠥᠬᠦ ᠪᠡᠶᠡᠯᠡᠭᠦᠯᠦᠭᠰᠡᠨ ᠪᠡᠯᠡ | ᠣᠷᠣᠭᠤᠯᠤᠯᠲᠠ ᠶᠢᠨ 8% ᠶᠢ ᠡᠵᠡᠯᠡᠨ᠂ ᠪᠥᠬᠦ ᠪᠡᠯᠡ ᠣᠷᠣᠭᠤᠯᠤᠯᠲᠠ ᠶᠢᠨ ᠨᠡᠮᠡᠭᠳᠡᠯ ᠢ 8 ᠵᠠᠭᠤᠨ ᠤ ᠬᠤᠪᠢ ᠳᠠᠶᠢᠴᠢᠯᠠᠪᠠ᠃ | | |