ᠳ᠋ᠦᠩᠱᠧᠩ ᠲᠤᠭᠤᠷᠢᠭ ᠪᠣᠯ ᠦᠶ᠎ᠡ ᠳᠠᠮᠵᠢᠭᠳᠠᠭᠰᠠᠨ ᠬᠤᠪᠢᠰᠬᠠᠯ ᠤᠨ ᠭᠠᠵᠠᠷ ᠪᠤᠯᠤᠨ᠎ᠠ᠂ ᠴᠡᠷᠢᠭ ᠢᠶᠠᠨ ᠬᠦᠷᠢᠶᠡᠯᠡᠨ ᠴᠡᠷᠢᠭ ᠤᠨ ᠭᠡᠷ ᠪᠦᠯᠢ ᠶᠢ | ᠬᠠᠷᠠᠭᠠᠯᠵᠠᠬᠤ᠂ ᠵᠠᠰᠠᠭ ᠢᠶᠠᠨ ᠬᠦᠷᠢᠶᠡᠯᠡᠨ ᠠᠷᠠᠳ ᠢᠶᠠᠨ ᠬᠠᠶᠢᠷᠠᠯᠠᠬᠤ ᠢᠷᠠᠭᠤ ᠠᠯᠳᠠᠷᠲᠤ ᠤᠯᠠᠮᠵᠢᠯᠠᠯ ᠨᠢ ᠨᠢᠭᠡᠨᠲᠡ ᠡᠨᠡ ᠬᠦ ᠬᠤᠳᠠ ᠶᠢᠨ ︽ᠰᠦᠭ ᠰᠦᠨᠡᠰᠤ︾ | ᠪᠤᠯᠵᠠᠢ᠃ ᠥᠨᠥᠳᠥᠷ ᠤᠨ ᠳ᠋ᠦᠩᠱᠧᠩ ᠤᠷᠢᠳ ᠬᠤᠵᠢᠳ 6 ᠤᠳᠠᠭ᠎ᠠ ︽ᠥᠪᠡᠷᠲᠡᠭᠡᠨ ᠵᠠᠰᠠᠬᠤ ᠣᠷᠣᠨ ᠤ ᠬᠤᠶᠠᠷ ᠢ ᠬᠦᠷᠢᠶᠡᠯᠡᠬᠦ ᠵᠢᠱᠢᠶᠡᠴᠢ ᠬᠤᠳᠠ︾ ᠶᠢᠨ | ᠢᠷᠠᠭᠤ ᠠᠯᠳᠠᠷ ᠤᠨ ᠴᠣᠯᠠ ᠶᠢ ᠬᠦᠷᠲᠡᠵᠦ᠂ ᠭᠡᠷᠡᠯ ᠰᠠᠴᠤᠷᠠᠩᠭᠤᠢ ᠲᠡᠤᠬᠡ᠂ ᠰᠠᠶᠢᠨ ᠰᠠᠶᠢᠬᠠᠨ ᠤᠯᠠᠮᠵᠢᠯᠠᠯ ᠢᠶᠠᠨ ᠦᠶ᠎ᠡ ᠳᠠᠮᠵᠢᠨ ᠵᠠᠯᠭᠠᠮᠵᠢᠯᠠᠵᠠᠢ᠃ | 2024 ᠣᠨ ᠪᠣᠯ ᠳ᠋ᠦᠩᠱᠧᠩ ᠲᠣᠭᠤᠷᠢᠭ ᠤᠨ ᠳᠣᠯᠣᠳᠤᠭᠠᠷ ᠤᠳᠠᠭᠠᠨ ᠤ ︽ᠥᠪᠡᠷᠲᠡᠭᠡᠨ ᠵᠠᠰᠠᠬᠤ ᠣᠷᠣᠨ ᠤ ᠬᠤᠶᠠᠷ ᠢ ᠬᠦᠷᠢᠶᠡᠯᠡᠬᠦ ᠵᠢᠱᠢᠶᠡᠴᠢ ᠬᠤᠲᠠ︾ | ᠶᠢ ᠡᠭᠦᠳᠦᠨ ᠪᠠᠶᠢᠭᠤᠯᠬᠤ ᠰᠢᠯᠭᠠᠨ ᠦᠨᠡᠯᠡᠬᠦ ᠲᠡᠭᠦᠰᠬᠡᠯ ᠤᠨ ᠵᠢᠯ ᠪᠣᠯᠣᠨ᠎ᠠ᠂ ᠡᠨᠡᠬᠦ ᠵᠠᠩᠭᠢᠯᠠᠭ᠎ᠠ ᠶᠢᠨ ᠴᠠᠭ ᠮᠥᠴᠡ ᠳᠤ᠂ ᠴᠡᠷᠢᠭ ᠢ ᠬᠦᠨᠳᠦᠳᠬᠡᠬᠦ᠂ | ᠪᠠᠭᠠᠲᠤᠷᠴᠤᠳ ᠢ ᠬᠦᠨᠳᠦᠳᠬᠡᠬᠦ᠂ ᠤᠯᠤᠰ ᠤᠨ ᠪᠠᠲᠤᠯᠠᠨ ᠬᠠᠮᠠᠭᠠᠯᠠᠯᠲᠠ ᠶᠢ ᠬᠠᠯᠠᠮᠵᠢᠯᠠᠬᠤ᠂ ᠴᠡᠷᠢᠭ ᠠᠩᠭᠢ ᠶᠢ ᠬᠠᠶᠢᠷᠠᠯᠠᠬᠤ ᠭᠦᠨ ᠵᠤᠵᠠᠭᠠᠨ ᠡᠭᠦᠳᠦᠨ | ᠪᠠᠶᠢᠭᠤᠯᠬᠤ ᠠᠭᠤᠷ ᠠᠮᠢᠰᠬᠤᠯ ᠢ ᠪᠦᠬᠦ ᠲᠠᠯ᠎ᠠ ᠪᠠᠷ ᠪᠤᠶ ᠪᠣᠯᠭᠠᠬᠤ ᠶᠢᠨ ᠲᠥᠯᠥᠭᠡ᠂ ᠳ᠋ᠦᠩᠱᠧᠩ ᠲᠣᠭᠤᠷᠢᠭ ᠬᠤᠶᠠᠷ ᠢ ᠬᠦᠷᠢᠶᠡᠯᠡᠬᠦ ᠨᠡᠶᠢᠭᠡᠮ ᠤᠨ ᠤᠬᠠᠭᠤᠯᠭ᠎ᠠ ᠶᠢ | ᠥᠷᠭᠡᠨ ᠢᠶᠠᠷ ᠥᠷᠨᠢᠭᠦᠯᠵᠦ᠂ ᠡᠯ᠎ᠡ ᠪᠠᠶᠢᠭᠤᠯᠭ᠎ᠠ ᠨᠢᠭᠡᠴᠡ ᠶᠢ ᠳᠠᠶᠢᠴᠢᠯᠠᠨ ᠠᠵᠢᠯ ᠲᠦᠷᠦᠯ ᠤᠨ ᠭᠤᠣᠯᠯᠠᠨ ᠬᠠᠮᠢᠶᠠᠷᠬᠤ ᠬᠦᠷᠢᠶᠡᠨ ᠤ ᠲᠣᠮᠣ ᠬᠡᠯᠪᠡᠷᠢ ᠶᠢᠨ LED | ᠳᠡᠯᠭᠡᠴᠡ᠂ ᠤᠬᠠᠭᠤᠯᠭ᠎ᠠ ᠶᠢᠨ ᠳᠠᠪᠴᠠᠩ᠂ ᠤᠬᠠᠭᠤᠯᠭ᠎ᠠ ᠶᠢᠨ ᠴᠤᠩᠬᠤᠪᠴᠢ ᠵᠡᠷᠭᠡ ᠠᠴᠢᠶᠠᠯᠠᠪᠤᠷᠢ ᠶᠢ ᠭᠦᠢᠴᠡᠳ ᠠᠰᠢᠭᠯᠠᠨ ᠡᠭᠦᠳᠦᠨ ᠪᠠᠶᠢᠭᠤᠯᠬᠤ ᠤᠬᠠᠭᠤᠯᠭ᠎ᠠ | ᠶᠢ ᠦᠷᠭᠦᠯᠵᠢᠯᠡᠨ ᠥᠷᠨᠢᠭᠦᠯᠵᠦ᠂ ᠬᠤᠶᠠᠷ ᠢ ᠬᠦᠷᠢᠶᠡᠯᠡᠵᠦ ᠬᠠᠮᠲᠤᠪᠠᠷ ᠪᠠᠶᠢᠭᠤᠯᠬᠤ ᠠᠭᠤᠷ ᠠᠮᠢᠰᠬᠤᠯ ᠢ ᠬᠡᠪ ᠵᠠᠩᠰᠢᠯ ᠪᠤᠯᠭᠠᠨ᠂ ᠬᠤᠶᠠᠷ ᠢ ᠬᠦᠷᠢᠶᠡᠯᠡᠵᠦ | ᠬᠠᠮᠲᠤ ᠪᠠᠷ ᠪᠠᠶᠢᠭᠤᠯᠬᠤ ᠢᠷᠠᠭᠤ ᠠᠯᠳᠠᠷ ᠤᠨ ᠬᠠᠭᠤᠳᠠᠰᠤ ᠶᠢ ᠬᠠᠮᠲᠤ ᠪᠠᠷ ᠪᠢᠴᠢᠭᠯᠡᠵᠤ ᠪᠠᠶᠢᠨ᠎ᠠ᠃ | | | | | | | | | | | | | | | | | | |