ᠳᠤᠭᠤᠷᠢᠭ ᠤᠨ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶ᠎ᠠ ᠬᠤᠷᠠᠯ ᠬᠤᠷᠠᠯᠳᠤᠭᠤᠯᠵᠤ ᠰᠢ ᠶᠢᠨ ᠫᠢᠩ ᠶᠡᠷᠦᠩᠬᠡᠢ ᠱᠦᠵᠢ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠰᠤᠷᠤᠯᠴᠠᠨ ᠲᠤᠤᠱᠯᠠᠭᠤᠯᠵᠤ ᠦᠨᠳᠦᠰᠦᠨ ᠱᠠᠲᠤᠨ ᠤ ᠳᠠᠷᠤᠭᠠᠰᠤ ᠶᠢ ᠬᠥᠩᠭᠡᠷᠡᠭᠦᠯᠬᠦ᠂ ︽ᠲᠠᠪᠤᠨ ᠶᠡᠭᠡ ᠡᠭᠦᠷᠭᠡ︾ ᠶᠢᠨ ᠨᠠᠶᠢᠳᠠᠪᠤᠷᠢᠵᠢᠭᠤᠯᠤᠯᠳᠠ ᠶᠢ ᠠᠬᠢᠭᠤᠯᠬᠤ᠂ ᠲᠡᠦᠬᠡ ᠶᠢᠨ ᠳᠤᠷᠠᠰᠬᠠᠯᠲᠤ ᠵᠦᠢᠯᠡᠰ ᠢ ᠬᠠᠮᠠᠭᠠᠯᠠᠬᠤ ᠵᠡᠷᠭᠡ ᠠᠵᠢᠯ ᠢ ᠰᠤᠳᠤᠯᠤᠨ ᠪᠠᠶᠢᠷᠢᠯᠠᠭᠤᠯᠪᠠ
ᠨᠡᠶᠢᠲᠡᠯᠡᠭᠰᠡᠨ ᠴᠠᠭ᠄
2024/8/28
      8 ᠰᠠᠷ᠎ᠠ ᠶᠢᠨ 27 ᠤ ᠡᠳᠦᠷ᠂ ᠳᠤᠭᠤᠷᠢᠭ ᠤᠨ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶ᠎ᠠ ᠬᠤᠷᠠᠯ ᠬᠤᠷᠠᠯᠳᠤᠭᠤᠯᠵᠤ᠂ ᠰᠢ ᠶᠢᠨ ᠫᠢᠩ ᠶᠡᠷᠦᠩᠬᠡᠢ ᠱᠦᠵᠢ ᠶᠢᠨ ᠴᠢᠬᠤᠯᠠ ᠶᠠᠷᠢᠶ᠎ᠠ ᠴᠢᠬᠤᠯᠠ ᠵᠣᠬᠢᠶᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠤᠱᠯᠠᠭᠤᠯᠵᠤ᠂ ᠦᠨᠳᠦᠰᠦᠨ ᠱᠠᠲᠤᠨ ᠤ ᠳᠠᠷᠤᠭᠠᠰᠤ ᠶᠢ ᠬᠥᠩᠭᠡᠷᠡᠭᠦᠯᠬᠦ᠂ ︽ᠲᠠᠪᠤᠨ ᠶᠡᠭᠡ ᠡᠭᠦᠷᠭᠡ︾ ᠶᠢᠨ ᠨᠠᠶᠢᠳᠠᠪᠤᠷᠢᠵᠢᠭᠤᠯᠤᠯᠳᠠ ᠶᠢ ᠠᠬᠢᠭᠤᠯᠬᠤ᠂ ᠲᠡᠦᠬᠡ ᠶᠢᠨ ᠳᠤᠷᠠᠰᠬᠠᠯᠲᠤ ᠵᠦᠢᠯᠡᠰ ᠢ ᠬᠠᠮᠠᠭᠠᠯᠠᠬᠤ ᠵᠡᠷᠭᠡ ᠠᠵᠢᠯ ᠢ ᠰᠤᠳᠤᠯᠤᠨ ᠪᠠᠶᠢᠷᠢᠯᠠᠭᠤᠯᠪᠠ᠃ ᠣᠷᠳᠣᠰ ᠤᠨ ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠤᠨ ᠨᠡᠭᠡᠭᠡᠯᠲᠡ ᠶᠢᠨ ᠲᠣᠭᠤᠷᠢᠭ ᠤᠨ ᠨᠠᠮ ᠤᠨ ᠠᠵᠢᠯᠯᠠᠬᠤ ᠬᠤᠷᠢᠶᠠᠨ ᠤ ᠱᠦᠵᠢ᠂ ᠳ᠋ᠦᠩᠱᠧᠩ ᠲᠣᠭᠤᠷᠢᠭ ᠤᠨ ᠨᠠᠮ ᠤᠨ ᠬᠤᠷᠢᠶᠠᠨ ᠤ ᠱᠦᠵᠢ ᠭᠤᠸ ᠢ ᠳ᠋ᠦᠩ ᠬᠤᠷᠠᠯ ᠢ ᠡᠷᠭᠢᠯᠡᠪᠡ᠃       ᠬᠤᠷᠠᠯ ᠠᠴᠠ᠂ ᠶᠡᠷᠦᠩᠬᠡᠢ ᠱᠦᠵᠢ ᠰᠢ ᠶᠢᠨ ᠫᠢᠩ ᠤᠨ 33 ᠳ᠋ᠤᠭᠠᠷ ᠬᠤᠭᠤᠴᠠᠭᠠᠨ ᠤ ᠣᠯᠢᠮᠫᠢᠺ ᠤᠨ ᠲᠠᠮᠢᠷ ᠤᠨ ᠴᠤᠭᠯᠠᠭᠠᠨ ᠤ ᠳᠤᠮᠳᠠᠳᠤ ᠤᠯᠤᠰ ᠤᠨ ᠪᠡᠶ᠎ᠡ ᠶᠢᠨ ᠲᠠᠮᠢᠷ ᠤᠨ ᠲᠥᠯᠥᠭᠡᠯᠡᠭᠴᠢᠳ ᠤᠨ ᠪᠦᠯᠬᠦᠮ ᠢ ᠬᠦᠯᠢᠶᠡᠨ ᠠᠪᠴᠤ ᠠᠭᠤᠯᠵᠠᠬᠤ ᠦᠶ᠎ᠡ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠳᠤᠮᠳᠠᠳᠤ ᠶᠢᠨ ᠪᠡᠶ᠎ᠡ ᠶᠢᠨ ᠲᠠᠮᠢᠷ ᠤᠨ ᠵᠣᠷᠢᠭ ᠰᠠᠨᠠᠭ᠎ᠠ ᠶᠢ ᠪᠠᠳᠠᠷᠠᠭᠤᠯᠤᠨ᠂ ᠪᠡᠶ᠎ᠡ ᠶᠢᠨ ᠲᠠᠮᠢᠷ ᠤᠨ ᠦᠢᠯᠡᠰ ᠢ ᠶᠡᠬᠡᠪᠡᠷ ᠬᠥᠭᠵᠢᠭᠦᠯᠵᠦ᠂ ᠪᠦᠬᠦ ᠠᠷᠠᠳ ᠤᠨ ᠪᠡᠶ᠎ᠡ ᠮᠠᠬᠠᠪᠤᠳ ᠢᠶᠠᠨ ᠴᠢᠭᠢᠷᠠᠭᠵᠢᠭᠤᠯᠬᠤ ᠪᠠ ᠪᠦᠬᠦ ᠠᠷᠠᠳ ᠤᠨ ᠡᠷᠡᠭᠦᠯ ᠮᠡᠨᠳᠦ ᠶᠢᠨ ᠭᠦᠨᠵᠡᠭᠡᠢ ᠠᠭᠤᠰᠤᠯᠴᠠᠯ ᠢ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃       ᠬᠤᠷᠠᠯ ᠠᠴᠠ᠂ ᠰᠢ ᠶᠢᠨ ᠫᠢᠩ ᠶᠡᠷᠦᠩᠬᠡᠢ ᠱᠦᠵᠢ ᠶᠢᠨ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠳ᠋ᠧᠩ ᠰᠢᠶᠣᠣ ᠫᠢᠩ ᠨᠥᠬᠦᠷ ᠤᠨ ᠮᠡᠨᠳᠦᠯᠡᠭᠰᠡᠨ 120 ᠵᠢᠯ ᠤᠨ ᠤᠢ ᠶᠢ ᠳᠤᠷᠠᠰᠬᠠᠬᠤ ᠶᠠᠷᠢᠯᠴᠠᠬᠤ ᠬᠤᠷᠠᠯ ᠳᠡᠭᠡᠷ᠎ᠡ ᠬᠢᠭᠰᠡᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠳ᠋ᠧᠩ ᠰᠢᠶᠣᠣ ᠫᠢᠩ ᠤᠨ ᠤᠨᠤᠯ ᠢ ᠦᠷᠭᠦᠯᠵᠢᠯᠡᠨ ᠭᠦᠨᠵᠡᠭᠡᠢ ᠰᠤᠷᠤᠯᠴᠠᠨ ᠬᠡᠷᠡᠭᠯᠡᠵᠦ᠂ ᠤᠭ ᠰᠠᠨᠠᠭ᠎ᠠ ᠪᠠᠨ ᠦᠯᠦ ᠮᠠᠷᠲᠠᠵᠤ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠵᠦ᠂ ᠮᠠᠨ ᠤ  ᠳᠤᠭᠤᠷᠢᠭ ᠤᠨ ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠳᠤ ᠨᠡᠩ ᠶᠡᠭᠡ ᠰᠢᠨ᠎ᠡ ᠦᠷ᠎ᠡ ᠪᠦᠲᠦᠮᠵᠢ ᠣᠯᠬᠤ ᠶᠢ ᠡᠷᠡᠰ ᠭᠤᠶᠢᠪᠢᠰᠢ ᠦᠭᠡᠢ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃       ᠬᠤᠷᠠᠯ ᠠᠴᠠ᠂ 8 ᠰᠠᠷ᠎ᠠ ᠶᠢᠨ 23 ᠤ ᠡᠳᠦᠷ ᠤᠨ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠤᠯᠤᠰ ᠲᠦᠷᠦ ᠶᠢᠨ ᠲᠣᠪᠴᠢᠶᠠᠨ ᠤ ᠬᠤᠷᠠᠯ ᠤᠨ ᠵᠣᠷᠢᠭ ᠰᠠᠨᠠᠭ᠎ᠠ ︵︽ᠪᠠᠷᠠᠭᠤᠨ ᠣᠷᠣᠨ ᠢ ᠶᠡᠬᠡᠪᠡᠷ ᠨᠡᠭᠡᠭᠡᠨ ᠬᠥᠭᠵᠢᠭᠦᠯᠬᠦ ᠰᠢᠨ᠎ᠡ ᠪᠠᠶᠢᠷᠢᠰᠢᠯ ᠢ ᠪᠦᠷᠢᠯᠳᠦᠭᠦᠯᠬᠦ ᠶᠢ ᠴᠢᠨᠠᠭᠰᠢᠳᠠ ᠠᠬᠢᠭᠤᠯᠬᠤ ᠲᠦᠷᠦ ᠶᠢᠨ ᠪᠣᠳᠣᠯᠭ᠎ᠠ ᠠᠷᠭ᠎ᠠ ᠬᠡᠮᠵᠢᠶ᠎ᠡ ᠨᠦᠭᠦᠳ︾ ᠬᠢᠨᠠᠨ ᠵᠦᠪᠯᠡᠭᠰᠡᠨ︶  ᠶᠢ ᠤᠯᠠᠮᠵᠢᠯᠠᠨ ᠰᠤᠷᠤᠯᠴᠠᠪᠠ᠃ ᠨᠠᠮ ᠤᠨ ᠲᠥᠪ ᠬᠤᠷᠢᠶᠠᠨ ᠤ ᠪᠠᠶᠢᠯᠳᠤᠬᠤ ᠪᠣᠳᠣᠯᠭ᠎ᠠ ᠶᠢᠨ ᠵᠣᠷᠢᠯᠲᠠ ᠶᠢ ᠭᠦᠨᠵᠡᠭᠡᠢ ᠣᠶᠢᠯᠠᠭᠠᠵᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠬᠤ ᠶᠠᠪᠤᠴᠠ ᠳᠠᠬᠢ ᠪᠠᠷᠠᠭᠤᠨ ᠣᠷᠣᠨ ᠢ ᠶᠡᠬᠡᠪᠡᠷ ᠨᠡᠭᠡᠭᠡᠨ ᠬᠥᠭᠵᠢᠭᠦᠯᠬᠦ ᠠᠵᠢᠯ ᠤᠨ ᠪᠠᠶᠢᠷᠢ ᠲᠣᠭᠲᠠᠭᠠᠯᠲᠠ ᠪᠠ ᠡᠭᠦᠷᠭᠡ ᠶᠢ ᠣᠨᠣᠪᠴᠢᠲᠠᠢ ᠡᠵᠡᠮᠳᠡᠵᠦ᠂ ᠪᠣᠳᠠᠲᠠᠢ ᠳᠤ ᠰᠠᠭᠤᠷᠢᠯᠠᠵᠤ᠂ ᠤᠨᠢᠨ ᠳᠡᠭᠡᠷ᠎ᠡ ᠨᠢ ᠬᠦᠴᠦᠯᠡᠵᠦ᠂ ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠲᠤᠤᠱᠯᠠᠭᠤᠯᠤᠨ ᠨᠠᠶᠢᠳᠠᠪᠤᠷᠢᠵᠢᠭᠤᠯᠬᠤ ᠶᠢ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃       ᠬᠤᠷᠠᠯ ᠠᠴᠠ᠂ ᠨᠠᠮ ᠤᠨ ᠲᠥᠪ ᠬᠤᠷᠢᠶᠠᠨ ᠤ ᠠᠯᠪᠠᠨ ᠲᠢᠩᠬᠢᠮ᠂ ᠲᠦᠷᠦ ᠶᠢᠨ ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ ᠤᠨ ︽ᠬᠡᠯᠪᠡᠷᠢᠴᠢ ᠦᠵᠡᠯ ᠢ ᠴᠡᠭᠴᠡᠯᠡᠨ ᠵᠠᠰᠠᠵᠤ ᠦᠨᠳᠦᠰᠦᠨ ᠱᠠᠲᠤᠨ ᠤ ᠳᠠᠷᠤᠭᠠᠰᠤ ᠶᠢ ᠬᠥᠩᠭᠡᠷᠡᠭᠦᠯᠬᠦ ᠲᠤᠬᠠᠢ ᠲᠣᠭᠲᠠᠭᠠᠯ ᠤᠳ︾ ᠪᠣᠯᠣᠨ ᠲᠥᠪ ᠤᠨ ᠳᠡᠰ ᠤᠨ ᠬᠡᠯᠪᠡᠷᠢᠴᠢ ᠦᠵᠡᠯ ᠢ ᠴᠡᠭᠴᠡᠯᠡᠨ ᠵᠠᠰᠠᠵᠤ ᠦᠨᠳᠦᠰᠦᠨ ᠱᠠᠲᠤᠨ ᠤ ᠳᠠᠷᠤᠭᠠᠰᠤ ᠶᠢ ᠬᠥᠩᠭᠡᠷᠡᠭᠦᠯᠬᠦ ᠲᠤᠰᠬᠠᠢ ᠠᠵᠢᠯ ᠤᠨ ᠲᠣᠭᠲᠠᠴᠠ ᠶᠢᠨ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠬᠤᠷᠠᠯ ᠤᠨ ᠵᠣᠷᠢᠭ ᠰᠠᠨᠠᠭ᠎ᠠ ᠶᠢ ᠰᠠᠶᠢᠲᠤᠷ ᠤᠯᠠᠮᠵᠢᠯᠠᠨ ᠲᠤᠤᠱᠯᠠᠭᠤᠯᠵᠤ᠂ ᠳᠡᠭᠡᠳᠦ ᠱᠠᠲᠤ ᠨᠢ ᠳᠣᠣᠷᠠᠳᠤ ᠱᠠᠲᠤ ᠪᠠᠨ ᠳᠠᠭᠠᠭᠤᠯᠬᠤ ᠶᠢ ᠪᠠᠷᠢᠮᠳᠠᠯᠠᠨ᠂ ᠲᠣᠭᠲᠠᠭᠠᠯ ᠤᠨ ᠱᠠᠭᠠᠷᠳᠠᠯᠭ᠎ᠠ ᠶᠢ ᠡᠯ᠎ᠡ ᠬᠦᠷᠢᠶ᠎ᠡ ᠡᠯ᠎ᠡ ᠭᠤᠭᠴᠤᠭ᠎ᠠ ᠳᠤ ᠨᠠᠶᠢᠳᠠᠪᠤᠷᠢᠵᠢᠭᠤᠯᠵᠤ᠂ ᠦᠨᠳᠦᠰᠦᠨ ᠱᠠᠲᠤᠨ ᠤ ᠳᠠᠷᠤᠭᠠᠰᠤ ᠶᠢ ᠦᠨᠡᠨᠬᠦ ᠬᠥᠩᠭᠡᠷᠡᠭᠦᠯᠦᠨ ᠴᠢᠳᠠᠪᠤᠷᠢ ᠣᠯᠭᠤᠬᠤ ᠬᠡᠷᠡᠭᠲᠡᠢ ᠭᠡᠵᠦ ᠴᠢᠬᠤᠯᠠᠴᠢᠯᠠᠪᠠ᠃       ᠬᠤᠷᠠᠯ ᠠᠴᠠ᠂ ᠰᠢ ᠶᠢᠨ ᠫᠢᠩ ᠶᠡᠷᠦᠩᠬᠡᠢ ᠱᠦᠵᠢ ᠶᠢᠨ ᠥᠪᠥᠷ ᠮᠣᠩᠭᠤᠯ ᠳᠤ ᠲᠤᠰᠢᠶᠠᠭᠰᠠᠨ ︽ᠲᠠᠪᠤᠨ ᠶᠡᠭᠡ ᠡᠭᠦᠷᠭᠡ︾ ᠶᠢ ᠲᠤᠤᠱᠯᠠᠭᠤᠯᠤᠨ ᠨᠠᠶᠢᠳᠠᠪᠤᠷᠢᠵᠢᠭᠤᠯᠤᠭᠰᠠᠨ ᠠᠵᠢᠯ ᠤᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠠᠵᠢᠯ ᠤᠨ ᠠᠷᠭ᠎ᠠ ᠬᠡᠮᠵᠢᠶ᠎ᠡ ᠪᠠᠨ ᠴᠢᠩᠭᠠᠳᠬᠠᠨ᠂ ᠲᠠᠷᠢᠶᠠᠯᠠᠩ ᠮᠠᠯ ᠠᠵᠤ ᠠᠬᠤᠢ ᠶᠢᠨ ᠠᠵᠤ ᠦᠢᠯᠡᠰ ᠤᠨ ᠬᠥᠭᠵᠢᠯᠲᠡ᠂ ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ᠂ ᠰᠢᠨ᠎ᠡ ᠡᠨᠧᠷᠭᠢ ᠶᠢᠨ ᠠᠵᠤ ᠦᠢᠯᠡᠰ ᠤᠨ ᠬᠥᠭᠵᠢᠯᠲᠡ᠂ ᠭᠠᠳᠠᠭᠠᠳᠤ ᠯᠤᠭ᠎ᠠ ᠶᠢᠨ ᠬᠠᠮᠲᠤᠷᠠᠯᠴᠠᠭ᠎ᠠ ᠰᠣᠯᠢᠯᠴᠠᠭ᠎ᠠ᠂ ᠠᠮᠤᠷ ᠲᠦᠪᠰᠢᠨ ᠲᠣᠭᠲᠠᠭᠤᠨ ᠵᠡᠷᠭᠡ ᠲᠠᠯ᠎ᠠ ᠪᠠᠷ ᠦᠷᠭᠦᠯᠵᠢᠯᠡᠨ ᠬᠦᠴᠦᠯᠡᠵᠦ᠂ ᠭᠤᠣᠯᠳᠠᠯᠭ᠎ᠠ ᠲᠠᠢ ᠲᠥᠷᠥᠯ ᠵᠦᠢᠯ᠂ ᠪᠣᠬᠢᠷᠲᠤᠯ ᠢ ᠰᠡᠷᠭᠡᠶᠢᠯᠡᠨ ᠵᠠᠰᠠᠬᠤ᠂ ᠠᠶᠤᠯᠭᠦᠢ ᠦᠢᠯᠡᠳᠪᠤᠷᠢᠯᠡᠯ ᠵᠡᠷᠭᠡ ᠡᠯ᠎ᠡ ᠵᠦᠢᠯ ᠤᠨ ᠠᠵᠢᠯ ᠢ ᠪᠥᠬᠦ ᠬᠦᠴᠦᠨ ᠢᠶᠠᠷ ᠢᠶᠠᠨ ᠠᠬᠢᠭᠤᠯᠵᠤ᠂ ︽ᠲᠠᠪᠤᠨ ᠶᠡᠭᠡ ᠡᠭᠦᠷᠭᠡ︾ ᠶᠢ ᠥᠨᠳᠥᠷ ᠪᠦᠲᠦᠮᠵᠢᠲᠡᠶ ᠪᠥᠭᠡᠳ ᠴᠢᠨᠠᠷ ᠰᠠᠶᠢᠲᠠᠢ ᠨᠠᠶᠢᠳᠠᠪᠤᠷᠢᠵᠢᠭᠤᠯᠬᠤ ᠶᠢ ᠡᠷᠡᠰ ᠬᠦᠴᠦᠲᠡᠢ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃       ᠬᠤᠷᠠᠯ ᠠᠴᠠ᠂ ᠳ᠋ᠦᠩᠱᠧᠩ ᠲᠣᠭᠤᠷᠢᠭ ᠤᠨ ᠤᠯᠤᠰ ᠤᠨ ᠪᠠᠲᠤᠯᠠᠨ ᠬᠠᠮᠠᠭᠠᠯᠠᠯᠲᠠ ᠶᠢᠨ ᠬᠥᠮᠦᠵᠢᠯ ᠤᠨ ᠠᠵᠢᠯ᠂ ᠦᠵᠡᠯ ᠰᠠᠨᠠᠭ᠎ᠠ ᠤᠯᠤᠰ ᠲᠦᠷᠦ ᠵᠢᠴᠢ ᠦᠵᠡᠯ ᠰᠠᠨᠠᠭ᠎ᠠ ᠤᠯᠤᠰ ᠲᠦᠷᠦ ᠶᠢᠨ ᠬᠢᠴᠢᠶᠡᠯ ᠤᠨ ᠠᠵᠢᠯ᠂ ᠨᠠᠰᠤᠨ ᠳᠤ ᠦᠯᠦ ᠬᠦᠷᠦᠭᠰᠡᠳ ᠤᠨ ᠦᠵᠡᠯ ᠰᠠᠨᠠᠭ᠎ᠠ ᠶᠣᠰᠣ ᠰᠤᠷᠲᠠᠬᠤᠨ ᠤ ᠪᠠᠶᠢᠭᠤᠯᠤᠯᠲᠠ ᠶᠢᠨ ᠠᠵᠢᠯ᠂ ︽ᠱᠠᠯᠢᠭ ᠵᠠᠪᠠᠭ᠋ᠠᠢ ᠵᠦᠢᠯᠡᠰ ᠢ ᠠᠷᠢᠯᠭᠠᠵᠤ ᠬᠠᠤᠯᠢ ᠪᠤᠰᠤ ᠬᠡᠪᠯᠡᠭᠳᠡᠬᠦᠨ ᠳᠤ ᠴᠣᠬᠢᠯᠲᠠ ᠥᠭᠬᠦ︾ ᠠᠵᠢᠯ ᠤᠨ ᠪᠠᠶᠢᠳᠠᠯ ᠢ ᠰᠣᠨᠣᠰᠴᠤ᠂ ᠤᠯᠤᠰ ᠤᠨ ᠪᠠᠲᠤᠯᠠᠨ ᠬᠠᠮᠠᠭᠠᠯᠠᠯᠲᠠ ᠶᠢᠨ ᠬᠥᠮᠦᠵᠢᠯ ᠤᠨ ᠵᠥᠪ ᠴᠢᠭᠯᠡᠯ ᠢ ᠡᠷᠡᠰ ᠪᠠᠲᠤ ᠡᠵᠡᠮᠳᠡᠵᠦ᠂ ᠪᠦᠬᠦ ᠠᠷᠠᠳ ᠢᠶᠠᠷ ᠢᠶᠠᠨ ᠨᠠᠮ ᠢᠶᠠᠨ ᠬᠠᠶᠢᠷᠠᠯᠠᠵᠤ ᠤᠯᠤᠰ ᠢᠶᠠᠨ ᠬᠠᠶᠢᠷᠠᠯᠠᠬᠤ ᠤᠯᠤᠰ ᠲᠦᠷᠦ ᠶᠢᠨ ᠤᠬᠠᠮᠰᠠᠷ ᠢ ᠬᠦᠴᠦᠯᠡᠨ ᠴᠢᠩᠭᠠᠳᠬᠠᠬᠤ ᠬᠡᠷᠡᠭᠲᠡᠢ᠃ ᠦᠵᠡᠯ ᠰᠠᠨᠠᠭ᠎ᠠ ᠤᠯᠤᠰ ᠲᠦᠷᠦ ᠶᠢᠨ ᠬᠢᠴᠢᠶᠡᠯ ᠤᠨ ᠪᠠᠶᠢᠭᠤᠯᠤᠯᠲᠠ ᠪᠣᠯᠣᠨ ᠨᠠᠮ ᠤᠨ ᠰᠢᠨ᠎ᠡ ᠶᠢ ᠡᠭᠦᠳᠬᠦ ᠤᠨᠤᠯ ᠢᠶᠠᠷ ᠵᠡᠪᠰᠡᠭᠯᠡᠬᠦ ᠶᠢ ᠵᠡᠷᠭᠡᠪᠡᠷ ᠠᠬᠢᠭᠤᠯᠬᠤ ᠶᠢ ᠪᠠᠷᠢᠮᠲᠠᠯᠠᠵᠤ᠂ ᠦᠵᠡᠯ ᠰᠠᠨᠠᠭ᠎ᠠ ᠶᠢ ᠨᠢᠭᠡᠳᠬᠡᠬᠦ᠂ ᠬᠠᠮᠲᠤ ᠶᠢᠨ ᠲᠠᠨᠢᠯᠲᠠ ᠶᠢ ᠨᠢᠭᠲᠠᠷᠠᠭᠤᠯᠬᠤ᠂ ᠲᠡᠮᠡᠴᠡᠯ ᠤᠨ ᠵᠣᠷᠢᠭ ᠢ ᠬᠥᠪᠴᠢᠯᠡᠬᠦ᠂ ᠪᠦᠯᠬᠦᠮᠳᠡᠨ ᠲᠡᠮᠡᠴᠡᠬᠦ ᠴᠢᠬᠤᠯᠠ ᠦᠢᠯᠡᠳᠦᠯ ᠢ ᠨᠡᠩ ᠰᠠᠶᠢᠲᠤᠷ ᠪᠠᠳᠠᠷᠠᠭᠤᠯᠬᠤ ᠬᠡᠷᠡᠭᠲᠡᠢ᠃ ᠨᠠᠰᠤᠨ ᠳᠤ ᠦᠯᠤ ᠬᠥᠷᠦᠭᠰᠡᠳ ᠤᠨ ᠦᠵᠡᠯ ᠰᠠᠨᠠᠭ᠎ᠠ ᠶᠣᠰᠣ ᠰᠤᠷᠳᠠᠬᠤᠨ ᠤ ᠪᠠᠶᠢᠭᠤᠯᠤᠯᠲᠠ ᠶᠢᠨ ᠠᠵᠢᠯ ᠢ ᠰᠠᠶᠢᠲᠤᠷ ᠬᠢᠬᠦ ᠬᠠᠷᠢᠭᠤᠴᠠᠯᠭᠠᠲᠤ ᠰᠡᠳᠬᠢᠯᠭᠡ ᠪᠠ ᠪᠠᠴᠢᠮ ᠲᠤᠯᠭᠠᠮ᠎ᠠ ᠰᠡᠳᠬᠢᠯᠭᠡ ᠪᠠᠨ ᠴᠢᠩᠭᠠᠳᠬᠠᠵᠤ᠂ ᠨᠠᠰᠤᠨ ᠳᠤ ᠦᠯᠤ ᠬᠥᠷᠦᠭᠰᠡᠳ ᠤᠨ ᠦᠵᠡᠯ ᠰᠠᠨᠠᠭ᠎ᠠ ᠶᠣᠰᠣ ᠰᠤᠷᠳᠠᠬᠤᠨ ᠤ ᠪᠠᠶᠢᠭᠤᠯᠤᠯᠲᠠ ᠶᠢᠨ ᠠᠵᠢᠯ  ᠤᠨ ᠪᠠᠷᠢᠮᠵᠢᠶ᠎ᠠ ᠳᠤ ᠬᠦᠷᠴᠦ ᠦᠷ᠎ᠡ ᠠᠰᠢᠭ ᠨᠡᠮᠡᠭᠳᠡᠬᠦ ᠶᠢ ᠠᠬᠢᠭᠤᠯᠬᠤ ᠬᠡᠷᠡᠭᠳᠡᠢ᠃ ︽ᠱᠠᠯᠢᠭ ᠵᠠᠪᠬᠠᠢ ᠵᠦᠢᠯᠡᠰ ᠢ ᠠᠷᠢᠯᠭᠠᠵᠤ ᠬᠠᠤᠯᠢ ᠪᠤᠰᠤ ᠬᠡᠪᠯᠡᠭᠳᠡᠬᠦᠨ ᠳᠤ ᠴᠣᠬᠢᠯᠲᠠ ᠥᠭᠬᠦ︾ ᠶᠢ ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠤᠨ ᠬᠠᠷᠢᠭᠤᠴᠠᠯᠭ᠎ᠠ ᠶᠢᠨ ᠳᠦᠷᠢᠮ ᠢ ᠨᠠᠶᠢᠳᠠᠪᠤᠷᠢᠵᠢᠭᠤᠯᠬᠤ ᠶᠢᠨ ᠴᠢᠬᠤᠯᠠ ᠠᠭᠤᠯᠭ᠎ᠠ ᠪᠣᠯᠭᠠᠵᠤ᠂ ᠰᠤᠷᠲᠠᠯ ᠴᠢᠬᠡᠴᠢ ᠣᠪᠣᠷ ᠲᠥᠪ ᠨᠡᠶᠢᠭᠡᠮ ᠤᠨ ᠰᠣᠶᠣᠯ ᠤᠨ ᠣᠷᠴᠢᠨ ᠨᠥᠬᠦᠴᠡᠯ ᠢ ᠴᠢᠷᠮᠠᠶᠢᠨ ᠪᠤᠢ ᠪᠣᠯᠭᠠᠬᠤ ᠬᠡᠷᠡᠭᠲᠡᠢ ᠬᠡᠵᠤ ᠴᠢᠬᠤᠯᠠᠴᠢᠯᠠᠪᠠ᠃       ᠬᠤᠷᠠᠯ ᠠᠴᠠ ᠳ᠋ᠦᠩᠱᠧᠩ ᠲᠣᠭᠤᠷᠢᠭ ᠤᠨ ᠲᠡᠦᠬᠡ ᠶᠢᠨ ᠳᠤᠷᠠᠰᠬᠠᠯᠲᠤ ᠵᠦᠢᠯᠡᠰ ᠤᠨ ᠬᠠᠮᠠᠭᠠᠯᠠᠯᠲᠠ ᠶᠢᠨ ᠠᠵᠢᠯ ᠤᠨ ᠪᠠᠶᠢᠳᠠᠯ ᠢ ᠰᠣᠨᠣᠰᠴᠤ᠂ ᠦᠵᠡᠯ ᠰᠠᠨᠠᠭ᠎ᠠ ᠲᠠᠨᠢᠯᠲᠠ ᠪᠠᠨ ᠳᠡᠭᠡᠭᠰᠢᠯᠡᠭᠦᠯᠵᠦ᠂ ᠲᠡᠦᠬᠡ ᠶᠢᠨ ᠳᠤᠷᠠᠰᠬᠠᠯᠲᠤ ᠵᠦᠢᠯᠡᠰ ᠢ ᠪᠠᠶᠢᠴᠠᠭᠠᠨ ᠵᠢᠭᠰᠠᠭᠠᠬᠤ᠂ ᠳᠠᠩᠰᠠ ᠡᠪᠬᠡᠮᠡᠯ ᠪᠠᠶᠢᠭᠤᠯᠬᠤ᠂ ᠨᠡᠶᠢᠳᠡᠮ ᠪᠠᠶᠢᠴᠠᠭᠠᠬᠤ ᠠᠵᠢᠯ ᠢ ᠨᠠᠷᠢᠯᠢᠭ ᠣᠨᠣᠪᠴᠢᠲᠠᠢ ᠥᠷᠨᠢᠭᠦᠯᠵᠦ᠂ ᠰᠣᠶᠣᠯ ᠤᠨ ᠪᠠ ᠪᠠᠶᠢᠭᠠᠯᠢ ᠶᠢᠨ ᠥᠪ ᠵᠢᠴᠢ ᠤᠳᠤ ᠪᠠᠶᠢᠭ᠎ᠠ ᠰᠣᠶᠣᠯ ᠵᠤᠭᠠᠴᠠᠯ ᠤᠨ ᠡᠬᠢ ᠪᠠᠶᠠᠯᠢᠭ ᠢ ᠨᠡᠭᠡᠭᠡᠨ ᠠᠰᠢᠭᠯᠠᠬᠤ ᠠᠵᠢᠯ ᠢ ᠢᠳᠡᠪᠬᠢᠲᠡᠢ ᠰᠠᠶᠢᠲᠤᠷ ᠬᠢᠵᠦ᠂ ᠳ᠋ᠦᠩᠱᠧᠩ ᠲᠣᠭᠤᠷᠢᠭ ᠤᠨ ᠬᠢᠯᠢ ᠳᠣᠲᠣᠷᠠᠬᠢ ᠰᠣᠶᠣᠯ ᠤᠨ ᠪᠠ ᠪᠠᠶᠢᠭᠠᠯᠢ ᠶᠢᠨ ᠥᠪ ᠤᠨ ᠵᠤᠭᠠᠴᠠᠯ ᠤᠨ ᠦᠵᠡᠮᠵᠢ ᠶᠢᠨ ᠣᠷᠣᠨ ᠤ ᠲᠠᠲᠠᠬᠤ ᠬᠦᠴᠦᠨ᠂ ᠠᠯᠳᠠᠷᠰᠢᠯ ᠢ ᠲᠠᠰᠤᠷᠠᠯᠲᠠ ᠦᠭᠡᠢ ᠳᠡᠭᠡᠭᠰᠢᠯᠡᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃       ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃  
ᠢᠷᠡᠯᠲᠡ᠄ ᠳ᠋ᠦᠩᠱᠧᠩ ᠳᠤᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ