1 — 7 ᠰᠠᠷ᠎ᠠ ᠳᠤ ᠳ᠋ᠦᠩᠱᠧᠩ ᠲᠣᠭᠤᠷᠢᠭ ᠤᠨ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠥᠷᠲᠡᠭ ᠠᠳᠠᠯᠢ ᠬᠤᠭᠤᠴᠠᠭᠠᠨ ᠤ  ᠬᠢ ᠠᠴᠠ 16.8% ᠨᠡᠮᠡᠭᠳᠡᠪᠡ
ᠨᠡᠶᠢᠲᠡᠯᠡᠭᠰᠡᠨ ᠴᠠᠭ᠄
2024/8/21
    2024 ᠣᠨ ᠤ 1 — 7 ᠰᠠᠷ᠎ᠠ ᠳᠤ᠂ ᠳ᠋ᠦᠩᠱᠧᠩ ᠲᠣᠭᠤᠷᠢᠭ ᠤᠨ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠥᠷᠲᠡᠭ ᠠᠳᠠᠯᠢ ᠬᠤᠭᠤᠴᠠᠭᠠᠨ ᠤ ᠬᠢ ᠠᠴᠠ 16.8% ᠪᠠᠷ ᠨᠡᠮᠡᠭᠳᠡᠵᠦ᠂ ᠨᠡᠮᠡᠭᠳᠡᠯ ᠤᠨ ᠬᠤᠷᠳᠤᠴᠠ ᠨᠢ ᠪᠥᠬᠦ ᠬᠤᠲᠠ ᠳᠤ ᠨᠢᠭᠡᠳᠦᠭᠡᠷ ᠲᠤ ᠣᠷᠣᠪᠠ᠃ 20 ᠠᠵᠢᠯ ᠲᠦᠷᠦᠯ ᠤᠨ ᠳᠣᠲᠣᠷᠠᠬᠢ 13 ᠠᠵᠢᠯ ᠲᠦᠷᠦᠯ ᠤᠨ ᠨᠡᠮᠡᠭᠳᠡᠯ ᠦᠷᠳᠡᠭ ᠨᠢ ᠨᠡᠮᠡᠭᠳᠡᠯ ᠢ ᠪᠡᠶᠡᠯᠡᠭᠦᠯᠵᠦ᠂ ᠨᠡᠮᠡᠭᠳᠡᠯ ᠤᠨ ᠬᠡᠪᠴᠢᠶ᠎ᠡ ᠨᠢ 65% ᠪᠣᠯᠪᠠ᠃ ᠨᠡᠭᠦᠷᠡᠰᠦ ᠮᠠᠯᠲᠠᠬᠤ ᠪᠠ ᠤᠬᠢᠶᠠᠵᠤ ᠰᠢᠯᠢᠬᠦ ᠦᠢᠯᠡᠰ ᠤᠨ ᠨᠡᠮᠡᠭᠳᠡᠯ ᠥᠷᠲᠡᠭ ᠠᠳᠠᠯᠢ ᠬᠤᠭᠤᠴᠠᠭᠠᠨ ᠤ ᠬᠢ ᠠᠴᠠ 19.9% ᠪᠠᠷ ᠨᠡᠮᠡᠭᠳᠡᠵᠦ᠂ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠥᠷᠲᠡᠭ ᠢ 16.5 ᠵᠠᠭᠤᠨ ᠤ ᠬᠤᠪᠢ ᠳᠠᠶᠢᠴᠢᠯᠠᠪᠠ︔ ᠢᠳᠡᠭᠡᠨ ᠤ ᠵᠦᠢᠯ ᠤᠨ ᠦᠢᠯᠡᠳᠬᠦ ᠦᠢᠯᠡᠰ ᠤᠨ ᠨᠡᠮᠡᠭᠳᠡᠯ ᠥᠷᠲᠡᠭ ᠠᠳᠠᠯᠢ ᠬᠤᠭᠤᠴᠠᠭᠠᠨ ᠤ ᠬᠢ ᠠᠴᠠ 55.3% ᠪᠠᠷ ᠨᠡᠮᠡᠭᠳᠡᠪᠡ︔ ᠳᠠᠷᠤᠮᠠᠯᠯᠠᠬᠤ ᠪᠠ ᠳᠡᠮᠳᠡᠭᠯᠡᠬᠦ ᠵᠠᠭᠤᠴᠢᠯᠠᠭᠤᠷ ᠬᠠᠭᠤᠯᠪᠤᠷᠢᠯᠠᠬᠤ ᠵᠡᠷᠭᠡ ᠦᠢᠯᠡᠰ ᠤᠨ ᠨᠡᠮᠡᠭᠳᠡᠯ ᠥᠷᠲᠡᠭ ᠠᠳᠠᠯᠢ ᠬᠤᠭᠤᠴᠠᠭᠠᠨ ᠤ ᠬᠢ ᠠᠴᠠ 5.5% ᠪᠠᠷ ᠨᠡᠮᠡᠭᠳᠡᠪᠡ︔ ᠬᠢᠮᠢ ᠶᠢᠨ ᠲᠦᠭᠦᠬᠡᠢ ᠮᠠᠲ᠋ᠧᠷᠢᠶᠠᠯ ᠪᠠ ᠬᠢᠮᠢ ᠶᠢᠨ ᠪᠦᠲᠦᠭᠡᠭᠳᠡᠬᠦᠨ ᠦᠢᠯᠡᠳᠬᠦ ᠦᠢᠯᠡᠰ ᠤᠨ ᠨᠡᠮᠡᠭᠳᠡᠯ ᠥᠷᠲᠡᠭ ᠠᠳᠠᠯᠢ ᠬᠤᠭᠤᠴᠠᠭᠠᠨ ᠤ ᠬᠢ ᠠᠴᠠ 9.7% ᠪᠠᠷ ᠨᠡᠮᠡᠭᠳᠡᠪᠡ︔ ᠡᠮ ᠡᠮᠨᠡᠯᠭᠡ ᠶᠢᠨ ᠦᠢᠯᠡᠳᠬᠦ ᠦᠢᠯᠡᠰ ᠤᠨ ᠨᠡᠮᠡᠭᠳᠡᠯ ᠥᠷᠲᠡᠭ ᠠᠳᠠᠯᠢ ᠬᠤᠭᠤᠴᠠᠭᠠᠨ ᠤ ᠬᠢ ᠠᠴᠠ 41.2% ᠢᠶᠠᠷ ᠨᠡᠮᠡᠭᠳᠡᠪᠡ︔ ᠭᠤᠮ ᠪᠣᠯᠣᠨ ᠰᠦᠯᠢᠶᠥᠦ ᠪᠦᠲᠦᠭᠡᠭᠳᠡᠬᠦᠨ ᠤ ᠦᠢᠯᠡᠰ ᠤᠨ ᠨᠡᠮᠡᠭᠳᠡᠯ ᠥᠷᠲᠡᠭ ᠠᠳᠠᠯᠢ ᠬᠤᠭᠤᠴᠠᠭᠠᠨ ᠤ ᠬᠢ ᠠᠴᠠ 27.7% ᠪᠠᠷ ᠨᠡᠮᠡᠭᠳᠡᠪᠡ︔ ᠲᠡᠮᠦᠷᠯᠢᠭ ᠪᠤᠰᠤ ᠠᠭᠤᠷᠬᠠᠢ ᠶᠢᠨ ᠪᠦᠲᠦᠭᠡᠭᠳᠡᠬᠦᠨ ᠤ ᠦᠢᠯᠡᠰ ᠤᠨ ᠨᠡᠮᠡᠭᠳᠡᠯ ᠥᠷᠲᠡᠭ ᠠᠳᠠᠯᠢ ᠬᠤᠭᠤᠴᠠᠭᠠᠨ ᠤ ᠬᠢ ᠠᠴᠠ 17% ᠪᠠᠷ ᠨᠡᠮᠡᠭᠳᠡᠪᠡ︔ ᠲᠡᠮᠦᠷᠯᠢᠭ ᠪᠦᠲᠦᠭᠡᠭᠳᠡᠬᠦᠨ ᠤ ᠦᠢᠯᠡᠰ ᠤᠨ ᠨᠡᠮᠡᠭᠳᠡᠯ ᠥᠷᠲᠡᠭ ᠠᠳᠠᠯᠢ ᠬᠤᠭᠤᠴᠠᠭᠠᠨ ᠤ ᠬᠢ ᠠᠴᠠ 149.6% ᠪᠠᠷ ᠨᠡᠮᠡᠭᠳᠡᠪᠡ︔ ᠴᠠᠬᠢᠯᠭᠠᠨ ᠤ ᠮᠠᠰᠢᠨ ᠮᠧᠬᠠᠨᠢᠭ ᠪᠤᠯᠤᠨ ᠪᠠᠭᠠᠵᠢ ᠬᠡᠷᠡᠭᠰᠡᠯ ᠦᠢᠯᠡᠳᠬᠦ ᠦᠢᠯᠡᠰ ᠤᠨ ᠨᠡᠮᠡᠭᠳᠡᠯ ᠥᠷᠲᠡᠭ ᠠᠳᠠᠯᠢ ᠬᠤᠭᠤᠴᠠᠭᠠᠨ ᠤ  ᠬᠢ ᠠᠴᠠ 84% ᠪᠠᠷ ᠨᠡᠮᠡᠭᠳᠡᠪᠡ︔ ᠺᠣᠮᠫᠢᠦ᠋ᠲ᠋ᠧᠷ᠂ ᠮᠡᠳᠡᠭᠡ ᠬᠤᠯᠪᠣᠭ᠎ᠠ ᠪᠠ ᠪᠤᠰᠤᠳ ᠡᠯᠧᠺᠲᠷᠣᠨ ᠲᠥᠬᠦᠭᠡᠷᠦᠮᠵᠢ ᠦᠢᠯᠡᠳᠬᠦ ᠦᠢᠯᠡᠰ ᠤᠨ ᠨᠡᠮᠡᠭᠳᠡᠯ ᠥᠷᠲᠡᠭ ᠠᠳᠠᠯᠢ ᠬᠤᠭᠤᠴᠠᠭᠠᠨ ᠤ ᠬᠢ ᠠᠴᠠ 11.9% ᠪᠠᠷ ᠨᠡᠮᠡᠭᠳᠡᠪᠡ︔ ᠲᠡᠮᠦᠷᠯᠢᠭ ᠪᠦᠳᠦᠬᠡᠭᠳᠡᠬᠦᠨ᠂ ᠮᠠᠰᠢᠨ ᠮᠧᠬᠠᠨᠢᠭ ᠪᠠ ᠲᠥᠬᠦᠭᠡᠷᠦᠮᠵᠢ ᠶᠢ ᠰᠡᠯᠪᠢᠨ ᠵᠠᠰᠠᠬᠤ ᠦᠢᠯᠡᠰ ᠤᠨ ᠨᠡᠮᠡᠭᠳᠡᠯ ᠦᠷᠳᠡᠭ ᠠᠳᠠᠯᠢ ᠬᠤᠭᠤᠴᠠᠭᠠᠨ ᠤ ᠬᠢ ᠠᠴᠠ 111.2% ᠢᠶᠠᠷ ᠨᠡᠮᠡᠭᠳᠡᠪᠡ︔ ᠴᠠᠬᠢᠯᠭᠠᠨ ᠬᠦᠴᠦᠨ᠂ ᠢᠯᠴᠢ ᠶᠢᠨ ᠬᠦᠴᠦᠨ ᠤ ᠦᠢᠯᠡᠳᠪᠦᠷᠢᠯᠡᠯ ᠪᠠ ᠬᠠᠩᠭᠠᠯᠭ᠎ᠠ ᠶᠢᠨ ᠦᠢᠯᠡᠰ ᠤᠨ ᠨᠡᠮᠡᠭᠳᠡᠯ ᠥᠷᠲᠡᠭ ᠠᠳᠠᠯᠢ ᠬᠤᠭᠤᠴᠠᠭᠠᠨ ᠤ ᠬᠢ ᠠᠴᠠ 4.3% ᠪᠠᠷ ᠨᠡᠮᠡᠭᠳᠡᠪᠡ᠃ ᠤᠰᠤᠨ ᠤ ᠦᠢᠯᠡᠳᠪᠦᠷᠢᠯᠡᠯ ᠪᠠ ᠬᠠᠩᠭᠠᠯᠭ᠎ᠠ ᠶᠢᠨ ᠦᠢᠯᠡᠰ ᠤᠨ ᠨᠡᠮᠡᠭᠳᠡᠯ ᠥᠷᠲᠡᠭ ᠠᠳᠠᠯᠢ ᠬᠤᠭᠤᠴᠠᠭᠠᠨ ᠤ ᠬᠢ ᠠᠴᠠ 2.2% ᠢᠶᠠᠷ ᠨᠡᠮᠡᠭᠳᠡᠪᠡ᠃
ᠢᠷᠡᠯᠲᠡ᠄ ᠳ᠋ᠦᠩᠱᠧᠩ ᠳᠤᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ