ᠳᠤᠭᠤᠷᠢᠭ ᠤᠨ ᠨᠠᠮ ᠤᠨ ᠬᠤᠷᠢᠶ᠎ᠠ ᠲᠤᠰᠬᠠᠢ ᠰᠡᠳᠦᠪᠲᠦ ᠬᠤᠷᠠᠯ ᠬᠤᠷᠠᠯᠳᠤᠭᠤᠯᠵᠤ ᠤᠯᠠᠨ ᠲᠦᠮᠡᠨ ᠤ ᠳᠡᠷᠭᠡᠳᠡᠬᠢ ᠲᠥᠪ ᠪᠤᠰᠤ ᠰᠤᠷᠲᠠᠯ ᠪᠣᠯᠣᠨ ᠢᠯᠵᠢᠷᠡᠯ ᠤᠨ ᠠᠰᠠᠭᠤᠳᠠᠯ ᠢ ᠲᠥᠪᠯᠡᠷᠡᠭᠦᠯᠦᠨ ᠴᠡᠭᠴᠡᠯᠡᠨ ᠵᠠᠰᠠᠬᠤ ᠠᠵᠢᠯ ᠢ ᠥᠷᠨᠢᠭᠦᠯᠦᠭᠰᠡᠨ ᠪᠠᠶᠢᠳᠠᠯ ᠢ ᠰᠣᠨᠣᠰᠪᠠ
ᠨᠡᠶᠢᠲᠡᠯᠡᠭᠰᠡᠨ ᠴᠠᠭ᠄
2024/8/28
      8 ᠰᠠᠷ᠎ᠠ ᠶᠢᠨ 27 ᠤ ᠡᠳᠦᠷ᠂ ᠣᠷᠳᠣᠰ ᠤᠨ ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠤᠨ ᠨᠡᠭᠡᠭᠡᠯᠲᠡ ᠶᠢᠨ ᠲᠣᠭᠤᠷᠢᠭ ᠤᠨ ᠨᠠᠮ ᠤᠨ ᠠᠵᠢᠯᠯᠠᠬᠤ ᠬᠤᠷᠢᠶᠠᠨ ᠤ ᠱᠦᠵᠢ᠂ ᠳ᠋ᠦᠩᠱᠧᠩ ᠲᠣᠭᠤᠷᠢᠭ ᠤᠨ ᠨᠠᠮ ᠤᠨ ᠬᠤᠷᠢᠶᠠᠨ ᠤ ᠱᠦᠵᠢ ᠭᠤᠸ ᠢ ᠳ᠋ᠦᠩ ᠲᠤᠰᠬᠠᠢ ᠰᠡᠳᠦᠪᠲᠦ ᠬᠤᠷᠠᠯ ᠢ ᠡᠷᠭᠢᠯᠡᠨ ᠬᠤᠷᠠᠯᠳᠤᠭᠤᠯᠵᠤ᠂ ᠣᠯᠠᠨ ᠲᠦᠮᠡᠨ ᠤ ᠳᠡᠷᠭᠡᠳᠡᠬᠢ ᠲᠥᠪ ᠪᠤᠰᠤ ᠰᠤᠷᠲᠠᠯ ᠪᠠ ᠢᠯᠵᠠᠷᠠᠯ ᠤᠨ ᠠᠰᠠᠭᠤᠳᠠᠯ ᠢ ᠲᠥᠪᠯᠡᠷᠡᠭᠦᠯᠦᠨ ᠴᠡᠭᠴᠡᠯᠡᠨ ᠵᠠᠰᠠᠬᠤ ᠠᠵᠢᠯ ᠤᠨ ᠠᠬᠢᠴᠠ ᠵᠢᠴᠢ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ᠂ ᠬᠥᠳᠡᠭᠡ ᠲᠣᠰᠬᠤᠨ ᠤ ᠬᠠᠮᠲᠤ ᠶᠢᠨ ︽ᠭᠤᠷᠪᠠᠨ ᠪᠡᠯᠡ︾ ᠶᠢᠨ ᠬᠠᠮᠢᠶᠠᠷᠤᠯᠲᠠ ᠵᠡᠷᠭᠡ ᠭᠤᠣᠯᠳᠠᠯᠭ᠎ᠠ ᠲᠠᠢ ᠴᠡᠭᠴᠡᠯᠡᠨ ᠵᠠᠰᠠᠬᠤ ᠠᠵᠢᠯ ᠤᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠲᠠᠷᠠᠭᠠᠴᠢ ᠶᠢᠨ ᠠᠯᠬᠤᠮ ᠤᠨ ᠠᠵᠢᠯ ᠢᠶᠠᠨ ᠲᠣᠬᠢᠷᠠᠭᠤᠯᠤᠨ ᠪᠠᠶᠢᠷᠢᠯᠠᠭᠤᠯᠪᠠ᠃ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠲᠣᠭᠤᠷᠢᠭ ᠤᠨ ᠳᠠᠷᠤᠭ᠎ᠠ ᠬᠠᠨ ᠲᠤᠤ ᠬᠤᠷᠠᠯ ᠳᠤ ᠤᠷᠤᠯᠴᠠᠪᠠ᠃      ᠬᠤᠷᠠᠯ ᠠᠴᠠ᠂ ᠤᠯᠠᠨ ᠲᠦᠮᠡᠨ ᠤ ᠳᠡᠷᠭᠡᠳᠡᠬᠢ ᠲᠥᠪ ᠪᠤᠰᠤ ᠰᠤᠷᠲᠠᠯ ᠪᠣᠯᠣᠨ ᠢᠯᠵᠢᠷᠡᠯ ᠤᠨ ᠠᠰᠠᠭᠤᠳᠠᠯ ᠢ ᠴᠡᠭᠴᠡᠯᠡᠨ ᠵᠠᠰᠠᠬᠤ ᠪᠣᠯ ᠠᠷᠠᠳ ᠤᠯᠠᠨ ᠤ ᠬᠦᠰᠡᠨ ᠡᠷᠡᠮᠡᠯᠵᠡᠵᠦ ᠪᠠᠶᠢᠭ᠎ᠠ ᠪᠣᠳᠠᠲᠤ ᠶᠠᠪᠤᠳᠠᠯ ᠮᠥᠨ᠂ ᠨᠠᠮ ᠤᠨ ᠲᠦᠷᠦ ᠪᠠᠷᠢᠬᠤ ᠰᠠᠭᠤᠷᠢ ᠲᠠᠢ ᠬᠤᠯᠪᠣᠭᠳᠠᠬᠤ ᠶᠡᠭᠡ ᠶᠠᠪᠤᠳᠠᠯ ᠮᠥᠨ᠃ ᠡᠯ᠎ᠡ ᠱᠠᠲᠤ ᠡᠯ᠎ᠡ ᠰᠠᠯᠠᠭ᠎ᠠ ᠮᠥᠴᠢᠷ ᠤᠨ ᠬᠢᠨ ᠦᠨᠳᠤᠷ ᠪᠠᠷᠢᠮᠵᠢᠶᠠᠳᠤ ᠲᠠᠷᠢᠶᠠᠨ ᠭᠠᠵᠠᠷ ᠤᠨ ᠶᠠᠰᠤ ᠴᠢᠨᠠᠷ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠥᠩ ᠰᠢᠮᠡᠯᠢᠭ ᠲᠠᠷᠢᠶᠠᠨ ᠭᠠᠵᠠᠷ ᠢ ᠰᠠᠶᠢᠲᠤᠷ ᠰᠠᠬᠢᠨ ᠬᠠᠮᠠᠭᠠᠯᠠᠵᠤ᠂ ᠡᠳ᠋ ᠬᠥᠷᠥᠩᠭᠡ ᠶᠢ ᠰᠢᠢᠳᠪᠦᠷᠢᠯᠡᠬᠦ ᠲᠡᠰ ᠳᠠᠷᠠᠭᠠᠯᠠᠯ ᠢ ᠵᠢᠷᠤᠮᠵᠢᠭᠤᠯᠵᠤ᠂ ᠡᠳ᠋ ᠬᠥᠷᠥᠩᠭᠡ ᠶᠢ ᠰᠤᠯᠠ ᠲᠠᠯᠪᠢᠬᠤ᠂ ᠡᠳ᠋ ᠬᠥᠷᠥᠩᠭᠡ ᠶᠢ ᠠᠯᠳᠠᠭᠳᠠᠭᠤᠯᠬᠤ ᠠᠴᠠ ᠵᠠᠶᠢᠯᠠᠰᠬᠢᠵᠦ᠂ ᠭᠤᠣᠯ ᠤᠨ ᠵᠠᠮ ᠢ ᠴᠡᠭᠴᠡᠯᠡᠨ ᠵᠠᠰᠠᠬᠤ ᠠᠵᠢᠯ ᠢ ᠰᠠᠶᠢᠲᠤᠷ ᠬᠢᠬᠦ ᠶᠢᠨ ᠴᠢᠬᠤᠯᠠ ᠴᠢᠨᠠᠷ ᠪᠣᠯᠣᠨ ᠪᠣᠳᠠᠲᠠᠢ ᠲᠤᠯᠭᠠᠮ᠎ᠠ ᠴᠢᠨᠠᠷ ᠢ ᠭᠦᠢᠴᠡᠳ ᠲᠠᠨᠢᠵᠤ᠂ ᠭᠤᠣᠯ ᠤᠨ ᠵᠠᠮ ᠤᠨ ᠬᠠᠮᠢᠶᠠᠷᠤᠯᠲᠠ ᠬᠠᠮᠠᠭᠠᠯᠠᠯᠲᠠ ᠶᠢᠨ ᠴᠢᠬᠤᠯᠠ ᠶᠡᠭᠡ ᠤᠯᠤᠰ ᠲᠦᠷᠦ ᠶᠢᠨ ᠬᠠᠷᠢᠭᠤᠴᠠᠯᠭ᠎ᠠ ᠶᠢ ᠦᠨᠡᠨᠬᠦ ᠡᠭᠦᠷᠭᠡᠯᠡᠬᠦ ᠬᠡᠷᠡᠭᠲᠡᠢ᠃ ᠠᠰᠠᠭᠤᠳᠠᠯ ᠢ ᠭᠦᠨᠵᠡᠭᠡᠢ ᠵᠠᠳᠠᠯᠤᠨ᠂ ᠴᠡᠭᠴᠡᠯᠡᠨ ᠰᠠᠶᠢᠵᠢᠷᠠᠭᠤᠯᠬᠤ ᠨᠠᠷᠢᠨ ᠲᠥᠰᠥᠯ ᠢ ᠳᠤᠭᠳᠠᠭᠠᠵᠤ᠂ ᠲᠣᠭᠤᠷᠢᠨ ᠪᠠᠶᠢᠴᠠᠭᠠᠵᠤ ᠬᠠᠷᠢᠭᠤ ᠲᠤᠰᠬᠠᠭᠰᠠᠨ ᠠᠰᠠᠭᠤᠳᠠᠯ ᠢ ᠪᠦᠬᠦ ᠲᠠᠯ᠎ᠠ ᠪᠠᠷ ᠡᠮᠬᠢᠯᠡᠬᠦ ᠪᠠ ᠲᠦᠷᠦᠯ ᠬᠤᠪᠢᠶᠠᠨ᠂ ᠠᠰᠠᠭᠤᠳᠠᠯ ᠤᠨ ᠡᠭᠦᠰᠦᠭᠰᠡᠨ ᠦᠨᠳᠦᠰᠦ ᠰᠤᠷᠪᠤᠯᠵᠢ ᠶᠢ ᠭᠦᠨᠵᠡᠭᠡᠢ ᠵᠠᠳᠠᠯᠵᠤ᠂ ᠠᠰᠠᠭᠤᠳᠠᠯ ᠨᠢᠭᠡᠪᠦᠷᠢ ᠳᠤ ᠴᠢᠭᠯᠡᠭᠦᠯᠦᠨ᠂ ᠪᠣᠳᠠᠲᠠᠢ ᠴᠡᠭᠴᠡᠯᠡᠨ ᠰᠠᠶᠢᠵᠢᠷᠠᠭᠤᠯᠬᠤ ᠬᠠᠷᠠᠯᠲᠠ᠂ ᠴᠡᠭᠴᠡᠯᠡᠨ ᠰᠠᠶᠢᠵᠢᠷᠠᠭᠤᠯᠬᠤ ᠠᠷᠭ᠎ᠠ ᠬᠡᠮᠵᠢᠶ᠎ᠡ᠂ ᠴᠡᠭᠴᠡᠯᠡᠨ ᠰᠠᠶᠢᠵᠢᠷᠠᠭᠤᠯᠬᠤ ᠴᠠᠭ ᠤᠨ ᠬᠢᠵᠠᠭᠠᠷ ᠪᠠ ᠬᠠᠷᠢᠭᠤᠴᠠᠯᠭᠠᠲᠤ ᠰᠠᠯᠠᠭ᠎ᠠ ᠮᠥᠴᠢᠷ ᠢ ᠲᠣᠭᠲᠠᠭᠠᠵᠤ᠂ ᠨᠠᠷᠢᠨ ᠨᠢᠭᠲᠠ ᠴᠡᠭᠴᠡᠯᠡᠨ ᠰᠠᠶᠢᠵᠢᠷᠠᠭᠤᠯᠬᠤ ᠲᠥᠰᠥᠯ ᠢ ᠪᠦᠷᠢᠯᠳᠦᠭᠦᠯᠵᠦ᠂ ᠴᠡᠭᠴᠡᠯᠡᠨ ᠰᠠᠶᠢᠵᠢᠷᠠᠭᠤᠯᠬᠤ ᠲᠥᠰᠥᠯ ᠢ ᠬᠡᠷᠡᠭᠵᠢᠭᠦᠯᠵᠦ ᠪᠣᠯᠬᠤᠶᠢᠴᠠ ᠴᠢᠨᠠᠷ ᠪᠠ ᠬᠠᠨᠳᠤᠯᠭᠠᠲᠤ ᠴᠢᠨᠠᠷ ᠲᠠᠢ ᠪᠠᠶᠢᠯᠭᠠᠵᠤ᠂ ᠠᠰᠠᠭᠤᠳᠠᠯ ᠢ ᠪᠦᠲᠦᠮᠵᠢᠲᠡᠢ ᠰᠢᠢᠳᠪᠦᠷᠢᠯᠡᠬᠦ ᠶᠢ ᠪᠠᠲᠤᠯᠠᠬᠤ ᠬᠡᠷᠡᠭᠲᠡᠢ᠃ ᠨᠢᠭᠡ ᠠᠴᠠ ᠨᠦᠬᠦᠭᠡ ᠶᠢ ᠵᠦᠢᠴᠢᠯᠡᠨ ᠮᠡᠳᠡᠵᠤ᠂ ᠵᠠᠯᠭᠠᠮᠵᠢ ᠬᠠᠮᠢᠶᠠᠷᠤᠯᠲᠠ ᠶᠢ ᠴᠢᠩᠭᠠᠳᠬᠠᠵᠤ᠂ ᠴᠢᠭ ᠢᠶᠠᠷ ᠨᠡᠶᠢᠳᠡᠮ ᠢ ᠲᠠᠶᠢᠴᠢᠯᠠᠨ ᠪᠤᠰᠤᠳ ᠬᠦᠷᠢᠶᠡᠨ ᠤ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠠᠵᠢᠯ ᠢ ᠰᠠᠶᠢᠲᠤᠷ ᠠᠳᠬᠤᠵᠤ᠂ ᠤᠯᠠᠨ ᠲᠦᠮᠡᠨ ᠤ ᠳᠡᠷᠭᠡᠳᠡᠬᠢ ᠲᠥᠪ ᠪᠤᠰᠤ ᠰᠤᠷᠲᠠᠯ ᠪᠣᠯᠣᠨ ᠢᠯᠵᠢᠷᠡᠯ ᠤᠨ ᠠᠰᠠᠭᠤᠳᠠᠯ ᠢ ᠴᠡᠭᠴᠡᠯᠡᠨ ᠵᠠᠰᠠᠬᠤ ᠶᠢ ᠭᠦᠨᠵᠡᠭᠡᠶᠢᠷᠡᠭᠦᠯᠦᠨ ᠬᠥᠭᠵᠢᠭᠦᠯᠬᠦ ᠶᠢ ᠠᠬᠢᠭᠤᠯᠵᠤ᠂ ᠡᠷᠬᠡᠪᠰᠢ ᠲᠤᠰ ᠲᠤᠰ ᠤᠨ ᠬᠦᠷᠢᠶᠡᠨ ᠤ ᠲᠦᠷᠦᠯ ᠵᠦᠢᠯ᠂ ᠪᠡᠯᠡ ᠮᠥᠩᠭᠦ ᠵᠡᠷᠭᠡ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠢ ᠴᠢᠩᠭ᠎ᠠ ᠠᠩᠬᠠᠷᠴᠤ᠂ ᠥᠪᠡᠷ ᠢ ᠪᠠᠨ ᠪᠠᠶᠢᠴᠠᠭᠠᠵᠤ ᠥᠪᠡᠷ ᠢ ᠪᠠᠨ ᠵᠠᠯᠠᠷᠠᠭᠤᠯᠬᠤ ᠬᠡᠷᠡᠭᠲᠡᠢ᠃ ᠳᠡᠭᠡᠳᠦ ᠱᠠᠲᠤᠨ ᠠᠴᠠ ᠵᠢᠭᠠᠪᠤᠷᠢ ᠠᠪᠴᠤ ᠮᠡᠳᠡᠭᠦᠯᠦᠯᠲᠡ ᠬᠢᠬᠦ ᠪᠠ ᠳᠣᠣᠷᠠᠳᠤ ᠱᠠᠲᠤᠨ ᠳᠤ ᠵᠢᠭᠠᠨ ᠵᠢᠯᠤᠭᠤᠳᠴᠤ ᠬᠢᠨᠠᠨ ᠵᠢᠯᠤᠭᠤᠳᠬᠤ ᠶᠢ ᠴᠢᠩᠭᠠᠳᠬᠠᠵᠤ᠂ ᠤᠯᠠᠨ ᠲᠦᠮᠡᠨ ᠤ ᠳᠡᠷᠭᠡᠳᠡᠬᠢ ᠢᠯᠵᠢᠷᠡᠯ ᠤᠨ ᠠᠰᠠᠭᠤᠳᠠᠯ ᠪᠣᠯᠣᠨ ᠲᠥᠪ ᠪᠤᠰᠤ ᠰᠤᠷᠲᠠᠯ ᠢ ᠬᠦᠴᠦᠯᠡᠨ ᠴᠡᠭᠴᠡᠯᠡᠨ ᠵᠠᠰᠠᠵᠤ᠂ ᠤᠯᠤᠰ ᠲᠦᠷᠦ ᠨᠢ ᠲᠣᠳᠣᠷᠬᠠᠢ᠂ ᠵᠠᠰᠠᠭ ᠤᠨ ᠣᠷᠳᠣᠨ ᠨᠢ ᠠᠷᠢᠭᠤᠨ ᠴᠢᠬᠡᠴᠢ᠂ ᠺᠠᠳ᠋ᠷ ᠨᠢ ᠲᠥᠪ ᠴᠢᠬᠡᠴᠢ᠂ ᠨᠡᠶᠢᠭᠡᠮ ᠨᠢ ᠰᠠᠷᠠᠭᠤᠯ᠂ ᠵᠠᠰᠠᠭ ᠬᠤᠳᠠᠯᠳᠤᠭ᠎ᠠ ᠨᠢ ᠳᠣᠲᠣᠨᠣ ᠪᠠᠶᠢᠬᠤ ᠰᠠᠶᠢᠨ ᠰᠠᠶᠢᠬᠠᠨ ᠤᠯᠤᠰ ᠲᠦᠷᠦ ᠶᠢᠨ ᠠᠮᠢ ᠠᠬᠤᠢ ᠶᠢ ᠦᠷᠭᠦᠯᠵᠢᠯᠡᠨ ᠪᠠᠬᠢᠵᠢᠭᠦᠯᠬᠦ ᠬᠡᠷᠡᠭᠲᠡᠢ ᠬᠡᠵᠤ ᠴᠢᠬᠤᠯᠠᠴᠢᠯᠠᠪᠠ᠃       ᠲᠣᠭᠤᠷᠢᠭ ᠤᠨ ᠤᠳᠤᠷᠢᠳᠤᠯᠭ᠎ᠠ ᠳ᠋ᠦ᠋ ᠵᠢᠤᠸᠠᠨ᠂ ᠨᠢᠶᠧ ᠵᠢᠶᠦ᠋ᠨ᠂ ᠳ᠋ᠦ᠋ ᠵᠢᠢ ᠺᠤᠸᠠᠨ᠂ ᠶᠠᠩ ᠶᠦᠨ᠂ ᠸᠠᠩ ᠱᠧᠩ ᠷᠦᠩ ᠬᠤᠷᠠᠯ ᠳᠤ ᠣᠷᠣᠯᠴᠠᠪᠠ᠃
ᠢᠷᠡᠯᠲᠡ᠄ ᠳ᠋ᠦᠩᠱᠧᠩ ᠳᠤᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ