ᠬᠠᠨ ᠲᠤᠸ ᠬᠤᠲᠠ ᠶᠢᠨ ᠵᠠᠮ ᠬᠠᠷᠢᠯᠴᠠᠭᠠᠨ ᠤ ᠪᠠᠲᠤᠯᠠᠭ᠎ᠠ᠂ ᠬᠥᠳᠡᠭᠡ ᠲᠣᠰᠬᠤᠨ ᠤ ᠦᠶᠡᠷ ᠢ ᠰᠡᠷᠭᠡᠶᠢᠯᠡᠬᠦ ᠪᠠ ᠰᠤᠷᠭᠠᠭᠤᠯᠢ ᠶᠢᠨ ᠬᠦᠷᠢᠶᠡᠨ ᠤ ᠠᠮᠤᠷ ᠲᠦᠪᠰᠢᠨ ᠤ ᠠᠵᠢᠯ ᠳᠤ ᠪᠠᠶᠢᠴᠠᠭᠠᠨ ᠰᠤᠳᠤᠯᠤᠯᠳᠠ ᠬᠢᠪᠡ
ᠨᠡᠶᠢᠲᠡᠯᠡᠭᠰᠡᠨ ᠴᠠᠭ᠄
2024/8/27
      8 ᠰᠠᠷ᠎ᠠ ᠶᠢᠨ 26 ᠤ ᠡᠳᠦᠷ᠂ ᠳ᠋ᠦᠩᠱᠧᠩ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠲᠣᠭᠤᠷᠢᠭ ᠤᠨ ᠳᠠᠷᠤᠭ᠎ᠠ ᠬᠠᠨ ᠲᠤᠸ ᠲᠣᠭᠤᠷᠢᠭ ᠤᠨ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠶᠡᠭᠡ ᠠᠩᠭᠢ ᠶᠢᠨ ᠣᠶᠤᠨᠲᠤ ᠵᠠᠮ ᠬᠠᠷᠢᠯᠴᠠᠭᠠᠨ ᠤ ᠲᠣᠬᠢᠷᠠᠭᠤᠯᠤᠨ ᠵᠢᠯᠤᠭᠤᠳᠬᠤ ᠲᠥᠪ᠂ ᠬᠠᠨᠲᠠᠶ ᠪᠠᠯᠭᠠᠰᠤᠨ ᠤ ᠶᠦᠩ ᠱᠧᠩ ᠲᠣᠰᠬᠤᠨ ᠪᠣᠯᠣᠨ ᠬᠡᠰᠡᠭ ᠳᠤᠮᠳᠠᠳᠤ ᠪᠠᠭ᠎ᠠ ᠰᠤᠷᠭᠠᠭᠤᠯᠢ ᠵᠢᠴᠢ ᠡᠷᠬᠢᠨ ᠲᠣᠭᠤᠷᠢᠨ ᠤ ᠵᠠᠮ ᠢᠶᠠᠷ ᠬᠦᠷᠴᠤ᠂ ᠬᠤᠲᠠ ᠶᠢᠨ ᠵᠠᠮ ᠬᠠᠷᠢᠯᠴᠠᠭᠠᠨ ᠤ ᠪᠠᠲᠤᠯᠠᠭ᠎ᠠ᠂ ᠬᠥᠳᠡᠭᠡ ᠲᠣᠰᠬᠤᠨ ᠤ ᠦᠶᠡᠷ ᠢ ᠰᠡᠷᠭᠡᠶᠢᠯᠡᠬᠦ ᠪᠠ ᠰᠤᠷᠭᠠᠭᠤᠯᠢ ᠶᠢᠨ ᠬᠦᠷᠢᠶᠡᠨ ᠤ ᠠᠮᠤᠷ ᠲᠦᠪᠰᠢᠨ ᠤ ᠠᠵᠢᠯ ᠳᠤ ᠪᠠᠶᠢᠴᠠᠭᠠᠨ ᠰᠤᠳᠤᠯᠤᠯᠲᠠ ᠬᠢᠵᠦ᠂ ᠪᠣᠳᠠᠲᠠᠢ ᠰᠢᠢᠳᠪᠦᠷᠢᠯᠡᠬᠦ ᠲᠥᠰᠥᠯ ᠢ ᠰᠤᠳᠤᠯᠤᠨ ᠶᠠᠷᠢᠯᠴᠠᠪᠠ᠃       ᠳ᠋ᠦᠩᠱᠧᠩ ᠲᠣᠭᠤᠷᠢᠭ ᠤᠨ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠶᠡᠭᠡ ᠠᠩᠭᠢ ᠶᠢᠨ ᠣᠶᠤᠨᠲᠤ ᠵᠠᠮ ᠬᠠᠷᠢᠯᠴᠠᠭᠠᠨ ᠤ  ᠳᠤᠬᠢᠷᠠᠭᠤᠯᠤᠨ ᠵᠢᠯᠤᠭᠤᠳᠬᠤ ᠲᠥᠪ ᠵᠢᠴᠢ ᠬᠡᠰᠡᠭ ᠭᠤᠣᠯᠳᠠᠯᠭ᠎ᠠ ᠲᠠᠢ ᠵᠠᠮ ᠤᠨ ᠬᠡᠰᠡᠭ ᠲᠤ᠂ ᠬᠠᠨ ᠲᠤᠤ ᠣᠶᠤᠨᠲᠤ ᠵᠠᠮ ᠬᠠᠷᠢᠯᠴᠠᠭᠠᠨ ᠤ ᠤᠯᠠᠨ ᠨᠡᠶᠢᠲᠡ ᠶᠢᠨ ᠦᠢᠯᠡᠴᠢᠯᠡᠭᠡᠨ ᠤ ᠲᠠᠪᠴᠠᠩ ᠤᠨ ᠵᠠᠮ ᠬᠠᠷᠢᠯᠴᠠᠭᠠᠨ ᠤ ᠪᠠᠶᠢᠳᠠᠯ ᠤᠨ ᠲᠤᠭ᠎ᠠ ᠪᠠᠷᠢᠮᠲᠠ ᠶᠢ ᠵᠠᠳᠠᠯᠬᠤ᠂ ᠲᠦᠭᠵᠢᠷᠡᠯ ᠢ ᠬᠢᠨᠠᠨ ᠬᠡᠮᠵᠢᠬᠦ᠂ ᠵᠠᠮ ᠬᠠᠷᠢᠯᠴᠠᠭᠠᠨ ᠤ ᠤᠷᠤᠰᠬᠠᠯ ᠢ ᠰᠢᠯᠢᠳᠡᠭᠵᠢᠭᠦᠯᠬᠦ ᠵᠡᠷᠭᠡ ᠲᠠᠯ᠎ᠠ ᠪᠠᠷ ᠦᠵᠡᠭᠦᠯᠦᠭᠰᠡᠨ ᠦᠢᠯᠡᠳᠦᠯ ᠵᠢᠴᠢ ᠭᠤᠣᠯᠳᠠᠯᠭ᠎ᠠ ᠲᠠᠢ ᠵᠠᠮ ᠤᠨ ᠠᠭᠤᠯᠵᠠᠷ ᠤᠨ ᠤᠷᠬᠢᠯ ᠤᠨ ᠦᠶ᠎ᠡ ᠶᠢᠨ ᠵᠠᠮ ᠬᠠᠷᠢᠯᠴᠠᠭ᠎ᠠ ᠶᠢ ᠰᠢᠯᠤᠭᠤᠳᠬᠠᠨ ᠵᠢᠯᠤᠭᠤᠳᠬᠤ ᠪᠠ ᠬᠠᠮᠢᠶᠠᠷᠤᠨ ᠡᠵᠡᠮᠳᠡᠬᠦ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠢ ᠨᠠᠷᠢᠨ ᠣᠶᠢᠯᠠᠭᠠᠪᠠ᠃ ᠲᠡᠷᠡ᠂ ᠣᠶᠤᠨᠲᠤ ᠲᠠᠪᠴᠠᠩ ᠢ ᠭᠦᠢᠴᠡᠳ ᠠᠰᠢᠭᠯᠠᠨ ᠪᠠᠶᠢᠴᠠᠭᠠᠨ ᠰᠤᠳᠤᠯᠵᠤ ᠵᠠᠳᠠᠯᠬᠤ ᠪᠠ ᠰᠢᠨᠵᠢᠯᠡᠬᠦ ᠤᠬᠠᠭᠠᠨᠴᠢ ᠪᠠᠷ ᠰᠤᠳᠤᠯᠤᠨ ᠮᠠᠭᠠᠳᠯᠠᠬᠤ ᠶᠢ ᠰᠠᠶᠢᠲᠤᠷ ᠬᠢᠵᠦ᠂ ᠴᠠᠭᠳᠠᠭᠠᠨ ᠤ ᠬᠦᠴᠦᠨ ᠢ ᠥᠨᠳᠥᠷ ᠪᠦᠲᠦᠮᠵᠢᠲᠡᠢ ᠪᠠᠶᠢᠷᠢᠯᠠᠭᠤᠯᠵᠤ᠂ ᠵᠠᠮ ᠡᠵᠡᠯᠡᠨ ᠪᠠᠷᠢᠯᠭ᠎ᠠ ᠪᠠᠷᠢᠵᠤ ᠪᠠᠶᠢᠭ᠎ᠠ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠠᠵᠢᠯ ᠢ ᠴᠢᠩᠭᠠᠳᠬᠠᠵᠤ᠂ ᠤᠷᠬᠢᠯ ᠤᠨ ᠦᠶ᠎ᠡ ᠶᠢᠨ ᠭᠤᠣᠯᠳᠠᠯᠭ᠎ᠠ ᠲᠠᠢ ᠵᠠᠮ ᠤᠨ ᠬᠡᠰᠡᠭ ᠵᠢᠴᠢ ᠰᠤᠷᠭᠠᠭᠤᠯᠢ ᠶᠢᠨ ᠡᠷᠬᠢᠨ ᠲᠣᠭᠤᠷᠢᠨ ᠤ ᠲᠦᠭᠵᠢᠷᠡᠯ ᠤᠨ ᠠᠰᠠᠭᠤᠳᠠᠯ ᠢ ᠦᠨᠡᠨᠬᠦ ᠨᠠᠮᠳᠠᠭᠤᠯᠬᠤ ᠬᠡᠷᠡᠭᠲᠡᠢ᠃ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ᠂ ᠬᠤᠲᠠ ᠶᠢᠨ ᠬᠠᠮᠢᠶᠠᠷᠤᠯᠲᠠ᠂ ᠬᠤᠲᠠ ᠶᠢᠨ ᠶᠠᠪᠤᠳᠠᠯ᠂ ᠣᠷᠴᠢᠨ ᠲᠣᠭᠤᠷᠢᠨ ᠤ ᠠᠷᠢᠭᠤᠨ ᠴᠡᠪᠡᠷ ᠵᠡᠷᠭᠡ ᠰᠠᠯᠠᠭ᠎ᠠ ᠮᠥᠴᠢᠷ ᠯᠦᠭᠡ ᠵᠣᠬᠢᠴᠠᠯᠳᠤᠨ ᠬᠤᠯᠪᠤᠭᠠᠯᠠᠨ ᠬᠥᠳᠡᠯᠦᠯᠴᠡᠬᠦ ᠶᠢ ᠴᠢᠩᠭᠠᠳᠬᠠᠵᠤ᠂ ᠵᠠᠮ ᠤᠨ ᠲᠦᠭᠵᠢᠷᠡᠯ ᠤᠨ ᠠᠰᠠᠭᠤᠳᠠᠯ ᠢ ᠴᠠᠭ ᠲᠤᠬᠠᠢ ᠳᠤᠨᠢ ᠪᠦᠲᠦᠮᠵᠢᠲᠡᠶ ᠰᠢᠢᠳᠪᠦᠷᠢᠯᠡᠵᠦ᠂ ᠵᠠᠮ ᠬᠠᠷᠢᠯᠴᠠᠭᠠᠨ ᠤ ᠠᠮᠤᠷ ᠲᠦᠪᠰᠢᠨ ᠤ ᠬᠡᠮ ᠰᠣᠭᠤᠭ ᠢ ᠵᠢᠭᠰᠠᠭᠠᠨ ᠪᠠᠶᠢᠴᠠᠭᠠᠵᠤ ᠵᠠᠰᠠᠬᠤ ᠠᠵᠢᠯ ᠢ ᠦᠨᠡᠨᠬᠦ ᠰᠠᠶᠢᠲᠤᠷ ᠬᠢᠵᠦ᠂ ᠣᠯᠠᠨ ᠲᠦᠮᠡᠨ ᠳᠤ ᠠᠮᠤᠷ ᠲᠦᠪᠰᠢᠨ᠂ ᠰᠠᠭᠠᠳ ᠦᠭᠡᠢ᠂ ᠡᠮᠬᠢ ᠵᠢᠷᠤᠮ ᠲᠠᠢ ᠵᠠᠮ ᠬᠠᠷᠢᠯᠴᠠᠭᠠᠨ ᠤ ᠣᠷᠴᠢᠨ ᠲᠣᠭᠤᠷᠢᠨ ᠢ ᠪᠣᠶ ᠪᠣᠯᠭᠠᠵᠤ ᠥᠭᠬᠦ ᠬᠡᠷᠡᠭᠲᠡᠢ ᠬᠡᠵᠡᠢ᠃       ᠳ᠋ᠦᠩᠱᠧᠩ ᠲᠣᠭᠤᠷᠢᠭ ᠤᠨ ᠲᠡᠮᠦᠷ ᠵᠠᠮ ᠤᠨ ᠰᠤᠷᠭᠠᠭᠤᠯᠢ᠂ ᠳ᠋ᠦᠩᠱᠧᠩ ᠲᠣᠭᠤᠷᠢᠭ ᠤᠨ ᠨᠢᠭᠡᠳᠦᠭᠡᠷ ᠳᠤᠮᠳᠠᠳᠤ ᠰᠤᠷᠭᠠᠭᠤᠯᠢ ᠶᠢᠨ ᠪᠠᠷᠠᠭᠤᠨ ᠲᠣᠭᠤᠷᠢᠭ ᠵᠢᠴᠢ ᠡᠷᠬᠢᠨ ᠲᠣᠭᠤᠷᠢᠨ ᠤ ᠭᠠᠵᠠᠷ ᠣᠷᠣᠨ ᠳᠤ᠂ ᠬᠠᠨ ᠲᠤᠸ ᠰᠤᠷᠭᠠᠭᠤᠯᠢ ᠶᠢᠨ ᠬᠦᠷᠢᠶᠡᠨ ᠤ ᠡᠷᠬᠢᠨ ᠲᠣᠭᠤᠷᠢᠨ ᠤ ᠵᠠᠮ ᠬᠠᠷᠢᠯᠴᠠᠭ᠎ᠠ᠂ ᠵᠠᠮ ᠬᠠᠷᠢᠯᠴᠠᠭᠠᠨ ᠤ ᠪᠠᠲᠤᠯᠠᠭ᠎ᠠ᠂ ᠰᠤᠷᠭᠠᠭᠤᠯᠢ ᠶᠢᠨ ᠬᠦᠷᠢᠶᠡᠨ ᠤ ᠠᠮᠤᠷ ᠲᠦᠪᠰᠢᠨ ᠤ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠭᠰᠠᠨ ᠵᠡᠷᠭᠡ ᠪᠠᠶᠢᠳᠠᠯ ᠢ ᠨᠠᠷᠢᠨ ᠬᠢᠨᠠᠮᠠᠭᠠᠢ ᠪᠠᠶᠢᠴᠠᠭᠠᠨ ᠦᠵᠡᠪᠡ᠃ ᠲᠡᠷᠡ᠂ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠴᠠᠭ ᠬᠤᠭᠤᠴᠠᠭᠠᠨ ᠤ ᠵᠠᠩᠭᠢᠯᠠᠭ᠎ᠠ ᠶᠢᠨ ᠴᠢᠭ ᠢ ᠴᠢᠩᠭ᠎ᠠ ᠠᠳᠬᠤᠵᠤ᠂ ᠠᠮᠤᠷ ᠲᠦᠪᠰᠢᠨ ᠢ ᠪᠠᠲᠤᠯᠠᠨ᠂ ᠴᠠᠭ ᠢ ᠠᠮᠵᠢᠵᠤ᠂ ᠠᠬᠢᠴᠠ ᠶᠢ ᠠᠮᠵᠢᠨ᠂ ᠠᠵᠢᠯ ᠤᠨ ᠬᠤᠭᠤᠴᠠᠭ᠎ᠠ ᠶᠢ ᠲᠣᠩᠭᠤᠷᠤᠭᠤᠯᠤᠨ ᠲᠣᠬᠢᠷᠠᠭᠤᠯᠵᠤ᠂ ᠪᠡᠷᠬᠡ ᠶᠢ ᠳᠤᠭᠤᠯᠤᠨ ᠳᠠᠪᠠᠵᠤ᠂ ᠰᠤᠷᠭᠠᠭᠤᠯᠢ ᠶᠢᠨ ᠬᠦᠷᠢᠶᠡᠨ ᠤ ᠣᠶᠢᠷ᠎ᠠ ᠬᠠᠪᠢ ᠶᠢᠨ ᠬᠤᠭᠤᠯᠠᠢ ᠲᠣᠣᠷ ᠤᠨ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢᠨ ᠠᠬᠢᠴᠠ ᠶᠢ ᠲᠦᠷᠭᠡᠳᠬᠡᠨ ᠠᠬᠢᠭᠤᠯᠵᠤ᠂ ᠵᠠᠮ ᠵᠠᠰᠠᠬᠤ ᠠᠵᠢᠯ ᠠᠴᠠ ᠪᠣᠯᠵᠤ ᠣᠯᠠᠨ ᠲᠦᠮᠡᠨ ᠤ ᠶᠠᠪᠤᠵᠤ ᠰᠠᠭᠤᠬᠤ ᠪᠠ ᠦᠢᠯᠡᠳᠪᠦᠷᠢᠯᠡᠯ ᠠᠮᠢᠳᠤᠷᠠᠯ ᠳᠤ ᠦᠵᠡᠭᠦᠯᠬᠦ ᠨᠥᠯᠥᠭᠡ ᠶᠢ ᠠᠯᠢ ᠴᠢᠳᠠᠬᠤ ᠪᠠᠷ ᠪᠠᠭᠠᠰᠬᠠᠬᠤ ᠬᠡᠷᠡᠭᠲᠡᠢ᠃ ᠪᠠᠷᠢᠯᠭ᠎ᠠ ᠶᠢᠨ ᠣᠷᠣᠨ ᠤ ᠡᠷᠭᠢᠨ ᠲᠣᠭᠤᠷᠢᠨ ᠤ ᠰᠤᠷᠭᠠᠭᠤᠯᠢ ᠶᠢᠨ ᠵᠠᠮ ᠬᠠᠷᠢᠯᠴᠠᠭ᠎ᠠ ᠶᠢ ᠨᠡᠪᠲᠡᠷᠡᠭᠦᠯᠬᠦ ᠡᠷᠴᠢᠮ ᠢ ᠴᠢᠩᠭᠠᠷᠠᠭᠤᠯᠤᠨ᠂ ᠵᠢᠵᠢᠭᠦᠷᠯᠡᠵᠦ ᠪᠠᠶᠢᠭ᠎ᠠ ᠠᠷᠠᠳ ᠤᠨ ᠴᠠᠭᠳᠠᠭ᠎ᠠ ᠶᠢᠨ ᠰᠤᠷᠤᠭᠴᠢ ᠶᠢ ᠬᠠᠮᠠᠭᠠᠯᠠᠬᠤ ᠡᠭᠦᠷᠭᠡ ᠬᠠᠷᠢᠭᠤᠴᠠᠯᠭ᠎ᠠ ᠶᠢ ᠴᠢᠩᠭᠠᠳᠬᠠᠵᠤ᠂ ᠰᠤᠷᠭᠠᠭᠤᠯᠢ ᠶᠢᠨ ᠪᠠᠭᠰᠢ ᠠᠵᠢᠯᠲᠠᠨ᠂ ᠭᠡᠷ ᠤᠨ ᠠᠬᠠᠮᠠᠳ ᠤᠨ ᠰᠤᠷᠤᠭᠴᠢ ᠪᠠᠨ ᠬᠠᠮᠠᠭᠠᠯᠠᠬᠤ ᠠᠵᠢᠯ ᠤᠨ ᠪᠠᠶᠢᠷᠢ ᠶᠢᠨ ᠦᠢᠯᠡᠳᠦᠯ ᠢ ᠭᠦᠢᠴᠡᠳ ᠪᠠᠳᠠᠷᠠᠭᠤᠯᠤᠨ᠂ ᠣᠷᠭᠢᠯ ᠦᠶ᠎ᠡ ᠶᠢᠨ ᠵᠠᠮ ᠬᠠᠷᠢᠯᠴᠠᠭ᠎ᠠ ᠵᠢᠯᠤᠭᠤᠳᠬᠤ ᠠᠷᠭ᠎ᠠ ᠬᠡᠮᠵᠢᠶ᠎ᠡ ᠶᠢ ᠴᠢᠩᠭᠠᠷᠠᠭᠤᠯᠵᠤ᠂ ᠣᠯᠠᠨ ᠲᠦᠮᠡᠨ ᠢ ᠢᠳᠡᠪᠬᠢᠲᠡᠢ ᠬᠥᠲᠥᠯᠥᠨ ᠵᠢᠯᠤᠭᠤᠳᠴᠤ ᠪᠠᠶᠢᠭᠠᠳ ᠳᠡᠮᠵᠢᠨ ᠣᠶᠢᠯᠠᠭᠠᠭᠤᠯᠵᠤ᠂ ᠶᠠᠪᠤᠵᠤ ᠰᠠᠭᠤᠬᠤ ᠵᠠᠮ ᠱᠤᠭᠤᠮ ᠢ ᠤᠷᠢᠳᠴᠢᠯᠠᠨ ᠲᠥᠯᠥᠪᠵᠢᠭᠦᠯᠵᠦ᠂ ᠠᠮᠤᠷ ᠲᠦᠪᠰᠢᠨ ᠪᠣᠯᠪᠠᠰᠤᠨ ᠪᠣᠬᠢᠷᠲᠤᠯ ᠦᠭᠡᠢ ᠶᠠᠪᠤᠵᠤ ᠰᠠᠭᠤᠬᠤ ᠠᠷᠭ᠎ᠠ ᠮᠠᠶ᠋ᠢᠭ ᠢ ᠰᠤᠩᠭᠤᠨ᠂ ᠰᠤᠷᠤᠭᠴᠢᠳ ᠤᠨ ᠠᠮᠤᠷ ᠲᠦᠪᠰᠢᠨ ᠡᠮᠬᠢ ᠵᠢᠷᠤᠮ ᠲᠠᠢ ᠪᠠᠷ ᠰᠤᠷᠭᠠᠭᠤᠯᠢ ᠶᠢᠨ ᠬᠦᠷᠢᠶᠡᠨ ᠳᠤ ᠣᠷᠣᠵᠤ ᠭᠠᠷᠬᠤ ᠶᠢ ᠪᠥᠬᠦ ᠬᠦᠴᠦᠨ ᠢᠶᠠᠷ ᠢᠶᠠᠨ ᠪᠠᠲᠤᠯᠠᠬᠤ ᠬᠡᠷᠡᠭᠲᠡᠢ ᠬᠡᠵᠡᠢ᠃       ᠬᠠᠨᠳᠠᠢ ᠪᠠᠯᠭᠠᠰᠤᠨ ᠤ ᠶᠦᠩ ᠱᠧᠩ ᠲᠣᠰᠬᠤᠨ ᠳᠤ᠂ ᠬᠠᠨ ᠲᠤᠤ ᠦᠶᠡᠷ ᠢ ᠰᠡᠷᠭᠡᠶᠢᠯᠡᠬᠦ ᠪᠠᠴᠢᠮ ᠪᠠᠶᠢᠳᠠᠯ ᠢ ᠠᠷᠭᠠᠴᠠᠬᠤ ᠠᠵᠢᠯ ᠢ ᠨᠠᠶᠢᠳᠠᠪᠤᠷᠢᠵᠢᠭᠤᠯᠤᠭᠰᠠᠨ ᠪᠠᠶᠢᠳᠠᠯ ᠢ ᠲᠤᠬᠠᠢ ᠶᠢᠨ ᠭᠠᠵᠠᠷ ᠲᠤᠨᠢ ᠪᠠᠶᠢᠴᠠᠭᠠᠨ ᠦᠵᠡᠪᠡ᠃ ᠲᠡᠷᠡ᠂ ᠣᠳᠣᠬᠠᠨ ᠳᠤ ᠶᠠᠭ ᠦᠶᠡᠷ ᠢ ᠰᠡᠷᠭᠡᠶᠢᠯᠡᠬᠦ ᠵᠠᠩᠭᠢᠯᠠᠭ᠎ᠠ ᠶᠢᠨ ᠬᠤᠭᠤᠴᠠᠭᠠᠨ ᠳᠤ ᠪᠠᠶᠢᠭ᠎ᠠ ᠪᠣᠯᠬᠤᠷ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠬᠦ ᠠᠵᠢᠯ ᠢ ᠴᠢᠩᠭᠠᠳᠬᠠᠨ᠂ ᠣᠨᠴᠠᠭᠠᠶ ᠴᠠᠭ ᠠᠭᠤᠷ ᠢ ᠪᠦᠲᠦᠮᠵᠢᠲᠡᠶ ᠪᠠᠷ ᠠᠷᠭᠠᠴᠠᠬᠤ ᠬᠡᠷᠡᠭᠲᠡᠢ᠃ ᠲᠣᠭᠤᠷᠢᠨ ᠪᠠᠶᠢᠴᠠᠭᠠᠬᠤ ᠡᠷᠴᠢᠮ ᠢᠶᠠᠨ ᠴᠢᠩᠭᠠᠷᠠᠭᠤᠯᠵᠤ᠂ ᠭᠤᠣᠯᠳᠠᠯᠭ᠎ᠠ ᠲᠠᠢ ᠣᠷᠣᠨ ᠪᠦᠰᠡ᠂ ᠭᠤᠣᠯᠳᠠᠯᠭ᠎ᠠ ᠲᠠᠢ ᠣᠷᠣᠨ ᠪᠠᠶᠢᠷᠢ ᠶᠢ ᠪᠥᠬᠦ ᠲᠠᠯ᠎ᠠ ᠪᠠᠷ ᠵᠢᠭᠰᠠᠭᠠᠨ ᠪᠠᠶᠢᠴᠠᠭᠠᠵᠤ᠂ ᠠᠮᠤᠷ ᠲᠦᠪᠰᠢᠨ ᠤ ᠳᠠᠯᠳᠠ ᠬᠡᠮ ᠢ ᠴᠠᠭ ᠲᠤᠬᠠᠢ ᠳᠤᠨᠢ ᠠᠷᠢᠯᠭᠠᠨ᠂ ᠣᠯᠠᠨ ᠲᠦᠮᠡᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠢ ᠦᠨᠡᠨᠬᠦ ᠪᠠᠲᠤᠯᠠᠬᠤ ᠬᠡᠷᠡᠭᠲᠡᠢ ᠬᠡᠵᠡᠢ᠃
ᠢᠷᠡᠯᠲᠡ᠄ ᠳ᠋ᠦᠩᠱᠧᠩ ᠳᠤᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ