ᠳᠤᠮᠳᠠᠴᠢ ᠪᠠᠷ 70 % ᠪᠠᠷ ᠬᠢᠮᠳᠠᠷᠠᠨ᠎ᠠ︕ ᠠᠯᠪᠠᠨ ᠲᠠᠯ᠎ᠠ ᠶᠢᠨ ᠬᠠᠮᠤᠭ ᠤᠨ ᠰᠢᠨ᠎ᠡ ᠨᠡᠶᠢᠳᠡᠯᠡᠯ
ᠨᠡᠶᠢᠲᠡᠯᠡᠭᠰᠡᠨ ᠴᠠᠭ᠄
2024/8/25
   ᠤᠯᠤᠰ ᠠᠴᠠ ᠵᠣᠬᠢᠶᠠᠨ ᠪᠠᠶᠢᠭᠤᠯᠤᠭᠰᠠᠨ ᠡᠮᠴᠢᠯᠡᠭᠡᠨ ᠤ ᠥᠨᠳᠥᠷ ᠥᠷᠲᠡᠭᠲᠦ ᠬᠤᠷᠣᠭᠳᠠᠯ ᠮᠠᠲ᠋ᠧᠷᠢᠶᠠᠯ ᠢ ᠬᠠᠮᠲᠤᠷᠠᠨ ᠬᠤᠳᠠᠯᠳᠤᠨ ᠠᠪᠬᠤ ᠠᠯᠪᠠᠨ ᠬᠡᠷ ᠤᠨ ᠬᠢᠨ 2023 ᠣᠨ ᠤ 12 ᠰᠠᠷ᠎ᠠ ᠶᠢᠨ 13 ᠤ ᠡᠳᠦᠷ ᠤᠯᠤᠰ ᠠᠴᠠ ᠵᠣᠬᠢᠶᠠᠨ ᠪᠠᠶᠢᠭᠤᠯᠤᠭᠰᠠᠨ ᠬᠢᠮᠡᠯ ᠲᠠᠯᠠᠰᠲᠤ ᠶᠢᠨ ᠲᠥᠷᠥᠯ ᠵᠢᠴᠢ ᠲᠠᠮᠢᠷ ᠤᠨ ᠬᠥᠳᠡᠯᠭᠡᠭᠡᠨ ᠤ ᠠᠨᠠᠭᠠᠬᠤ ᠤᠬᠠᠭᠠᠨ ᠤ ᠲᠥᠷᠥᠯ ᠤᠨ ᠡᠮᠴᠢᠯᠡᠭᠡᠨ ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ ᠢ ᠬᠡᠮᠵᠢᠶ᠎ᠡ ᠲᠠᠢ ᠪᠠᠷ ᠨᠢᠭᠡᠳᠦᠯᠳᠡᠢ ᠬᠤᠳᠠᠯᠳᠤᠨ ᠠᠪᠤᠭᠰᠠᠨ ᠦᠷ᠎ᠡ ᠳ᠋ᠦᠩ ᠢ ᠨᠡᠶᠢᠲᠡᠯᠡᠪᠡ᠂ ᠡᠨᠡ ᠨᠢ ᠡᠭᠦᠨ ᠠᠴᠠ ᠡᠮᠦᠨ᠎ᠡ ᠨᠡᠶᠢᠲᠡᠯᠡᠭᠰᠡᠨ ᠰᠣᠩᠭᠤᠭᠳᠠᠭᠰᠠᠨ ᠦᠷ᠎ᠡ ᠳ᠋ᠦᠩ ᠤᠨ ᠰᠣᠩᠭᠤᠭᠳᠠᠭᠰᠠᠨ ᠲᠥᠷᠥᠯ ᠵᠦᠢᠯ ᠪᠠ ᠦᠨ᠎ᠡ ᠬᠠᠩᠰᠢ ᠶᠢᠨ ᠲᠠᠯ᠎ᠠ ᠪᠠᠷ ᠠᠳᠠᠯᠢ ᠪᠠᠶᠢᠨ᠎ᠠ᠃ ︵ᠰᠣᠨᠢᠨ ᠮᠡᠳᠡᠭᠡᠨ ᠤ ᠬᠤᠯᠪᠣᠭᠠᠰᠤ᠄ ᠰᠠᠶ᠋ᠢᠬᠠᠨ ᠰᠠᠶᠢᠨ ᠴᠢᠮᠡᠭᠡ ᠤᠯᠠᠮᠵᠢᠯᠠᠭᠳᠠᠪᠠ︕ 70% ᠪᠠᠷ ᠬᠢᠮᠳᠠᠷᠠᠨ᠎ᠠ︕︶    ᠬᠠᠮᠢᠶ᠎ᠠ ᠪᠥᠬᠦᠶ ᠦᠷ᠎ᠡ ᠳ᠋ᠦᠩ ᠳᠤ ᠠᠵᠤ ᠠᠬᠤᠶᠢᠯᠠᠯ ᠤᠨ ᠳᠠᠭᠠᠭᠠᠴᠢᠯᠠᠯᠲᠠ  ᠨᠡᠶᠢᠲᠡᠯᠡᠬᠦ  ᠲᠤᠬᠠᠶ ᠶᠢᠨ ᠲᠠᠯᠠᠪᠠᠶ ᠳᠤ ᠭᠤᠶᠤᠴᠢᠯᠠᠨ ᠮᠡᠳᠡᠭᠦᠯᠬᠦ ᠬᠡᠪ ᠪᠠᠷᠢᠮᠵᠢᠶ᠎ᠠ ᠶᠢᠨ ᠦᠨ᠎ᠡ ᠬᠠᠩᠰᠢ ᠠᠴᠠ ᠭᠠᠳᠠᠨ᠎ᠠ᠂ ᠪᠠᠰᠠ ᠠᠵᠤ ᠠᠬᠤᠶᠢᠯᠠᠯ ᠤᠨ ᠬᠠᠩᠭᠠᠵᠤ ᠪᠣᠯᠬᠤ ᠪᠣᠶ ᠪᠥᠬᠦᠶ ᠬᠡᠪ ᠪᠠᠷᠢᠮᠵᠢᠶ᠎ᠠ ᠶᠢᠨ ᠦᠨ᠎ᠡ ᠬᠠᠩᠰᠢ ᠪᠠᠭᠲᠠᠵᠠᠢ᠃ ᠵᠢᠱᠢᠯᠲᠡ ᠪᠠᠷ ᠢᠷᠡᠬᠦ ᠵᠢᠯ ᠤᠨ 5 ᠰᠠᠷ᠎ᠠ ᠠᠴᠠ 6 ᠰᠠᠷ᠎ᠠ ᠪᠣᠯᠲᠠᠯ᠎ᠠ᠂ ᠪᠥᠬᠦ ᠤᠯᠤᠰ ᠤᠨ ᠡᠯ᠎ᠡ ᠭᠠᠵᠠᠷ ᠤᠨ ᠡᠪᠡᠳᠴᠢᠲᠡᠨ ᠳᠠᠷᠤᠶ ᠦᠨ᠎ᠡ ᠨᠢ ᠬᠢᠮᠳᠠᠷᠠᠬᠰᠠᠨ ᠤ ᠳᠠᠷᠠᠭᠠᠬᠢ  ᠬᠠᠮᠢᠶ᠎ᠠ ᠪᠥᠬᠦᠶ ᠬᠤᠷᠣᠭᠳᠠᠯ ᠮᠠᠲ᠋ᠧᠷᠢᠶᠠᠯ ᠢ ᠬᠡᠷᠡᠭᠯᠡᠬᠦ ᠪᠣᠯᠤᠨ᠎ᠠ᠃    ᠲᠥᠪ ᠲᠧᠯᠸᠢᠰ ᠤᠨ ᠡᠳ᠋ ᠤᠨ ᠵᠠᠰᠠᠭ ᠠᠵᠤ ᠠᠬᠤᠶ ᠶᠢᠨ ᠰᠤᠪᠠᠭ ᠤᠨ 11 ᠰᠠᠷ᠎ᠠ ᠶᠢᠨ 30 ᠤ ᠡᠳᠦᠷ ᠤᠨ ᠮᠡᠳᠡᠭᠡᠯᠡᠯ ᠢ ᠦᠨᠳᠦᠰᠦᠯᠡᠪᠡᠯ᠂ ᠳᠥᠷᠪᠡᠳᠦᠭᠡᠷ ᠪᠦᠯᠦᠭ ᠤᠨ ᠤᠯᠤᠰ ᠠᠴᠠ ᠵᠣᠬᠢᠶᠠᠨ ᠪᠠᠶᠢᠭᠤᠯᠤᠭᠰᠠᠨ ᠡᠮᠴᠢᠯᠡᠭᠡᠨ ᠤ ᠥᠨᠳᠥᠷ ᠥᠷᠲᠡᠭᠲᠦ ᠬᠤᠷᠣᠭᠳᠠᠯ ᠮᠠᠲ᠋ᠧᠷᠢᠶᠠᠯ ᠢ ᠬᠡᠮᠵᠢᠶ᠎ᠡ ᠲᠠᠢ ᠪᠠᠷ ᠨᠢᠭᠡᠳᠦᠯᠳᠡᠢ ᠬᠤᠳᠠᠯᠳᠤᠨ ᠠᠪᠬᠤ ᠪᠠᠷ  ᠰᠣᠩᠭᠤᠭᠳᠠᠭᠰᠠᠨ ᠦᠷ᠎ᠡ ᠳ᠋ᠦᠩ ᠢ ᠨᠢᠭᠡᠳᠦᠯᠳᠡᠢ ᠬᠤᠳᠠᠯᠳᠤᠨ ᠠᠪᠬᠤ ᠠᠴᠠ ᠡᠮᠦᠨᠡᠬᠢ ᠦᠨ᠎ᠡ ᠪᠠᠷ  ᠪᠤᠳᠤᠪᠠᠯ᠂ ᠲᠣᠰ ᠤᠳᠠᠭᠠᠨ ᠤ ᠨᠢᠭᠡᠳᠦᠯᠳᠡᠢ ᠬᠤᠳᠠᠯᠳᠤᠨ ᠠᠪᠤᠭᠰᠠᠨ ᠦᠢᠯᠡᠳᠬᠦᠨ ᠤ ᠵᠠᠬ᠎ᠠ ᠳᠡᠯᠭᠡᠭᠦᠷ ᠤᠨ ᠬᠡᠪᠴᠢᠶ᠎ᠡ ᠨᠢ ᠪᠠᠷᠤᠭ 155 ᠳ᠋ᠦᠩᠰᠢᠭᠤᠷ ᠲᠥᠭᠦᠷᠢᠭ ᠲᠤ ᠬᠦᠷᠴᠡᠶ᠂ ᠡᠭᠦᠨ ᠳᠤ ᠬᠢᠮᠡᠯ ᠲᠠᠯᠠᠰᠲᠤ ᠶᠢᠨ ᠲᠥᠷᠥᠯ ᠤᠨ 11 ᠬᠤᠷᠣᠭᠳᠠᠯ ᠮᠠᠲ᠋ᠧᠷᠢᠶᠠᠯ ᠤᠨ ᠲᠥᠷᠥᠯ ᠵᠦᠢᠯ ᠨᠢ 65 ᠳ᠋ᠦᠩᠰᠢᠭᠤᠷ ᠲᠥᠭᠦᠷᠢᠭ᠂ ᠲᠠᠮᠢᠷ ᠤᠨ ᠬᠥᠳᠡᠯᠭᠡᠭᠡᠨ ᠤ ᠠᠨᠠᠭᠠᠬᠤ ᠤᠬᠠᠭᠠᠨ ᠤ ᠲᠥᠷᠥᠯ ᠤᠨ ᠬᠤᠷᠣᠭᠳᠠᠯ ᠮᠠᠲ᠋ᠧᠷᠢᠶᠠᠯ ᠤᠨ 19 ᠲᠥᠷᠥᠯ ᠵᠦᠢᠯ ᠨᠢ 90 ᠳ᠋ᠦᠩᠰᠢᠭᠤᠷ ᠲᠥᠭᠦᠷᠢᠭ ᠲᠤ ᠬᠦᠷᠴᠡᠶ᠃ ᠨᠢᠭᠡᠳᠦᠯᠳᠡᠢ ᠬᠤᠳᠠᠯᠳᠤᠨ ᠠᠪᠬᠤ ᠳᠤ ᠰᠤᠩᠭᠤᠬᠳᠠᠬᠰᠠᠨ ᠦᠢᠯᠡᠳᠬᠦᠨ ᠤ ᠦᠨ᠎ᠡ ᠨᠢ ᠳᠤᠮᠳᠠᠴᠢ ᠪᠠᠷ 70% ᠣᠷᠴᠢᠮ ᠢᠶᠠᠷ ᠬᠢᠮᠳᠠᠷᠠᠪᠠ᠂ ᠡᠭᠦᠨ ᠳᠤ ᠬᠢᠮᠡᠯ ᠲᠠᠯᠠᠰᠲᠤ ᠶᠢᠨ ᠲᠥᠷᠥᠯ ᠤᠨ ᠬᠤᠷᠣᠭᠳᠠᠯ ᠮᠠᠲ᠋ᠧᠷᠢᠶᠠᠯ ᠤᠨ ᠦᠨ᠎ᠡ ᠨᠢ ᠳᠤᠮᠳᠠᠴᠢ ᠪᠠᠷ 60% ᠪᠠᠷ ᠬᠢᠮᠳᠠᠷᠠᠵᠤ᠂ ᠵᠢᠱᠢᠯᠲᠡ ᠪᠠᠷ ᠵᠢᠯ ᠪᠦᠷᠢ 39 ᠳ᠋ᠦᠩᠰᠢᠭᠤᠷ ᠲᠥᠭᠦᠷᠢᠭ ᠤᠨ ᠵᠠᠷᠤᠳᠠᠯ ᠠᠷᠪᠢᠯᠠᠬᠤ ᠪᠣᠯᠤᠨ᠎ᠠ᠂ ᠲᠠᠮᠢᠷ ᠤᠨ ᠬᠥᠳᠡᠯᠭᠡᠭᠡᠨ ᠤ ᠠᠨᠠᠭᠠᠬᠤ ᠤᠬᠠᠭᠠᠨ ᠤ  ᠲᠥᠷᠥᠯ ᠤᠨ ᠬᠤᠷᠣᠭᠳᠠᠯ ᠮᠠᠲ᠋ᠧᠷᠢᠶᠠᠯ ᠤᠨ ᠦᠨ᠎ᠡ ᠨᠢ ᠳᠤᠮᠳᠠᠴᠢ ᠪᠠᠷ 74% ᠪᠠᠷ  ᠬᠢᠮᠳᠠᠷᠠᠵᠤ᠂ ᠵᠢᠱᠢᠯᠲᠡ ᠪᠠᠷ ᠵᠢᠯ ᠪᠦᠷᠢ  67 ᠳ᠋ᠦᠩᠰᠢᠭᠤᠷ ᠲᠥᠭᠦᠷᠢᠭ ᠤᠨ ᠵᠠᠷᠤᠳᠠᠯ ᠠᠷᠪᠢᠯᠠᠬᠤ ᠪᠣᠯᠤᠨ᠎ᠠ᠃    
ᠢᠷᠡᠯᠲᠡ᠄ ᠤᠷᠳᠤᠰ ᠮᠤᠩᠭᠤᠯ ᠰᠦᠯᠵᠢᠶ᠎ᠡ