ᠭᠤᠤ ᠢ ᠳ᠋ᠦᠩ ᠪᠠᠢ ᠳ᠋ᠦ᠋ ᠣᠶᠤᠨᠲᠤ ᠡᠬᠦᠯᠡᠨᠴᠢᠷ ᠤᠨ ᠪᠡᠭᠡᠵᠢᠩ ᠤᠨ ᠤᠷᠤᠨ ᠪᠦᠰᠡ ᠶᠢᠨ ᠶᠡᠷᠦᠩᠬᠡᠢ ᠳᠠᠭᠠᠭᠠᠮᠠᠯ ᠬᠤᠸᠠᠩ ᠸᠧᠢ ᠨᠠᠷ ᠲᠠᠢ ᠠᠭᠤᠯᠵᠠᠪᠠ
ᠨᠡᠶᠢᠲᠡᠯᠡᠭᠰᠡᠨ ᠴᠠᠭ᠄
2024/8/29
      8 ᠰᠠᠷ᠎ᠠ ᠶᠢᠨ 28 ᠤ ᠡᠳᠦᠷ᠂ ᠣᠷᠳᠣᠰ ᠤᠨ ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠤᠨ ᠨᠡᠭᠡᠭᠡᠯᠲᠡ ᠶᠢᠨ ᠲᠣᠭᠤᠷᠢᠭ ᠤᠨ ᠨᠠᠮ ᠤᠨ ᠠᠵᠢᠯᠯᠠᠬᠤ ᠬᠤᠷᠢᠶᠠᠨ ᠤ ᠱᠦᠵᠢ᠂ ᠳ᠋ᠦᠩᠱᠧᠩ ᠲᠣᠭᠤᠷᠢᠭ ᠤᠨ ᠨᠠᠮ ᠤᠨ ᠬᠤᠷᠢᠶ᠎ᠠ ᠶᠢᠨ ᠱᠦᠵᠢ ᠭᠤᠸ ᠢ ᠳ᠋ᠦᠩ ᠪᠠᠢ ᠳ᠋ᠦ᠋ ᠣᠶᠤᠨᠲᠤ ᠡᠬᠦᠯᠡᠨᠴᠢᠷ ᠤᠨ ᠪᠡᠭᠡᠵᠢᠩ ᠤᠨ ᠤᠷᠤᠨ ᠪᠦᠰᠡ ᠶᠢᠨ ᠶᠡᠷᠦᠩᠬᠡᠢ ᠳᠠᠭᠠᠭᠠᠮᠠᠯ ᠬᠤᠸᠠᠩ ᠸᠧᠢ ᠨᠠᠷ ᠲᠠᠢ ᠠᠭᠤᠯᠵᠠᠪᠠ᠃       ᠭᠤᠸ ᠢ ᠳ᠋ᠦᠩ ᠬᠤᠸᠠᠩ ᠸᠧᠢ ᠨᠠᠷ ᠤᠨ ᠬᠦᠷᠦᠯᠴᠡᠨ ᠢᠷᠡᠭᠰᠡᠨ ᠢ ᠪᠠᠶᠠᠷᠯᠠᠨ ᠤᠭᠲᠤᠵᠤ ᠪᠠᠶᠢᠬᠤ ᠪᠠᠨ ᠢᠯᠡᠳᠬᠡᠪᠡ᠃ ᠲᠡᠷᠡ᠂ ᠣᠳᠣᠬᠠᠨ ᠳᠤ᠂ ᠳᠡᠭᠡᠳᠦ ᠰᠢᠨ᠎ᠡ ᠮᠡᠷᠭᠡᠵᠢᠯ ᠤᠨ ᠲᠣᠭᠤᠷᠢᠭ᠂ ᠳ᠋ᠦᠩᠱᠧᠩ ᠲᠣᠭᠤᠷᠢᠭ ᠤᠨ ᠬᠢᠨ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ ᠪᠣᠯᠣᠨ ᠰᠢ ᠶᠢᠨ ᠫᠢᠩ ᠶᠡᠷᠦᠩᠬᠡᠢ ᠱᠦᠵᠢ ᠶᠢᠨ ᠥᠪᠥᠷ ᠮᠣᠩᠭᠤᠯ ᠳᠤ ᠥᠭᠭᠦᠭᠰᠡᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠰᠢᠨ᠎ᠡ ᠴᠢᠨᠠᠷ ᠪᠦᠬᠦᠢ ᠦᠢᠯᠡᠳᠪᠦᠷᠢᠯᠡᠯ ᠤᠨ ᠬᠦᠴᠦᠨ ᠢ ᠬᠥᠭᠵᠢᠭᠦᠯᠬᠦ ᠶᠢ ᠲᠣᠪᠣᠶᠢᠮ᠎ᠠ ᠪᠠᠶᠢᠷᠢᠨ ᠳᠤ ᠲᠠᠯᠪᠢᠵᠤ᠂ ᠲᠣᠭᠠᠴᠢᠯᠠᠭᠰᠠᠨ ᠠᠵᠤ ᠠᠬᠤᠢ ᠶᠢᠨ ᠲᠦᠷᠭᠡᠨ ᠬᠥᠭᠵᠢᠯᠲᠡ ᠶᠢ ᠡᠷᠡᠰ ᠭᠤᠶᠢᠪᠢᠰᠢ ᠦᠭᠡᠢ ᠪᠠᠷ ᠠᠬᠢᠭᠤᠯᠵᠤ ᠪᠠᠶᠢᠨ᠎ᠠ᠃ ᠪᠠᠢ ᠳ᠋ᠦ᠋ ᠤᠶᠤᠨᠴᠢ ᠡᠬᠦᠯᠡᠨᠴᠢᠷ ᠲᠤ ᠦᠯᠡᠮᠵᠢ ᠤᠯᠠᠨ ᠰᠢᠯᠢᠳᠡᠭ ᠴᠢᠳᠠᠪᠤᠷᠢᠲᠠᠨ ᠴᠤᠭᠯᠠᠷᠠᠵᠤ᠂ ᠤᠯᠤᠰ ᠤᠨ ᠳᠣᠲᠣᠭᠠᠳᠤ ᠶᠢᠨ ᠬᠠᠮᠤᠭ ᠤᠨ ᠴᠡᠴᠡᠭᠯᠡᠨ ᠬᠥᠭᠵᠢᠭᠰᠡᠨ AI ᠶᠢᠨ ᠤᠤᠭᠠᠯ ᠠᠵᠤ ᠦᠢᠯᠡᠰ ᠤᠨ ᠠᠮᠢ ᠠᠬᠤᠢ ᠶᠢ ᠴᠣᠭᠴᠠᠯᠠᠨ ᠪᠠᠶᠢᠭᠤᠯᠤᠭᠰᠠᠨ ᠪᠠᠶᠢᠳᠠᠯ ᠳᠤᠤᠷ᠎ᠠ᠂ ᠤᠳᠤᠬᠠᠨ ᠳᠤ ᠳᠡᠭᠡᠳᠦ ᠰᠢᠨ᠎ᠡ ᠮᠡᠷᠭᠡᠵᠢᠯ ᠤᠨ ᠲᠣᠭᠤᠷᠢᠭ᠂ ᠳ᠋ᠦᠩᠱᠧᠩ ᠲᠣᠭᠤᠷᠢᠭ ᠲᠤ ᠢᠷᠡᠬᠦ ᠨᠢ ᠮᠠᠰᠢ ᠳᠤᠬᠢᠷᠠᠮᠵᠢᠳᠡᠢ ᠪᠠᠶᠢᠨ᠎ᠠ᠂ ᠪᠢᠳᠡ ᠠᠵᠤ ᠠᠬᠤᠶᠢᠯᠠᠯᠲᠠᠨ ᠲᠠᠢ ᠤᠯᠠᠮ ᠴᠢᠨᠠᠭᠰᠢᠳᠠ ᠰᠠᠨᠠᠯ ᠢᠶᠠᠨ ᠰᠣᠯᠢᠯᠴᠠᠵᠤ᠂ ᠨᠡᠩ ᠤᠯᠠᠨ ᠠᠵᠤ ᠠᠬᠤᠶᠢᠯᠠᠯ ᠪᠠ ᠣᠷᠣᠨ ᠨᠤᠲᠤᠭ ᠤᠨ ᠬᠠᠮᠲᠤᠷᠠᠯᠴᠠᠭᠠᠨ ᠤ ᠨᠡᠶᠢᠯᠡᠯᠲᠡ ᠶᠢᠨ ᠴᠢᠭ ᠢ ᠣᠯᠬᠤ ᠶᠢ ᠴᠢᠩ ᠰᠡᠳᠬᠢᠯ ᠠᠴᠠ ᠪᠠᠨ ᠬᠦᠰᠡᠵᠦ ᠪᠠᠶᠢᠨ᠎ᠠ᠃ ᠪᠢᠳᠠ ᠲᠡᠷᠢᠭᠦᠨ  ᠤ ᠬᠤᠳᠠᠯᠳᠤᠭ᠎ᠠ ᠡᠷᠬᠢᠯᠡᠬᠦ ᠣᠷᠴᠢᠨ ᠨᠦᠬᠦᠴᠡᠯ ᠢᠶᠠᠷ ᠢᠶᠠᠨ ᠦᠢᠯᠡᠴᠢᠯᠡᠬᠡᠨ ᠤ ᠪᠠᠲᠤᠯᠠᠭ᠎ᠠ ᠶᠢᠨ ᠠᠵᠢᠯ ᠢ ᠪᠦᠬᠦ ᠬᠦᠴᠦᠨ ᠢᠶᠠᠷ ᠢᠶᠠᠨ ᠰᠠᠶᠢᠲᠤᠷ ᠬᠢᠵᠦ᠂ ᠠᠵᠤ ᠠᠬᠤᠶᠢᠯᠠᠯ ᠪᠠ ᠣᠷᠣᠨ ᠨᠤᠲᠤᠭ ᠤᠨ ᠬᠠᠮᠲᠤᠪᠠᠷ ᠠᠰᠢᠭ ᠬᠦᠷᠳᠡᠬᠦ ᠬᠥᠭᠵᠢᠯᠲᠡ ᠶᠢ ᠪᠡᠶᠡᠯᠡᠭᠦᠯᠦᠨ᠎ᠡ᠃       ᠬᠤᠸᠠᠩ ᠸᠧᠢ ᠨᠠᠷ ᠪᠠᠢ ᠳ᠋ᠦ᠋ ᠣᠶᠤᠨᠲᠤ ᠡᠬᠦᠯᠡᠨᠴᠢᠷ ᠤᠨ ᠮᠡᠷᠭᠡᠵᠢᠯ ᠤᠨ ᠰᠤᠳᠤᠯᠤᠨ ᠨᠡᠭᠡᠭᠡᠯᠲᠡ᠂ ᠠᠵᠢᠯ ᠲᠥᠷᠥᠯ ᠤᠨ ᠬᠡᠷᠡᠭᠯᠡᠭᠡ᠂ ᠲᠤᠬᠠᠶᠢᠯᠠᠭᠰᠠᠨ ᠠᠵᠢᠯ ᠤᠨ ᠪᠠᠶᠢᠷᠢᠯᠠᠭᠤᠯᠤᠯᠲᠠ ᠵᠡᠷᠭᠡ ᠪᠠᠶᠢᠳᠠᠯ ᠢ ᠲᠠᠨᠢᠯᠴᠠᠭᠤᠯᠵᠤ᠂ ᠳᠡᠭᠡᠳᠦ ᠰᠢᠨ᠎ᠡ ᠮᠡᠷᠭᠡᠵᠢᠯ ᠤᠨ ᠲᠣᠭᠤᠷᠢᠭ ᠪᠣᠯᠣᠨ ᠳ᠋ᠦᠩᠱᠧᠩ ᠲᠣᠭᠤᠷᠢᠭ ᠤᠨ ᠬᠥᠭᠵᠢᠯᠲᠡ ᠶᠢᠨ ᠬᠠᠨᠳᠤᠰᠢ ᠡᠷᠴᠢᠮᠲᠡᠢ᠂ ᠠᠵᠤ ᠦᠢᠯᠡᠰ ᠤᠨ ᠳᠠᠪᠠᠭᠤᠯᠢᠭ ᠢᠯᠡᠷᠬᠡᠢ᠂ ᠬᠡᠷᠡᠭᠯᠡᠬᠡᠨ ᠤ ᠤᠷᠴᠢᠨ ᠥᠷᠭᠡᠨ ᠠᠭᠤᠳᠠᠮ ᠪᠠᠶᠢᠵᠤ᠂ ᠭᠤᠣᠯᠳᠠᠯᠭ᠎ᠠ ᠲᠠᠢ ᠬᠦᠷᠢᠶ᠎ᠡ ᠳᠤ ᠠᠩᠬᠠᠷᠤᠯ ᠢᠶᠠᠨ  ᠲᠦᠪᠯᠡᠷᠡᠬᠦᠯᠦᠨ᠂ ᠣᠷᠣᠨ ᠨᠤᠲᠤᠭ ᠤᠨ ᠲᠣᠭᠠᠴᠢᠯᠠᠭᠰᠠᠨ ᠠᠵᠤ ᠠᠬᠤᠢ ᠶᠢᠨ ᠬᠥᠭᠵᠢᠯᠲᠡ ᠳᠤ ᠭᠦᠨᠵᠡᠭᠡᠢ ᠣᠷᠣᠯᠴᠠᠵᠤ᠂ ᠪᠣᠳᠠᠲᠠᠢ ᠶᠢ ᠡᠷᠬᠢᠮᠯᠡᠭᠰᠡᠨ ᠬᠠᠮᠲᠤᠷᠠᠯᠴᠠᠭᠠᠨ ᠤ ᠦᠷ᠎ᠡ ᠪᠦᠲᠦᠭᠡᠯ ᠢ ᠪᠤᠢ ᠪᠣᠯᠭᠠᠬᠤ ᠶᠢ ᠠᠬᠢᠭᠤᠯᠵᠤ᠂ ᠭᠠᠵᠠᠷ ᠣᠷᠣᠨ ᠤ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠳᠤ ᠬᠦᠴᠦᠨ ᠴᠢᠳᠠᠯ ᠢᠶᠠᠨ ᠡᠷᠭᠦᠨ᠎ᠡ ᠭᠡᠵᠦ ᠢᠯᠡᠳᠬᠡᠵᠡᠢ᠃       ᠳᠡᠭᠡᠳᠦ ᠰᠢᠨ᠎ᠡ ᠮᠡᠷᠭᠡᠵᠢᠯ ᠤᠨ ᠲᠣᠭᠤᠷᠢᠭ᠂ ᠳ᠋ᠦᠩᠱᠧᠩ ᠲᠣᠭᠤᠷᠢᠭ ᠤᠨ ᠤᠳᠤᠷᠢᠳᠤᠯᠭ᠎ᠠ ᠯᠢᠦᠢ ᠶᠣᠣ ᠹᠧᠩ᠂ ᠯᠢᠦ ᠬᠤᠢ ᠪᠢᠨ᠂ ᠳ᠋ᠦ᠋ ᠵᠢᠢ ᠺᠤᠸᠠᠨ ᠵᠢᠴᠢ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠳᠠᠳ ᠣᠷᠣᠯᠴᠠᠪᠠ᠃
ᠢᠷᠡᠯᠲᠡ᠄ ᠳ᠋ᠦᠩᠱᠧᠩ ᠳᠤᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ