ᠳ᠋ᠦᠩᠱᠧᠩ ᠲᠣᠭᠤᠷᠢᠭ ᠰᠤᠶᠤᠯ ᠵᠤᠭᠠᠴᠠᠯ ᠤᠨ ᠦᠢᠯᠡᠰ ᠤᠨ ᠲᠡᠰ ᠲᠡᠪᠰᠢᠯᠳᠡ ᠶᠢ ᠠᠬᠢᠭᠤᠯᠵᠤ ᠪᠤᠢ
ᠨᠡᠶᠢᠲᠡᠯᠡᠭᠰᠡᠨ ᠴᠠᠭ᠄
2024/8/27
     ᠣᠶᠢᠷ᠎ᠠ ᠶᠢᠨ ᠵᠢᠯ ᠠᠴᠠ ᠨᠡᠰᠢ᠂ ᠳ᠋ᠦᠩᠱᠧᠩ ᠲᠣᠭᠤᠷᠢᠭ ᠨᠢ ᠡᠬᠢ ᠪᠠᠶᠠᠯᠢᠭ ᠤᠨ ᠳᠠᠪᠠᠭᠤᠯᠢᠭ ᠲᠠᠭᠠᠨ ᠰᠠᠭᠤᠷᠢᠯᠠᠨ᠂ ᠰᠣᠶᠣᠯ ᠵᠢᠭᠤᠯᠴᠢᠯᠠᠯ ᠤᠨ ᠡᠬᠢ ᠪᠠᠶᠠᠯᠢᠭ ᠤᠨ ᠳᠠᠪᠠᠭᠤᠯᠢᠭ ᠢᠶᠠᠨ ᠠᠵᠤ ᠦᠢᠯᠡᠰ ᠤᠨ ᠬᠥᠭᠵᠢᠯᠲᠡ ᠶᠢᠨ ᠳᠠᠪᠠᠭᠤᠯᠢᠭ ᠪᠣᠯᠭᠠᠨ ᠬᠤᠪᠢᠷᠠᠭᠤᠯᠵᠤ᠂ ᠠᠵᠤ ᠦᠢᠯᠡᠰ ᠤᠨ ︽ᠲᠤᠭ᠎ᠠ ᠬᠡᠮᠵᠢᠶ᠎ᠡ ᠠᠴᠠ ᠬᠡᠪ ᠴᠢᠨᠠᠷ ᠲᠡᠰᠢ ᠶᠢᠨ ᠬᠤᠪᠢᠷᠠᠭᠠᠯᠳᠡ︾  ᠶᠢ ᠠᠬᠢᠭᠤᠯᠵᠤ᠂ ︽ᠢᠳᠡᠵᠦ ᠤᠤᠭᠤᠬᠤ ᠬᠤᠨᠣᠵᠤ ᠬᠡᠪᠲᠡᠬᠦ᠂ ᠠᠶᠠᠯᠠᠨ ᠵᠤᠭᠠᠴᠠᠬᠤ︾ ᠶᠢᠨ ᠲᠤᠭᠤᠷᠢᠨ ᠳᠤ᠂ ᠨᠢᠭᠡ ᠪᠦᠯᠦᠭ ᠲᠠᠲᠠᠬᠤ ᠬᠦᠴᠦᠨ ᠲᠠᠢ ᠰᠣᠶᠣᠯ ᠂ ᠢᠳᠡᠭᠡᠨ ᠤᠮᠳᠠᠭᠠᠨ ᠵᠡᠷᠭᠡ ᠠᠭᠤᠰᠤᠯᠴᠠᠯ ᠤᠨ ᠲᠥᠷᠥᠯ ᠵᠦᠢᠯ ᠢ ᠡᠭᠦᠳᠴᠤ᠂  ᠤᠷᠳᠤᠰ ᠤᠨ ᠬᠡᠭᠡᠷ᠎ᠡ ᠶᠢᠨ ᠠᠮᠢᠳᠡᠨ  ᠤ ᠬᠦᠷᠢᠶᠡᠯᠡᠩ᠂  ᠵᠢᠤ ᠴᠸᠡᠭ ᠬᠦᠡᠭ ᠵᠡᠷᠭᠡ ᠵᠢᠭᠤᠯᠴᠢᠯᠠᠯ ᠤᠨ ᠭᠠᠵᠠᠷ ᠤᠨ ᠵᠤᠭᠠᠴᠠᠬᠰᠡᠳ ᠤᠯᠡᠮ ᠢᠶᠠᠷ ᠤᠯᠠᠰᠢᠷᠠᠵᠤ᠂  ᠳ᠋ᠦᠡᠭᠱᠸᠡᠭ ᠤᠨ ᠵᠢᠭᠤᠯᠴᠢᠯᠠᠯ ᠤᠨ ᠨᠡᠷᠡᠳᠤ ᠲᠡᠮᠳᠡᠭ ᠢ ᠤᠯᠠᠮ ᠰᠠᠶᠢᠨ ᠢᠯᠡᠷᠡᠭᠦᠯᠦᠭᠰᠡᠨ ᠪᠠᠶᠢᠨ᠎ᠠ᠃  ᠪᠦᠷᠢᠳᠭᠡᠯ ᠢ ᠦᠨᠳᠤᠰᠤᠯᠡᠪᠡᠯ᠂ 2023 ᠣᠨ ᠳᠤ᠂ ᠳ᠋ᠦᠡᠭᠱᠸᠡᠭ ᠲᠣᠭᠤᠷᠢᠭ ᠨᠡᠶᠢᠲᠡ 656.68 ᠲᠦᠮᠡᠨ ᠵᠤᠭᠠᠴᠠᠭᠰᠠᠳ ᠢ ᠬᠦᠯᠢᠶᠡᠨ ᠠᠪᠴᠤ᠂ ᠳᠡᠭᠡᠷ᠎ᠡ ᠵᠢᠯ ᠤᠨ ᠠᠳᠠᠯᠢ ᠬᠤᠭᠤᠴᠠᠭᠠᠨ ᠤ ᠬᠢ ᠠᠴᠠ 46.7 % ᠪᠠᠷ ᠨᠡᠮᠡᠭᠳᠡᠵᠦ᠂ ᠵᠤᠭᠠᠴᠠᠯ ᠤᠨ ᠣᠷᠣᠯᠭ᠎ᠠ ᠶᠢ 125.56 ᠳ᠋ᠦᠩᠰᠢᠭᠤᠷ ᠲᠥᠭᠦᠷᠢᠭ ᠪᠡᠶᠡᠯᠡᠭᠦᠯᠵᠦ᠂ ᠳᠡᠭᠡᠷ᠎ᠡ ᠵᠢᠯ ᠤᠨ ᠠᠳᠠᠯᠢ ᠬᠤᠭᠤᠴᠠᠭᠠᠨ ᠤ ᠬᠢ ᠠᠴᠠ 48.15 % ᠪᠠᠷ ᠨᠡᠮᠡᠭᠳᠡᠵᠡᠢ᠃     ᠤᠷᠳᠤᠰ ᠤᠨ ᠭᠡᠭᠡᠷ᠎ᠡ ᠶᠢᠨ ᠠᠮᠢᠳᠡᠨ ᠤ ᠬᠦᠷᠢᠶᠡᠯᠡᠩ ᠨᠢ ᠦᠢᠷ᠎ᠠ ᠤᠷᠴᠢᠮ ᠤᠨ ᠬᠤᠳᠠ ᠶᠢᠨ ᠠᠷᠠᠳ ᠪᠠ ᠭᠠᠳᠠᠨ᠎ᠠ ᠤᠷᠤᠨ ᠤ ᠵᠤᠭᠠᠴᠠᠬᠰᠡᠳ ᠤᠨ ᠪᠠᠶᠢᠡᠭᠭᠤ ᠤᠴᠢᠳᠠᠭ ᠭᠠᠵᠠᠷ ᠪᠤᠯᠤᠨ᠎ᠠ᠃  ᠲᠠᠪᠤᠨ ᠰᠠᠷ᠎ᠠ ᠶᠢᠨ ᠲᠠᠪᠤᠨ ᠤ ᠠᠮᠠᠷᠠᠯᠳᠡ ᠶᠢᠨ ᠬᠤᠭᠤᠴᠠᠭᠠᠨ ᠳᠤ᠂  ᠠᠳᠡ ᠤᠯᠡᠨ ᠠᠷᠪᠢᠨ ᠤᠳᠬ᠎ᠠ ᠠᠭᠤᠯᠭ᠎ᠠ ᠲᠠᠢ ᠠᠵᠢᠯᠯᠠᠭ᠎ᠠ ᠶᠢ ᠦᠷᠨᠢᠭᠦᠯᠵᠤ᠂  ᠪᠠᠷᠤᠭ 3.5106 ᠲᠦᠮᠡᠨ ᠬᠦᠮᠤᠨ ᠤᠳᠠᠭ᠎ᠠ ᠶᠢᠨ ᠵᠣᠭᠠᠴᠠᠬᠰᠡᠳ ᠢ ᠲᠠᠳᠠᠵᠤ᠂  ᠵᠤᠭᠠᠴᠠᠯ ᠤᠨ ᠤᠷᠤᠯᠭ᠎ᠠ ᠶᠢ 240.49 ᠲᠦᠮᠡᠨ ᠲᠦᠭᠦᠷᠢᠭ ᠪᠡᠶᠡᠯᠡᠭᠦᠯᠦᠭᠰᠡᠨ ᠪᠠᠶᠢᠨ᠎ᠠ᠃ ᠲᠤᠰ ᠠᠮᠢᠳᠡᠨ ᠤ ᠬᠦᠷᠢᠶᠡᠯᠡᠩ ᠨᠢ ᠤᠳᠤ ᠪᠠᠰᠨ 2 ᠲᠦᠮᠡᠨ ᠲᠡᠭᠰᠢ ᠲᠦᠷᠪᠡᠯᠵᠢᠨ ᠮᠧᠲᠷ ᠤᠨ ᠡᠵᠡᠯᠡᠬᠦ ᠭᠠᠵᠠᠷ  ᠤᠨ ᠲᠠᠯᠠᠪᠠᠢ ᠪᠦᠭᠦᠢ ᠭᠡᠷ ᠤᠨ ᠭᠠᠳᠠᠨᠠᠬᠢ ᠡᠩᠭᠦᠷᠡᠢ ᠠᠮᠢᠳᠡᠨ ᠤ ᠬᠦᠷᠢᠶᠡᠯᠡᠩ ᠢ ᠰᠢᠨ᠎ᠡ ᠪᠠᠷ ᠪᠠᠶᠢᠭᠤᠯᠵᠤ᠂  ᠵᠤᠭᠠᠴᠡᠨ ᠲᠤᠭᠤᠷᠢᠬᠰᠡᠳ ᠤᠨ ᠪᠠᠭ᠋ᠠᠷᠬᠠᠯ ᠢ ᠤᠯᠠᠮ  ᠢᠶᠠᠷ ᠲᠠᠳᠠᠵᠤ ᠪᠤᠢ᠃ ᠾᠧᠨᠠᠨ ᠤ ᠵᠤᠭᠠᠴᠠᠬᠴᠢ ᠬᠤᠸᠠᠩ ᠪᠧᠨ ᠶᠤᠸᠠᠨ ᠶᠠᠷᠢᠬᠤ ᠳᠤ ᠪᠠᠨ᠄  ︽  ᠪᠢ ᠠᠩᠬ᠎ᠠ ᠤᠳᠠᠭ᠎ᠠ ᠠᠳᠡ ᠢᠷᠡᠭᠰᠡᠨ ᠶᠤᠮ᠂ ᠠᠳᠡ ᠦᠨᠡᠭᠡᠷ ᠠᠮᠢᠳᠡᠨ ᠤ ᠲᠦᠷᠦᠯ ᠵᠦᠢᠯ ᠪᠡ ᠲᠤᠭ᠎ᠠ ᠬᠡᠮᠵᠢᠶ᠎ᠡ ᠪᠦᠷ ᠲᠤᠩ ᠤᠯᠡᠨ᠂  ᠪᠠᠰᠨ ᠦᠷᠭᠦᠯᠵᠢ ᠡᠯᠳᠡᠪ ᠵᠦᠢᠯ ᠤᠨ ᠠᠵᠢᠯᠯᠠᠭ᠎ᠠ ᠦᠷᠨᠢᠭᠦᠯᠵᠤ ᠪᠠᠶᠢᠬᠤ ᠨᠢ ᠮᠡᠳᠡᠭᠳᠡᠮ᠎ᠡ ᠬᠠᠷᠠᠬᠳᠠᠵᠤ ᠪᠠᠶᠢᠨ᠎ᠠ᠃  ᠬᠤᠶᠢᠰᠢᠳᠡ ᠭᠡᠷ ᠤᠨ ᠬᠦᠮᠤᠰ ᠢᠶᠠᠨ ᠲᠠᠭᠠᠭᠤᠯᠵᠤ ᠪᠠᠰᠨ ᠲᠠᠬᠢᠨᠳᠡ ᠢᠷᠡᠶ᠎ᠡ ᠭᠡᠵᠤ ᠪᠤᠳᠤᠵᠤ ᠪᠠᠶᠢᠨ᠎ᠠ︾ ᠭᠡᠵᠤ ᠪᠠᠶᠢᠯ᠎ᠠ᠃     ᠮᠠᠰᠢ ᠣᠯᠠᠨ ᠵᠤᠭᠠᠴᠠᠭᠰᠠᠳ ᠵᠢᠦ ᠴᠧᠩ ᠬᠦᠩ ᠲᠠᠯ᠎ᠠ ᠨᠤᠲᠤᠭ ᠤᠨ ᠮᠠᠩᠬᠠᠨ ᠰᠣᠶᠣᠯ ᠤᠨ ᠵᠤᠭᠠᠴᠠᠯ ᠤᠨ ᠣᠷᠣᠨ ᠤ ᠸᠧᠨᠢᠼᠢᠶ᠎ᠡ ᠴᠡᠩᠭᠡᠯ ᠤᠨ ᠬᠦᠷᠢᠶᠡᠯᠡᠩ  ᠢ ᠲᠥᠷᠥᠯ ᠰᠠᠳᠤᠨ ᠬᠠᠮᠳᠤ ᠪᠠᠷ ᠵᠤᠭᠠᠴᠠᠬᠤ ᠲᠡᠷᠢᠭᠦᠨ ᠰᠤᠩᠭᠤᠯᠳᠡ ᠶᠢᠨ ᠭᠠᠵᠠᠷ ᠢᠶᠠᠷ ᠦᠵᠡᠳᠡᠭ᠃ ᠣᠶᠢᠯᠠᠭᠠᠭᠰᠠᠨ ᠢᠶᠠᠷ᠂ ᠸᠧᠨᠢᠼᠢᠶ᠎ᠠ ᠴᠡᠩᠭᠡᠯ ᠤᠨ ᠬᠦᠷᠢᠶᠡᠯᠡᠩ ᠳᠤ 12 ᠲᠥᠷᠥᠯ ᠤᠨ 50 ᠭᠠᠷᠤᠢ ᠵᠦᠢᠯ ᠤᠨ ᠳᠤᠷ᠎ᠠ ᠰᠣᠨᠢᠷᠬᠠᠯ ᠲᠠᠢ ᠨᠠᠭᠠᠳᠤᠮ ᠲᠣᠭᠯᠠᠭᠠᠮ ᠤᠨ ᠲᠥᠬᠦᠭᠡᠷᠦᠮᠵᠢ ᠲᠠᠢ ᠪᠠᠶᠢᠵᠤ ᠵᠤᠭᠠᠴᠠᠬᠰᠠᠳ ᠪᠦᠳᠦᠨ ᠨᠢᠭᠡ ᠡᠳᠤᠷ ᠢᠶᠠᠷ ᠨᠠᠭᠠᠳᠤᠨ ᠲᠤᠬᠯᠠᠵᠤ ᠲᠠᠶᠢᠯᠳᠡᠭ᠃     ︽ᠲᠠᠪᠤᠨ ᠰᠠᠷ᠎ᠠ ᠶᠢᠨ ᠰᠢᠨ᠎ᠡ ᠶᠢᠨ ᠲᠠᠪᠤᠨ ᠤ ᠪᠠᠶᠠᠷ ᠤᠨ ᠬᠤᠭᠤᠴᠠᠭᠠᠨ ᠳᠤ᠂ ᠮᠠᠨ ᠤ ᠦᠵᠡᠮᠵᠢ ᠶᠢᠨ ᠣᠷᠣᠨ ᠤ ᠵᠤᠭᠠᠴᠠᠭᠰᠠᠳ ᠤᠨ ᠲᠤᠭ᠎ᠠ ᠡᠳᠤᠷ ᠠᠴᠠ ᠡᠳᠤᠷ ᠨᠡᠮᠡᠭᠳᠡᠵᠤ  ᠪᠠᠶᠢᠬᠰᠡᠨ ᠶᠤᠮ᠃ ᠦᠵᠡᠮᠵᠢ ᠶᠢᠨ ᠣᠷᠣᠨ ᠢ ᠤᠯᠠᠮ ᠰᠠᠶᠢᠵᠢᠷᠠᠭᠤᠯᠬᠤ ᠡᠭᠦᠳᠡᠨ ᠠᠴᠠ ᠵᠢᠦ ᠴᠧᠩ ᠬᠦᠩ ᠮᠤᠷᠢᠨ ᠰᠣᠶᠣᠯ ᠤᠨ ᠣᠶᠢᠯᠠᠭᠠᠯᠲᠠ ᠶᠢᠨ ᠬᠦᠷᠢᠶᠡᠯᠡᠩ ᠵᠡᠷᠭᠡ ᠶᠢ ᠤᠳᠤ ᠶᠠᠭ ᠪᠠᠶᠢᠭᠤᠯᠵᠤ ᠪᠠᠶᠢᠬᠤ ᠱᠠᠳᠤᠨ ᠳᠤ ᠪᠠᠨ ᠪᠠᠶᠢᠵᠤ᠂  ᠪᠠᠷᠢᠯᠭ᠎ᠠ ᠶᠢᠨ ᠭᠤᠤᠯ ᠴᠤᠬᠴᠨ ᠶᠢ ᠨᠢᠭᠡᠨᠳᠡ ᠪᠠᠶᠢᠭᠤᠯᠵᠤ ᠲᠠᠭᠤᠰᠬᠠᠨ᠂  ᠤᠳᠠᠯ ᠦᠭᠡᠢ ᠠᠰᠢᠬᠯᠠᠯᠳᠡ ᠳᠤ ᠤᠷᠤᠭᠤᠯᠬᠤ ᠪᠠᠷ ᠪᠠᠶᠢᠨ᠎ᠠ ︾ ᠭᠡᠵᠤ ᠵᠢᠦ ᠴᠧᠩ ᠬᠦᠩ ᠲᠠᠯ᠎ᠠ ᠨᠤᠲᠤᠭ ᠤᠨ ᠮᠠᠩᠬᠠᠨ ᠰᠣᠶᠣᠯ ᠤᠨ ᠵᠤᠭᠠᠴᠠᠯ ᠤᠨ  ᠭᠠᠵᠠᠷ ᠤᠨ ᠰᠢᠨ᠎ᠡ ᠵᠠᠭᠤᠴᠢᠯᠠᠭᠤᠷ ᠤᠨ ᠡᠵᠡᠩᠨᠡᠯᠳᠡ ᠶᠢᠨ ᠰᠠᠯᠠᠭᠠᠨ ᠤ ᠬᠠᠷᠢᠭᠤᠴᠠᠯᠭᠠᠳᠡᠨ ᠱᠸᠡᠭ ᠱᠤᠸᠠᠢ ᠰᠤᠷᠪᠤᠯᠵᠢᠯᠠᠭ᠎ᠠ ᠬᠦᠯᠢᠶᠡᠬᠦ ᠳᠡᠭᠡᠨ ᠶᠠᠷᠢᠵᠤ ᠪᠠᠶᠢᠯ᠎ᠠ᠃     ᠳᠠᠷᠠᠭᠠᠴᠢ ᠶᠢᠨ ᠠᠯᠬᠤᠮ ᠳᠤ᠂ ᠳ᠋ᠦᠩᠱᠧᠩ ᠲᠣᠭᠤᠷᠢᠭ ᠨᠢ ᠡᠬᠢ ᠪᠠᠶᠠᠯᠢᠭ ᠢ ᠨᠡᠶᠢᠳᠬᠡᠵᠦ ᠨᠡᠭᠡᠭᠡᠨ ᠬᠥᠭᠵᠢᠭᠦᠯᠵᠦ ᠳᠡᠭᠡᠭᠰᠢᠯᠡᠭᠦᠯᠬᠦ᠂ ᠠᠵᠤ ᠦᠢᠯᠡᠰ ᠢ ᠠᠭᠤᠰᠤᠯᠴᠠᠭᠤᠯᠤᠨ ᠬᠥᠭᠵᠢᠭᠦᠯᠵᠦ ᠳᠡᠭᠡᠭᠰᠢᠯᠡᠭᠦᠯᠬᠦ᠂ ᠵᠠᠬ᠎ᠠ ᠳᠡᠯᠭᠡᠭᠦᠷ ᠤᠨ ᠬᠢᠨᠠᠨ ᠬᠠᠮᠢᠶᠠᠷᠤᠯᠲᠠ ᠶᠢᠨ ᠦᠢᠯᠡᠴᠢᠯᠡᠭᠡ ᠶᠢ ᠳᠡᠭᠡᠭᠰᠢᠯᠡᠭᠦᠯᠬᠦ᠂ ᠤᠬᠠᠭᠤᠯᠤᠨ ᠰᠤᠷᠲᠠᠯᠴᠢᠯᠠᠵᠤ ᠳᠡᠯᠭᠡᠷᠡᠭᠦᠯᠵᠤ ᠲᠡᠭᠡᠭᠰᠢᠯᠡᠭᠦᠯᠬᠦ ᠵᠡᠷᠭᠡ ᠣᠯᠠᠨ ᠵᠦᠢᠯ ᠤᠨ ᠳᠡᠰ ᠳᠡᠪᠰᠢᠭᠦᠯᠬᠦ ᠠᠵᠢᠯᠯᠠᠭ᠎ᠠ ᠶᠢ ᠶᠡᠬᠡᠪᠡᠷ ᠬᠡᠷᠡᠭᠵᠢᠭᠦᠯᠵᠦ᠂ ᠰᠣᠶᠣᠯ ᠵᠤᠭᠠᠴᠠᠯ ᠤᠨ ᠠᠵᠤ ᠦᠢᠯᠡᠰ ᠤᠨ ᠬᠥᠭᠵᠢᠯᠲᠡ ᠶᠢᠨ ᠲᠦᠪᠰᠢᠨ ᠢ ᠪᠦᠬᠦ ᠲᠠᠯ᠎ᠠ ᠪᠠᠷ ᠳᠡᠭᠡᠭᠰᠢᠯᠡᠭᠦᠯᠵᠦ᠂ ᠰᠣᠶᠣᠯ ᠵᠤᠭᠠᠴᠠᠯ ᠤᠨ ᠠᠵᠤ ᠦᠢᠯᠡᠰ ᠤᠨ ᠥᠷᠨᠢᠭᠦᠨ ᠬᠥᠭᠵᠢᠯᠲᠡ ᠶᠢᠨ ᠰᠢᠨ᠎ᠡ ᠪᠠᠶᠢᠷᠢᠰᠢᠯ ᠢ ᠪᠣᠢ ᠪᠤᠯᠭᠠᠬᠤ ᠪᠤᠯᠤᠨ᠎ᠠ᠃ 
ᠢᠷᠡᠯᠲᠡ᠄ ᠤᠷᠳᠤᠰ ᠡᠳᠦᠷ ᠤᠨ ᠰᠤᠨᠢᠨ