ᠭᠤᠤ ᠢ ᠳ᠋ᠦᠩ ᠦᠶᠡᠷ ᠢ ᠰᠡᠷᠭᠡᠶᠢᠯᠡᠬᠦ ᠠᠵᠢᠯ ᠢ ᠪᠠᠶᠢᠴᠠᠭᠠᠪᠠ
ᠨᠡᠶᠢᠲᠡᠯᠡᠭᠰᠡᠨ ᠴᠠᠭ᠄
2024/8/27
      8 ᠰᠠᠷ᠎ᠠ ᠶᠢᠨ 26 ᠤ ᠡᠳᠦᠷ᠂ ᠣᠷᠳᠣᠰ ᠤᠨ ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠤᠨ ᠨᠡᠭᠡᠭᠡᠯᠲᠡ ᠶᠢᠨ ᠲᠣᠭᠤᠷᠢᠭ ᠤᠨ ᠨᠠᠮ ᠤᠨ ᠠᠵᠢᠯᠯᠠᠬᠤ ᠬᠤᠷᠢᠶᠠᠨ ᠤ ᠱᠦᠵᠢ᠂ ᠳ᠋ᠦᠩᠱᠧᠩ ᠲᠣᠭᠤᠷᠢᠭ ᠤᠨ ᠨᠠᠮ ᠤᠨ ᠬᠤᠷᠢᠶᠠᠨ ᠤ ᠱᠦᠵᠢ ᠭᠤᠸ ᠢ ᠳ᠋ᠦᠩ ᠦᠶᠡᠷ ᠢ ᠰᠡᠷᠭᠡᠶᠢᠯᠡᠬᠦ ᠠᠵᠢᠯ ᠢ ᠪᠠᠶᠢᠴᠠᠭᠠᠪᠠ᠃      ᠭᠤᠤ ᠢ ᠳ᠋ᠦᠩ ᠨᠠᠷ ᠤᠷᠢᠳ ᠬᠤᠵᠢᠳ ︽ᠬᠠᠶᠢᠷ᠎ᠠ ᠬᠠᠯᠠᠮᠵᠢᠳᠤ ᠢᠨᠵᠧᠨᠧᠷᠢᠩ︾ ᠤᠨ ᠪᠠᠷᠢᠯᠭ᠎ᠠ ᠶᠢᠨ ᠲᠤᠬᠠᠢ ᠶᠢᠨ ᠲᠠᠯᠠᠪᠠᠢ᠂ ᠬᠡᠰᠡᠭ ᠰᠠᠭᠤᠭᠠᠯᠢ ᠠᠷᠠᠳ ᠤᠨ ᠲᠣᠭᠤᠷᠢᠭ ᠤᠨ ᠳᠡᠯᠬᠡᠬᠦᠷ᠂ ᠣᠨᠴᠠ ᠵᠠᠷᠢᠮ ᠵᠠᠮ ᠤᠨ ᠠᠭᠤᠯᠵᠠᠷ᠂ ᠰᠦᠩ ᠮᠠ ᠱᠤᠭᠤᠮ᠂ ᠨᠢᠶᠠᠨ ᠬᠤᠩ ᠱᠤᠭᠤᠮ᠂ ᠹᠦ᠋ ᠬᠠᠢ ᠭᠡᠷ ᠤᠨ ᠴᠠᠬᠢᠯᠭᠠᠨ ᠬᠡᠷᠡᠭᠰᠡᠯ ᠤᠨ ᠳᠡᠯᠬᠡᠬᠦᠷ᠂ ᠳ᠋ᠦᠩᠱᠧᠩ ᠤᠨ ᠰᠠᠷᠠᠨᠠᠢ ᠴᠡᠴᠡᠭ ᠤᠨ ᠰᠣᠶᠣᠯ ᠤᠨ ᠴᠡᠴᠡᠷᠯᠢᠭ ᠲᠤ ᠭᠦᠨᠵᠡᠭᠡᠶᠢᠷᠡᠵᠦ᠂ ᠪᠠᠶᠢᠴᠠᠭᠠᠯᠲᠠ ᠬᠢᠭᠰᠡᠨ ᠪᠥᠭᠡᠳ ᠬᠤᠯᠪᠣᠭᠳᠠᠯ ᠪᠦᠬᠦᠢ ᠬᠠᠷᠢᠭᠤᠴᠠᠯᠭᠠᠲᠠᠨ ᠲᠠᠢ ᠭᠦᠨᠵᠡᠭᠡᠢ ᠶᠠᠷᠢᠯᠴᠠᠵᠤ᠂ ᠦᠶᠡᠷ ᠢ ᠰᠡᠷᠭᠡᠶᠢᠯᠡᠬᠦ ᠠᠵᠢᠯ ᠤᠨ ᠳᠤᠮᠳᠠ ᠲᠤᠯᠭᠠᠷᠠᠭᠰᠠᠨ ᠬᠦᠴᠢᠷᠳᠡᠯ ᠪᠣᠯᠣᠨ ᠠᠰᠠᠭᠤᠳᠠᠯ ᠢ ᠨᠠᠷᠢᠨ ᠨᠢᠭᠲᠠ ᠠᠰᠠᠭᠤᠨ ᠯᠠᠪᠯᠠᠪᠠ᠃      ᠭᠤᠸ ᠢ ᠳ᠋ᠦᠩ᠂ ᠦᠶᠡᠷ ᠢ ᠰᠡᠷᠭᠡᠶᠢᠯᠡᠬᠦ ᠠᠵᠢᠯ ᠤᠨ ᠴᠢᠬᠤᠯᠠ ᠴᠢᠨᠠᠷ ᠢ ᠭᠦᠢᠴᠡᠳ ᠲᠠᠨᠢᠵᠤ᠂ ᠦᠵᠡᠯ ᠰᠠᠨᠠᠭ᠎ᠠ ᠲᠠᠨᠢᠯᠲᠠ ᠪᠠᠨ ᠤᠯᠠᠮ ᠨᠢᠭᠡ ᠠᠯᠬᠤᠮ ᠭᠦᠨᠵᠡᠭᠡᠶᠢᠷᠡᠭᠦᠯᠦᠨ᠂ ᠬᠦᠯᠢᠶᠡᠬᠦ ᠦᠭᠡᠢ ᠲᠦᠰᠢᠬᠦ ᠦᠭᠡᠢ᠂ ᠲᠦᠯᠬᠢᠬᠦ ᠦᠭᠡᠢ ᠤᠳᠠᠭᠠᠰᠢᠷᠠᠭᠤᠯᠬᠤ ᠦᠭᠡᠢ ᠪᠠᠶᠢᠵᠤ᠂ ᠦᠶᠡᠷ ᠢ ᠰᠡᠷᠭᠡᠶᠢᠯᠡᠬᠦ ᠠᠵᠢᠯ ᠢ ᠨᠠᠷᠢᠨ᠂ ᠪᠣᠳᠠᠲᠠᠢ ᠠᠳᠬᠤᠬᠤ ᠬᠡᠷᠡᠭᠲᠡᠢ᠃ ᠵᠢᠷᠤᠭ ᠲᠥᠯᠥᠪᠯᠡᠭᠡ ᠶᠢᠨ ᠳᠦᠷᠢᠮᠵᠢᠯ ᠤᠨ ᠶᠣᠰᠣᠭᠠᠷ ︽ᠬᠠᠶᠢᠷ᠎ᠠ ᠬᠠᠯᠠᠮᠵᠢᠳᠤ ᠢᠨᠵᠧᠨᠧᠷᠢᠩ︾ ᠤᠨ ᠮᠠᠯᠳᠠᠭᠰᠠᠨ ᠰᠤᠪᠠᠭ ᠲᠤ ᠪᠦᠲᠦᠮᠵᠢᠲᠡᠶ ᠬᠠᠮᠠᠭᠠᠯᠠᠯᠲᠠ ᠬᠢᠵᠦ᠂ ᠪᠣᠷᠣᠭᠠᠨ ᠤ ᠤᠰᠤᠨ ᠳᠤ ᠳᠡᠪᠲᠦᠭᠰᠡᠨ ᠤ ᠳᠠᠷᠠᠭᠠᠬᠢ ᠰᠠᠭᠤᠷᠢ ᠨᠦᠬᠡᠨ ᠳᠤ ᠨᠤᠷᠠᠵᠤ ᠶᠡᠭᠦᠷᠡᠬᠦ ᠵᠡᠷᠭᠡ ᠳᠠᠯᠳᠠ ᠭᠡᠮ ᠣᠷᠣᠰᠢᠵᠤ ᠪᠠᠶᠢᠬᠤ ᠶᠢ ᠠᠩᠬᠠᠷᠬᠤ ᠬᠡᠷᠡᠭᠲᠡᠢ᠃ ᠰᠠᠭᠤᠷᠢ ᠨᠦᠬᠡ ᠶᠢᠨ ᠬᠠᠵᠠᠭᠤ ᠶᠢᠨ ᠬᠠᠮᠠᠭᠠᠯᠠᠯᠲᠠ᠂ ᠬᠠᠵᠠᠭᠤ ᠨᠠᠯᠠᠤ ᠶᠢ ᠳᠤᠯᠭᠠᠭᠤᠷᠢᠯᠠᠨ ᠬᠠᠮᠠᠭᠠᠯᠠᠬᠤ ᠵᠡᠷᠭᠡ ᠠᠷᠭ᠎ᠠ ᠬᠡᠮᠵᠢᠶ᠎ᠡ ᠶᠢ ᠰᠠᠶᠢᠲᠤᠷ ᠬᠢᠵᠦ᠂ ᠳᠠᠯᠳᠠ ᠬᠡᠮ ᠢ ᠵᠢᠭᠰᠠᠭᠠᠨ ᠪᠠᠶᠢᠴᠠᠭᠠᠬᠤ ᠪᠠ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠠᠵᠢᠯ ᠢ ᠰᠠᠶᠢᠲᠤᠷ ᠠᠳᠬᠤᠨ᠂ ᠬᠥᠭᠡᠷᠭᠡ ᠪᠠᠷ ᠲᠠᠲᠠᠵᠤ ᠭᠠᠳᠠᠭᠰᠢᠯᠠᠭᠤᠯᠬᠤ ᠵᠡᠷᠭᠡ ᠠᠷᠭ᠎ᠠ ᠬᠡᠮᠵᠢᠶ᠎ᠡ ᠶᠢ ᠠᠪᠴᠤ ᠪᠠᠶᠢᠭᠠᠳ ᠤᠰᠤ ᠬᠤᠷᠠᠭᠰᠠᠨ ᠠᠰᠠᠭᠤᠳᠠᠯ ᠢ ᠦᠳᠲᠡᠷ ᠲᠦᠷᠭᠡᠨ ᠰᠢᠢᠳᠪᠦᠷᠢᠯᠡᠬᠦ ᠶᠢᠨ ᠬᠠᠮᠲᠤ᠂ ᠪᠠᠷᠢᠯᠭ᠎ᠠ ᠶᠢᠨ ᠠᠬᠢᠴᠠ ᠶᠢ ᠰᠢᠨᠵᠢᠯᠡᠬᠦ ᠤᠬᠠᠭᠠᠨᠴᠢ ᠪᠠᠷ ᠨᠢᠭᠡᠳᠦᠯᠲᠡᠢ ᠲᠥᠯᠥᠪᠯᠡᠵᠦ᠂ ᠴᠠᠭ ᠬᠤᠭᠤᠴᠠᠭᠠᠨ ᠤ ᠵᠠᠩᠭᠢᠯᠠᠭ᠎ᠠ ᠶᠢᠨ ᠴᠢᠭ ᠢ ᠴᠢᠩᠭ᠎ᠠ ᠠᠳᠬᠤᠨ᠂ ᠠᠵᠢᠯ ᠤᠨ ᠬᠤᠭᠤᠴᠠᠭ᠎ᠠ ᠶᠢ ᠲᠤᠩᠭᠤᠷᠤᠤ ᠵᠢᠠᠠᠰᠠᠭᠠᠵᠤ᠂ ᠱᠠᠯᠠᠪᠳᠠᠨ ᠠᠵᠢᠯᠯᠠᠵᠤ ᠴᠢᠩᠭ᠎ᠠ ᠠᠳᠬᠤᠨ᠂ ᠣᠯᠠᠨ ᠵᠦᠢᠯ ᠤᠨ ᠲᠥᠰᠥᠯ ᠢ ᠠᠮᠢᠳᠤᠯᠢᠭ ᠢᠶᠠᠷ ᠬᠡᠷᠡᠭᠯᠡᠨ ᠪᠠᠷᠢᠯᠭ᠎ᠠ ᠶᠢᠨ ᠠᠬᠢᠴᠠ ᠶᠢ ᠠᠬᠢᠭᠤᠯᠬᠤ ᠬᠡᠷᠡᠭᠲᠡᠢ᠃ ᠬᠤᠳᠠ ᠶᠢᠨ ᠲᠣᠭᠤᠷᠢᠭ ᠤᠨ ᠭᠠᠵᠠᠷ ᠤᠨ ᠪᠠᠶᠢᠴᠠ ᠳᠣᠣᠷ᠎ᠠ ᠬᠤᠲᠣᠭᠤᠷ ᠰᠠᠭᠤᠭᠠᠯᠢ ᠲᠣᠭᠤᠷᠢᠭ᠂ ᠬᠥᠭᠦᠷᠭᠡ ᠶᠢᠨ ᠭᠤᠯᠳᠤᠷᠢᠯ᠂ ᠭᠠᠵᠠᠷ ᠳᠣᠣᠷᠠᠬᠢ ᠲᠡᠷᠭᠡᠨ ᠵᠣᠭᠰᠣᠭᠠᠯ ᠵᠡᠷᠭᠡ ᠤᠰᠤᠲᠤᠯ ᠠᠮᠠᠷᠬᠠᠨ ᠡᠭᠦᠰᠳᠡᠭ ᠣᠷᠣᠨ ᠳᠤ ᠠᠩᠬᠠᠷᠤᠯ ᠢᠶᠠᠨ ᠲᠥᠪᠯᠡᠷᠡᠭᠦᠯᠵᠦ᠂ ᠠᠶᠤᠯ ᠲᠦᠭᠰᠢᠭᠦᠷᠢ ᠶᠢᠨ ᠭᠡᠮ ᠰᠣᠭᠤᠭ ᠢ ᠳᠠᠷᠠᠭᠠᠯᠠᠨ ᠪᠠᠶᠢᠴᠠᠭᠠᠵᠤ ᠴᠡᠭᠴᠡᠯᠡᠨ ᠵᠠᠰᠠᠵᠤ᠂ ᠳᠠᠮᠵᠢᠭᠤᠯᠬᠤ ᠬᠤᠭᠤᠯᠠᠢ ᠶᠢᠨ ᠲᠥᠬᠦᠭᠡᠷᠦᠮᠵᠢ ᠶᠢ ᠴᠠᠭ ᠲᠤᠬᠠᠢ ᠳᠤᠨᠢ ᠪᠠᠶᠢᠴᠠᠭᠠᠨ᠂ ᠬᠤᠷᠠᠭᠰᠠᠨ ᠯᠠᠭ ᠰᠢᠪᠠᠷ ᠢ ᠲᠣᠭᠲᠠᠮᠠᠯ ᠬᠤᠭᠤᠴᠠᠭ᠎ᠠ ᠲᠠᠢ ᠪᠠᠷ ᠴᠡᠪᠡᠷᠯᠡᠵᠦ᠂ ᠠᠷᠭᠠᠴᠠᠬᠤ ᠠᠷᠭ᠎ᠠ ᠬᠡᠮᠵᠢᠶ᠎ᠡ ᠶᠢ ᠰᠢᠨᠵᠢᠯᠡᠬᠦ ᠤᠬᠠᠭᠠᠨᠴᠢ ᠪᠠᠷ ᠲᠣᠭᠲᠠᠭᠠᠵᠤ᠂ ᠪᠣᠷᠣᠭᠠᠨ ᠪᠣᠬᠢᠷ ᠤᠰᠤᠨ ᠤ ᠬᠤᠭᠤᠯᠠᠢ ᠲᠣᠣᠷ ᠢ ᠰᠢᠨᠵᠢᠯᠡᠬᠦ ᠤᠬᠠᠭᠠᠨᠴᠢ ᠪᠠᠷ ᠲᠥᠯᠥᠪᠵᠢᠭᠦᠯᠦᠨ ᠪᠦᠲᠦᠭᠡᠨ ᠪᠠᠶᠢᠭᠤᠯᠬᠤ ᠪᠠ ᠥᠭᠡᠷᠡᠴᠢᠯᠡᠵᠦ᠂ ᠠᠮᠠᠷᠬᠠᠨ ᠬᠤᠷᠠᠮᠳᠤᠵᠤ ᠤᠰᠤᠲᠤᠬᠤ ᠴᠢᠭ ᠢ ᠪᠦᠬᠦ ᠲᠠᠯ᠎ᠠ ᠪᠠᠷ ᠠᠷᠢᠯᠭᠠᠵᠤ᠂ ᠵᠠᠮ ᠬᠠᠷᠢᠯᠴᠠᠭᠠᠨ ᠤ ᠣᠷᠴᠢᠨ ᠨᠥᠬᠦᠴᠡᠯ ᠢ ᠳᠡᠭᠡᠭᠰᠢᠯᠡᠭᠦᠯᠦᠨ ᠰᠠᠶᠢᠵᠢᠷᠠᠭᠤᠯᠬᠤ ᠬᠡᠷᠡᠭᠲᠡᠢ᠃ ᠠᠯᠤᠰ ᠬᠡᠲᠦ ᠶᠢ ᠪᠣᠳᠣᠯᠬᠢᠯᠠᠨ᠂ ᠰᠢᠨᠵᠢᠯᠡᠬᠦ ᠤᠬᠠᠭᠠᠨᠴᠢ ᠪᠠᠷ ᠠᠷᠭ᠎ᠠ ᠪᠣᠳᠣᠯᠭ᠎ᠠ ᠬᠡᠷᠡᠭᠵᠢᠭᠦᠯᠵᠦ᠂ ᠮᠡᠷᠭᠡᠵᠢᠯ ᠤᠨ ᠦᠢᠯᠡᠴᠢᠯᠡᠭᠡ ᠪᠠ ᠢᠨᠵᠧᠨᠧᠷᠢᠩ ᠤᠨ ᠵᠢᠯᠣᠭᠤᠳᠤᠯᠭ᠎ᠠ ᠶᠢ ᠴᠢᠩᠭᠠᠳᠬᠠᠨ᠂ ᠭᠤᠣᠯ ᠤᠨ ᠵᠠᠮ ᠢ ᠰᠢᠯᠤᠭᠤᠳᠬᠠᠬᠤ᠂ ᠠᠮᠢ ᠠᠬᠤᠢ ᠶᠢ ᠰᠡᠷᠭᠦᠭᠡᠬᠦ᠂ ᠵᠠᠮ ᠨᠡᠪᠲᠡᠷᠡᠯᠭᠡ ᠶᠢ ᠪᠠᠲᠤᠯᠠᠬᠤ ᠶᠢ ᠬᠠᠮᠲᠤ ᠳᠤᠨᠢ ᠬᠠᠷᠠᠭᠠᠯᠵᠠᠵᠤ᠂ ᠬᠥᠭᠦᠷᠭᠡ ᠵᠠᠰᠠᠬᠤ ᠪᠠ ᠤᠰᠤ ᠵᠠᠰᠠᠬᠤ᠂ ᠵᠠᠮ ᠤᠨ ᠨᠢᠭᠤᠷ ᠢ ᠨᠥᠬᠦᠪᠦᠷᠢᠯᠡᠬᠦ ᠪᠠ ᠵᠠᠮ ᠤᠨ ᠰᠠᠭᠤᠷᠢ ᠶᠢ ᠪᠠᠬᠢᠵᠢᠭᠦᠯᠬᠦ ᠶᠢ ᠬᠠᠷᠢᠯᠴᠠᠨ ᠤᠶᠠᠯᠳᠤᠭᠤᠯᠬᠤ ᠶᠢ ᠠᠬᠢᠭᠤᠯᠵᠤ᠂ ᠵᠠᠮ ᠬᠥᠭᠦᠷᠭᠡ ᠶᠢᠨ ᠭᠤᠯᠳᠤᠷᠢᠯ ᠤᠨ ᠦᠶᠡᠷ ᠤᠨ ᠤᠰᠤ ᠶᠢ ᠬᠤᠷᠢᠬᠤ ᠴᠢᠳᠠᠪᠤᠷᠢ ᠶᠢ ᠦᠨᠡᠨ ᠬᠦ ᠳᠡᠭᠡᠭᠰᠢᠯᠡᠭᠦᠯᠬᠦ ᠬᠡᠷᠡᠭᠲᠡᠢ ᠬᠡᠵᠡᠢ᠃       ᠲᠣᠭᠤᠷᠢᠭ ᠤᠨ ᠤᠳᠤᠷᠢᠳᠤᠯᠭ᠎ᠠ ᠳ᠋ᠦ᠋ ᠵᠢᠢ ᠺᠤᠸᠠᠨ᠂ ᠵᠠᠩ ᠵᠢᠶᠠᠨ ᠬᠥᠩ ᠵᠢᠴᠢ ᠲᠣᠭᠤᠷᠢᠭ ᠤᠨ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠳᠠᠳ ᠤᠷᠤᠯᠴᠠᠪᠠ᠃
ᠢᠷᠡᠯᠲᠡ᠄ ᠳ᠋ᠦᠩᠱᠧᠩ ᠳᠤᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ