ᠣᠳᠣᠬᠠᠨ ᠳᠤ᠂ ᠪᠣᠬᠢᠷᠲᠤᠯ ᠦᠭᠡᠢ ᠬᠡᠷᠡᠭᠯᠡᠭᠡᠨ ᠤ ᠣᠶᠢᠯᠠᠭᠠᠭᠳᠠᠬᠤᠨ ᠢ ᠰᠠᠨᠠᠭᠠᠴᠢᠯᠠᠵᠤ᠂ ᠪᠣᠬᠢᠷᠲᠤᠯ ᠦᠭᠡᠢ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ | ᠡᠷᠭᠢᠯᠲᠡᠲᠦ ᠬᠥᠭᠵᠢᠯᠲᠡ ᠶᠢ ᠠᠬᠢᠭᠤᠯᠤᠨ᠂ ᠬᠡᠷᠡᠭᠯᠡᠭᠡᠨ ᠤ ᠣᠷᠴᠢᠨ ᠲᠣᠭᠤᠷᠢᠨ ᠢ ᠲᠠᠰᠤᠷᠠᠯᠲᠠ ᠦᠭᠡᠢ ᠰᠠᠶᠢᠵᠢᠷᠠᠭᠤᠯᠵᠤ᠂ ᠰᠢᠨ᠎ᠡ ᠡᠨᠧᠷᠭᠢ ᠶᠢᠨ ᠮᠠᠰᠢᠨ | ᠲᠡᠷᠭᠡᠨ ᠤ ᠬᠤᠳᠠᠯᠳᠤᠨ ᠠᠪᠬᠤ ᠭᠠᠶᠢᠯᠢ ᠶᠢ ᠬᠠᠰᠤᠵᠤ ᠬᠡᠯᠲᠦᠷᠢᠭᠦᠯᠬᠦ ᠲᠥᠷᠥ ᠶᠢᠨ ᠪᠣᠳᠣᠯᠭ᠎ᠠ ᠶᠢᠨ ᠳᠡᠮᠵᠢᠯᠭᠡ ᠵᠢᠴᠢ ᠬᠤᠲᠠ ᠲᠣᠭᠤᠷᠢᠭ ᠬᠤᠶᠠᠷ ᠱᠠᠲᠤᠨ ᠤ | ᠵᠠᠰᠠᠭ ᠤᠨ ᠣᠷᠳᠣᠨ ᠤ ᠰᠠᠭᠤᠭᠠᠯᠢ ᠠᠷᠠᠳ ᠤᠨ ᠮᠠᠰᠢᠨ ᠲᠡᠷᠭᠡ ᠬᠤᠳᠠᠯᠳᠤᠨ ᠠᠪᠬᠤ ᠳᠤ ᠨᠥᠬᠦᠪᠦᠷᠢ ᠥᠭᠬᠦ ᠲᠥᠷᠥ ᠶᠢᠨ ᠪᠣᠳᠣᠯᠭ᠎ᠠ ᠶᠢᠨ ᠳᠡᠮᠵᠢᠯᠬᠡ ᠪᠠᠷ ᠰᠢᠨ᠎ᠡ | ᠡᠨᠧᠷᠭᠢ ᠶᠢᠨ ᠮᠠᠰᠢᠨ ᠲᠡᠷᠭᠡᠨ ᠤ ᠪᠣᠷᠤᠯᠠᠭᠤᠯᠭ᠎ᠠ ᠥᠷᠨᠢᠭᠦᠨ ᠪᠠᠶᠢᠵᠤ᠂ ᠦᠷᠭᠦᠯᠵᠢᠯᠡᠨ ᠥᠨᠳᠥᠷ ᠨᠡᠮᠡᠭᠳᠡᠯ ᠤᠨ ᠪᠠᠶᠢᠳᠠᠯ ᠢᠶᠠᠨ ᠪᠠᠳᠤᠯᠠᠨ᠂ ᠮᠠᠰᠢᠨ ᠲᠡᠷᠭᠡᠨ ᠤ | ᠬᠡᠷᠡᠭᠯᠡᠭᠡᠨ ᠤ ᠵᠠᠬ᠎ᠠ ᠳᠡᠯᠭᠡᠭᠦᠷ ᠢ ᠳᠠᠶᠢᠴᠢᠯᠠᠪᠠ᠃ 2024 ᠣᠨ ᠤ 1 — 7 ᠰᠠᠷ᠎ᠠ ᠳᠤ᠂ ᠳ᠋ᠦᠩᠱᠧᠩ ᠲᠣᠭᠤᠷᠢᠭ ᠤᠨ ᠬᠢᠵᠠᠭᠠᠷᠯᠠᠯ ᠠᠴᠠ ᠳᠡᠭᠡᠭᠰᠢᠬᠢ ᠮᠠᠰᠢᠨ | ᠲᠡᠷᠭᠡᠨ ᠤ ᠵᠢᠵᠢᠭᠯᠡᠨ ᠪᠤᠷᠤᠯᠠᠭᠤᠯᠤᠯᠳᠠ 42.2 ᠳ᠋ᠦᠩᠰᠢᠭᠤᠷ ᠲᠥᠭᠦᠷᠢᠭ ᠲᠤ ᠬᠦᠷᠴᠦ᠂ ᠡᠭᠦᠨ ᠳᠤ ᠰᠢᠨ᠎ᠡ ᠡᠨᠧᠷᠭᠢ ᠶᠢᠨ ᠮᠠᠰᠢᠨ ᠲᠡᠷᠭᠡᠨ ᠤ ᠵᠢᠵᠢᠭᠯᠡᠨ | ᠪᠤᠷᠤᠯᠠᠭᠤᠯᠤᠯᠳᠠ 14.75 ᠳ᠋ᠦᠩᠰᠢᠭᠤᠷ ᠲᠥᠭᠦᠷᠢᠭ ᠲᠤ ᠬᠦᠷᠴᠦ᠂ ᠬᠢᠵᠠᠭᠠᠷᠯᠠᠯ ᠠᠴᠠ ᠠᠴᠠ ᠳᠡᠭᠡᠭᠰᠢᠬᠢ ᠮᠠᠰᠢᠨ ᠲᠡᠷᠭᠡᠨ ᠤ ᠲᠥᠷᠥᠯ ᠤᠨ ᠵᠢᠵᠢᠭᠯᠡᠨ | ᠪᠤᠷᠤᠯᠠᠭᠤᠯᠤᠯᠳᠠ ᠳᠠᠬᠢ ᠡᠵᠡᠯᠡᠬᠦ ᠬᠤᠪᠢ ᠶᠢᠨ ᠵᠢᠩ ᠨᠢ 34.9% ᠪᠠᠶᠢᠵᠤ᠂ ᠳᠡᠭᠡᠷ᠎ᠡ ᠵᠢᠯ ᠤᠨ ᠠᠳᠠᠯᠢ ᠬᠤᠭᠤᠴᠠᠭᠠᠨ ᠤ ᠬᠢ ᠠᠴᠠ 43% ᠪᠠᠷ ᠨᠡᠮᠡᠭᠳᠡᠵᠡᠢ᠃ | |