ᠡᠯᠧᠺᠲᠷᠣᠨ ᠬᠤᠳᠠᠯᠳᠤᠭᠠᠨ ᠤ ᠶᠠᠪᠤᠳᠠᠯ᠂ ᠪᠠᠷᠠᠭᠠᠨ ᠤ ᠭᠦᠢᠯᠭᠡᠭᠡ ᠲᠦᠷᠭᠡᠨ ᠬᠦᠷᠭᠡᠯᠲᠡ ᠶᠢᠨ ᠳᠥᠭᠦᠮ ᠳᠥᠲᠡ ᠲᠦᠷᠭᠡᠨ ᠬᠥᠭᠵᠢᠬᠦ ᠶᠢ ᠳᠠᠭᠠᠯᠳᠤᠨ᠂ | ᠰᠠᠭᠤᠭᠠᠯᠢ ᠠᠷᠠᠳ ᠤᠨ ᠬᠡᠷᠡᠭᠯᠡᠭᠡ ᠰᠦᠯᠵᠢᠶ᠎ᠡ ᠳᠡᠶᠢᠰᠢ ᠰᠢᠯᠵᠢᠨ᠂ ᠰᠢᠨ᠎ᠡ ᠬᠡᠯᠪᠡᠷᠢ ᠶᠢᠨ ᠬᠡᠷᠡᠭᠯᠡᠭᠡᠨ ᠤ ᠵᠠᠭᠪᠤᠷ ᠢ ᠨᠡᠯᠢᠶᠡᠳ ᠲᠦᠷᠭᠡᠨ ᠬᠦᠭᠵᠢᠵᠤ᠂ ᠰᠦᠯᠵᠢᠶᠡᠨ ᠤ | ᠵᠢᠵᠢᠭᠯᠡᠨ ᠪᠣᠷᠣᠯᠠᠭᠤᠯᠤᠯᠲᠠ ᠶᠢᠨ ᠪᠦᠬᠦ ᠬᠤᠳᠠ ᠶᠢᠨ ᠬᠡᠷᠡᠭᠯᠡᠬᠡᠨ ᠤ ᠵᠠᠬ᠎ᠠ ᠳᠡᠯᠬᠡᠬᠦᠷ ᠤᠨ ᠬᠦᠭᠵᠢᠯᠳᠡ ᠳᠤ ᠦᠵᠡᠬᠦᠯᠬᠦ ᠳᠠᠶᠢᠴᠢᠯᠠᠬᠤ ᠦᠢᠯᠡᠳᠦᠯ ᠤᠯᠠᠮ ᠨᠢᠭᠡ | ᠠᠯᠬᠤᠮ ᠲᠣᠪᠣᠶᠢᠮ᠎ᠠ ᠪᠣᠯᠪᠠ᠃ 2024 ᠣᠨ ᠤ 1 — 7 ᠰᠠᠷ᠎ᠠ ᠳᠤ᠂ ᠳ᠋ᠦᠩᠱᠧᠩ ᠲᠣᠭᠤᠷᠢᠭ ᠤᠨ ᠰᠦᠯᠵᠢᠶᠠᠨ ᠳᠡᠭᠡᠷᠡᠬᠢ ᠲᠠᠸᠠᠷ ᠤᠨ ᠪᠤᠷᠤᠯᠠᠭᠤᠯᠤᠯᠳᠠ ᠶᠢᠨ | ᠬᠡᠮᠵᠢᠶ᠎ᠡ 8.32 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 151.4% ᠪᠠᠷ ᠨᠡᠮᠡᠭᠳᠡᠪᠡ᠃ | ᠪᠣᠬᠢᠷᠲᠤᠯ ᠦᠭᠡᠢ ᠣᠷᠴᠢᠨ ᠲᠣᠭᠤᠷᠢᠨ ᠤ ᠬᠠᠮᠠᠭᠠᠯᠠᠯᠳᠠ ᠶᠢᠨ ᠣᠶᠢᠯᠠᠭᠠᠭᠳᠠᠬᠤᠨ ᠠᠯᠬᠤᠮ ᠠᠯᠬᠤᠮ ᠢᠶᠠᠷ ᠬᠥᠮᠥᠰ ᠤᠨ ᠰᠡᠳᠬᠢᠯ ᠳᠤ ᠬᠠᠳᠠᠩᠰᠢᠬᠤ ᠵᠢᠴᠢ | ᠵᠠᠬ᠎ᠠ ᠳᠡᠯᠭᠡᠭᠦᠷ ᠤᠨ ᠬᠠᠩᠭᠠᠯᠭ᠎ᠠ ᠶᠢᠨ ᠴᠢᠳᠠᠪᠤᠷᠢ ᠲᠠᠰᠤᠷᠠᠯᠲᠠ ᠦᠭᠡᠢ ᠰᠢᠯᠢᠳᠡᠭᠵᠢᠨ ᠳᠡᠭᠡᠭᠰᠢᠯᠡᠬᠦ ᠶᠢ ᠳᠠᠭᠠᠯᠳᠤᠨ᠂ ᠡᠨᠧᠷᠭᠢ ᠶᠢᠨ ᠬᠤᠷᠣᠭᠳᠠᠯ ᠤᠨ ᠲᠦᠪᠰᠢᠨ | ᠨᠡᠯᠢᠶᠡᠳ ᠳᠣᠣᠷ᠎ᠠ᠂ ᠳᠤᠤᠷ᠎ᠠ ᠨᠡᠬᠦᠷᠡᠰᠦᠳᠦ᠋ᠷᠦᠭᠴᠢᠳᠤ ᠪᠣᠬᠢᠷᠲᠤᠯ ᠦᠭᠡᠢ ᠲᠠᠸᠠᠷ ᠤᠨ ᠬᠡᠷᠡᠭᠯᠡᠭᠡ ᠲᠦᠷᠭᠡᠨ ᠢᠶᠠᠷ ᠨᠡᠮᠡᠭᠳᠡᠵᠦ᠂ ᠬᠠᠮᠢᠶ᠎ᠠ ᠪᠦᠬᠦᠢ ᠪᠦᠲᠦᠭᠡᠭᠳᠡᠬᠦᠨ ᠤ | ᠵᠠᠬ᠎ᠠ ᠳᠡᠯᠭᠡᠭᠦᠷ ᠲᠤ ᠮᠡᠳᠡᠷᠡᠭᠳᠡᠬᠦ ᠬᠡᠮᠵᠢᠶ᠎ᠡ ᠦᠷᠭᠦᠯᠵᠢᠯᠡᠨ ᠳᠡᠭᠡᠭᠰᠢᠯᠡᠪᠡ᠃ ᠰᠢᠨ᠎ᠡ ᠡᠨᠧᠷᠭᠢ ᠶᠢᠨ ᠮᠠᠰᠢᠨ ᠲᠡᠷᠭᠡ ᠳᠡᠭᠡᠷ᠎ᠡ ᠵᠢᠯ ᠤᠨ ᠠᠳᠠᠯᠢ ᠬᠤᠭᠤᠴᠠᠭᠠᠨ ᠤ | ᠬᠢ ᠠᠴᠠ 43% ᠪᠠᠷ ᠨᠡᠮᠡᠭᠳᠡᠪᠡ︔ ᠣᠶᠤᠨᠲᠤ ᠭᠡᠷ ᠤᠨ ᠴᠠᠬᠢᠯᠭᠠᠨ ᠬᠡᠷᠡᠭᠰᠡᠯ ᠪᠠ ᠳᠠᠭᠤᠤ ᠳᠦᠷᠰᠦ ᠰᠢᠩᠭᠡᠭᠡᠯᠲᠡ ᠶᠢᠨ ᠬᠡᠷᠡᠭᠰᠡᠯ ᠤᠨ ᠳᠣᠲᠣᠷᠠᠬᠢ ᠡᠨᠧᠷᠭᠢ ᠶᠢᠨ | ᠠᠰᠢᠭᠯᠠᠮᠵᠢ ᠶᠢᠨ ᠲᠠᠰ ᠨᠢ ᠨᠢᠭᠡᠳᠦᠭᠡᠷ ᠳᠡᠰ ᠪᠠ ᠬᠤᠶᠠᠳᠤᠭᠠᠷ ᠳᠡᠰ ᠤᠨ ᠲᠠᠸᠠᠷ ᠨᠢ ᠳᠡᠭᠡᠷ᠎ᠡ ᠵᠢᠯ ᠤᠨ ᠠᠳᠠᠯᠢ ᠬᠤᠭᠤᠴᠠᠭᠠᠨ ᠤ ᠬᠢ ᠠᠴᠠ 7.8% ᠪᠠᠷ | ᠨᠡᠮᠡᠭᠳᠡᠵᠦ᠂ ᠠᠳᠠᠯᠢ ᠲᠥᠷᠥᠯ ᠤᠨ ᠲᠠᠸᠠᠷ ᠤᠨ ᠳᠣᠲᠣᠷ᠎ᠠ ᠲᠡᠷᠢᠬᠦᠨ ᠢᠶᠠᠨ ᠪᠠᠲᠤᠯᠠᠪᠠ᠃ | |