ᠣᠷᠳᠣᠰ ᠬᠤᠲᠠ ᠶᠢᠨ ᠳ᠋ᠦᠩᠱᠧᠩ ᠲᠣᠭᠤᠷᠢᠭ ᠤᠨ ᠤᠰᠤ ᠠᠮᠢᠳᠤᠷᠠᠯ ᠤᠨ ᠬᠤᠭ ᠨᠣᠪᠰᠢ ᠶᠢ ᠪᠤᠯᠠᠬᠤ ᠲᠠᠯᠠᠪᠤᠷ ᠤᠨ ᠨᠠᠮᠤᠭ ᠤᠨ ᠬᠡᠢ ᠶᠢᠨ ᠪᠣᠬᠢᠷᠲᠤᠯ ᠢ | ᠵᠠᠰᠠᠬᠤ ᠵᠢᠴᠢ ᠶᠡᠷᠦᠩᠬᠡᠶᠢᠯᠡᠨ ᠠᠰᠢᠭᠯᠠᠬᠤ ᠲᠥᠷᠥᠯ ᠵᠦᠢᠯ ᠨᠢ 2023 ᠣᠨ ᠤ 9 ᠰᠠᠷ᠎ᠠ ᠳᠤ ᠲᠥᠷᠥᠯ ᠵᠦᠢᠯ ᠤᠨ ᠬᠠᠮᠲᠤᠷᠠᠯᠴᠠᠭᠠᠨ ᠤ ᠬᠡᠯᠡᠯᠴᠡᠭᠡᠷ ᠲᠣᠭᠲᠠᠵᠤ᠂ | ᠨᠢᠭᠡᠨᠳᠡ ᠳ᠋ᠦᠩᠱᠧᠩ ᠲᠣᠭᠤᠷᠢᠭ ᠤᠨ ᠡᠨᠧᠷᠭᠢ ᠶᠢᠨ ᠲᠣᠪᠴᠢᠶ᠎ᠠ ᠶᠢᠨ ᠲᠥᠷᠥᠯ ᠵᠦᠢᠯ ᠤᠨ ᠳᠠᠩᠰᠠᠯᠠᠭᠤᠯᠤᠭᠰᠠᠨ ᠪᠢᠴᠢᠭ ᠮᠠᠲ᠋ᠧᠷᠢᠶᠠᠯ᠂ ᠳ᠋ᠦᠩᠱᠧᠩ ᠲᠣᠭᠤᠷᠢᠭ ᠤᠨ | ᠠᠮᠢ ᠠᠬᠤᠢ ᠣᠷᠴᠢᠨ ᠲᠣᠭᠤᠷᠢᠨ ᠤ ᠬᠤᠪᠢᠶᠠᠷᠢ ᠲᠣᠪᠴᠢᠶ᠎ᠠ ᠶᠢᠨ ᠣᠷᠴᠢᠨ ᠲᠣᠭᠤᠷᠢᠨ ᠤ ᠨᠥᠯᠥᠭᠡᠯᠡᠯ ᠤᠨ ᠦᠨᠡᠯᠡᠯᠲᠡ ᠶᠢᠨ ᠴᠣᠬᠤᠯᠠᠪᠤᠷᠢ᠂ ᠣᠷᠳᠣᠰ | ᠬᠤᠲᠠ ᠶᠢᠨ ᠴᠠᠬᠢᠯᠭᠠᠨ ᠬᠠᠩᠭᠠᠬᠤ ᠺᠣᠮᠫᠠᠨᠢ ᠶᠢᠨ ᠵᠠᠯᠭᠠᠨ ᠣᠷᠣᠭᠤᠯᠬᠤ ᠰᠠᠨᠠᠯ ᠤᠨ ᠪᠢᠴᠢᠭ ᠵᠡᠷᠭᠡ ᠬᠠᠮᠢᠶ᠎ᠠ ᠪᠦᠬᠦᠢ ᠪᠢᠴᠢᠭ ᠮᠠᠲ᠋ᠧᠷᠢᠶᠠᠯ ᠢ ᠤᠯᠵᠤ᠂ 2024 | ᠣᠨ ᠤ 6 ᠰᠠᠷ᠎ᠠ ᠳᠤ ᠠᠰᠢᠭᠯᠠᠯᠲᠠ ᠳᠤ ᠤᠷᠤᠭᠤᠯᠪᠠ᠃ | ᠣᠷᠳᠣᠰ ᠬᠤᠳᠠ ᠶᠢᠨ ᠳ᠋ᠦᠩᠱᠧᠩ ᠲᠣᠭᠤᠷᠢᠭ ᠤᠨ ᠤᠰᠤ ᠠᠮᠢᠳᠤᠷᠠᠯ ᠤᠨ ᠬᠤᠭ ᠨᠣᠪᠰᠢ ᠶᠢ ᠪᠤᠯᠠᠬᠤ ᠲᠠᠯᠠᠪᠤᠷ ᠤᠨ ᠨᠠᠮᠤᠭ ᠤᠨ ᠬᠡᠢ ᠶᠢᠨ ᠪᠣᠬᠢᠷᠲᠤᠯ ᠢ | ᠵᠠᠰᠠᠬᠤ ᠵᠢᠴᠢ ᠶᠡᠷᠦᠩᠬᠡᠶᠢᠯᠡᠨ ᠠᠰᠢᠭᠯᠠᠬᠤ ᠲᠦᠷᠦᠯ ᠵᠦᠢᠯ ᠤᠨ ᠬᠡᠷᠡᠭᠯᠡᠬᠦ ᠭᠠᠵᠠᠷ ᠤᠨ ᠲᠠᠯᠠᠪᠠᠢ 1200 ᠺᠦᠸᠠᠳ᠋ ᠮᠧᠲᠷ᠂ ᠪᠠᠷᠢᠯᠭ᠎ᠠ ᠶᠢᠨ ᠶᠡᠷᠦᠩᠬᠡᠢ ᠲᠠᠯᠠᠪᠠᠢ | 223 ᠺᠦᠸᠠᠳ᠋ ᠮᠧᠲᠷ ᠪᠤᠯᠤᠨ᠎ᠠ᠃ ᠣᠷᠳᠣᠰ ᠬᠤᠲᠠ ᠶᠢᠨ ᠳ᠋ᠦᠩᠱᠧᠩ ᠲᠣᠭᠤᠷᠢᠭ ᠤᠨ ᠤᠰᠤ ᠠᠮᠢᠳᠤᠷᠠᠯ ᠤᠨ ᠬᠤᠭ ᠨᠣᠪᠰᠢ ᠶᠢ ᠪᠤᠯᠠᠬᠤ ᠲᠠᠯᠠᠪᠤᠷ ᠤᠨ ᠬᠤᠭ | ᠨᠣᠪᠰᠢ ᠶᠢ ᠪᠤᠯᠠᠵᠤ ᠨᠠᠮᠤᠭ ᠤᠨ ᠬᠡᠢ ᠭᠠᠷᠭᠠᠬᠤ ᠪᠠᠷ ᠳᠠᠮᠵᠢᠭᠤᠯᠤᠨ ᠴᠠᠬᠢᠯᠭᠠᠨ ᠭᠠᠷᠭᠠᠨ᠎ᠠ᠃ ᠬᠡᠢ ᠬᠤᠷᠢᠶᠠᠬᠤ᠂ ᠬᠥᠷᠥᠭᠡᠬᠦ᠂ ᠤᠰᠤ ᠦᠬᠡᠶᠢᠳᠡᠬᠦᠯᠬᠦ᠂ ᠱᠦᠭᠦᠬᠦ᠂ | ᠴᠡᠪᠡᠷᠰᠢᠭᠦᠯᠬᠦ ᠵᠡᠷᠭᠡ ᠶᠠᠪᠤᠴᠠ ᠢᠶᠠᠷ ᠦᠩᠬᠡᠷᠡᠭᠡᠭᠰᠡᠨ ᠤ ᠳᠠᠷᠠᠭ᠎ᠠ᠂ ᠳᠣᠲᠣᠭᠠᠳᠤ ᠰᠢᠲᠠᠯᠲᠠ ᠶᠢᠨ ᠴᠠᠬᠢᠯᠭᠠᠨ ᠭᠠᠷᠭᠠᠬᠤ ᠮᠠᠰᠢᠨ ᠳᠤ ᠬᠦᠷᠭᠡᠨ ᠴᠠᠬᠢᠯᠭᠠᠨ | ᠭᠠᠷᠭᠠᠨ᠎ᠠ᠃ ᠲᠥᠷᠥᠯ ᠵᠦᠢᠯ ᠳᠤ 1500KW ᠨᠠᠮᠤᠭ ᠤᠨ ᠬᠡᠢ ᠪᠠᠷ ᠴᠠᠬᠢᠯᠭᠠᠨ ᠭᠠᠷᠭᠠᠬᠤ ᠮᠠᠰᠢᠨ ᠴᠣᠭᠴᠠᠯᠠᠪᠤᠷᠢ᠂ ᠨᠢᠭᠡ ᠢᠵᠢ ᠨᠠᠮᠤᠭ ᠤᠨ ᠬᠡᠢ ᠶᠢ ᠬᠤᠷᠢᠶᠠᠨ | ᠴᠤᠭᠯᠠᠭᠤᠯᠵᠤ ᠤᠷᠢᠳᠴᠢᠯᠠᠨ ᠰᠢᠢᠳᠪᠦᠷᠢᠯᠡᠬᠦ ᠰᠢᠰᠲ᠋ᠧᠮ᠂ ᠨᠢᠭᠡ ᠢᠵᠢ ᠥᠨᠳᠥᠷ ᠳᠣᠣᠷ᠎ᠠ ᠬᠦᠴᠦᠳᠡᠯᠲᠦ ᠡᠵᠡᠮᠳᠡᠯ ᠤᠨ ᠰᠢᠰᠲ᠋ᠧᠮ ᠪᠠᠭᠳᠠᠨ᠎ᠠ᠃ ᠲᠣᠰ ᠲᠦᠷᠦᠯ | ᠵᠤᠶᠢᠯ ᠢ ᠪᠠᠶᠢᠭᠤᠯᠤᠭᠰᠠᠨ ᠨᠢ ᠳ᠋ᠦᠩᠱᠧᠩ ᠲᠣᠭᠤᠷᠢᠭ ᠤᠨ ᠤᠰᠤ ᠠᠮᠢᠳᠤᠷᠠᠯ ᠤᠨ ᠬᠤᠭ ᠨᠣᠪᠰᠢ ᠶᠢ ᠪᠤᠯᠠᠬᠤ ᠲᠠᠯᠠᠪᠤᠷ ᠤᠨ ᠨᠠᠮᠤᠭ ᠤᠨ ᠬᠡᠢ ᠶᠢᠨ ᠪᠣᠬᠢᠷᠲᠤᠯ ᠵᠢᠴᠢ | ᠨᠠᠮᠤᠭ ᠤᠨ ᠬᠡᠢ ᠶᠢᠨ ᠠᠮᠤᠷ ᠲᠦᠪᠰᠢᠨ ᠤ ᠬᠡᠮ ᠰᠣᠭᠤᠭ ᠤᠨ ᠠᠰᠠᠭᠤᠳᠠᠯ ᠢ ᠰᠢᠢᠳᠪᠦᠷᠢᠯᠡᠬᠦ ᠶᠢᠨ ᠲᠥᠯᠥᠭᠡ ᠶᠤᠮ᠂ ᠮᠦᠨᠴᠤ ᠡᠷᠬᠢᠨ ᠲᠣᠭᠤᠷᠢᠨ ᠤ ᠣᠷᠴᠢᠨ | ᠲᠣᠭᠤᠷᠢᠨ ᠳᠤ ᠣᠷᠣᠰᠢᠵᠤ ᠪᠠᠶᠢᠭ᠎ᠠ ᠦᠮᠦᠬᠡᠢ ᠦᠨᠦᠷ ᠢ ᠪᠠᠭᠠᠰᠬᠠᠬᠤ ᠶᠢᠨ ᠬᠠᠮᠲᠤ ᠬᠡᠮ ᠰᠣᠭᠤᠭ ᠤᠨ ᠲᠦᠭᠰᠢᠭᠦᠷᠢ ᠶᠢ ᠪᠠᠭᠠᠰᠬᠠᠬᠤ ᠶᠢᠨ ᠲᠥᠯᠥᠭᠡ ᠶᠤᠮ᠃ | ᠳ᠋ᠦᠩᠱᠧᠩ ᠲᠣᠭᠤᠷᠢᠭ ᠬᠠᠲᠠᠭᠤ ᠪᠡᠶᠡᠲᠦ ᠬᠠᠶᠠᠭᠳᠠᠮᠠᠯ ᠪᠣᠳᠠᠰ ᠢ ᠶᠡᠷᠦᠩᠬᠡᠶᠢᠯᠡᠨ ᠠᠰᠢᠭᠯᠠᠬᠤ ᠲᠥᠷᠥᠯ ᠵᠦᠢᠯ ᠢ ᠰᠦᠪᠡᠭᠴᠢᠯᠡᠨ᠂ ︽ᠬᠠᠶᠠᠭᠳᠠᠮᠠᠯ ᠪᠣᠳᠠᠰ | ᠥᠬᠡᠶ ᠬᠤᠲᠠ︾ ᠶᠢ ᠪᠠᠶᠢᠭᠤᠯᠬᠤ ᠳᠤ ᠬᠦᠴᠦᠨ ᠨᠡᠮᠡᠷᠢᠯᠡᠵᠦ᠂ ᠣᠷᠳᠣᠰ ᠬᠤᠲᠠ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠠᠵᠢᠯ ᠳᠤ ᠬᠦᠴᠦᠨ | ᠴᠢᠳᠠᠯ ᠢᠶᠠᠨ ᠡᠷᠬᠦᠵᠤ ᠪᠠᠶᠢᠨ᠎ᠠ᠃ |