ᠭᠤᠤ ᠢ ᠳ᠋ᠦᠩ ᠱᠠᠨᠳᠦ᠋ᠩ ᠤᠨ ᠸᠧᠢ ᠨᠧᠩ ᠪᠤᠬᠢᠷᠳᠤᠯ ᠦᠬᠡᠢ ᠴᠠᠬᠢᠯᠭᠠᠨ ᠡᠭᠦᠰᠬᠡᠭᠴᠢ ᠶᠢᠨ ᠰᠢᠨᠵᠢᠯᠡᠭᠡ ᠮᠡᠷᠭᠡᠵᠢᠯ ᠤᠨ ᠬᠤᠪᠢ ᠣᠷᠣᠭᠤᠯᠤᠭᠰᠠᠨ ᠬᠢᠵᠠᠭᠠᠷᠲᠤ ᠺᠣᠮᠫᠠᠨᠢ ᠶᠢᠨ ᠬᠡᠷᠡᠭ ᠮᠡᠳᠡᠭᠴᠢᠳ ᠤᠨ ᠳᠠᠷᠤᠭ᠎ᠠ ᠵᠠᠩ ᠵᠢᠶᠦ᠋ᠨ ᠨᠠᠨ ᠲᠠᠢ ᠠᠭᠤᠯᠵᠠᠪᠠ
ᠨᠡᠶᠢᠲᠡᠯᠡᠭᠰᠡᠨ ᠴᠠᠭ᠄
2024/8/30
      8 ᠰᠠᠷ᠎ᠠ ᠶᠢᠨ 29 ᠤ ᠡᠳᠦᠷ᠂ ᠣᠷᠳᠣᠰ ᠤᠨ ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠤᠨ ᠨᠡᠭᠡᠭᠡᠯᠲᠡ ᠶᠢᠨ ᠲᠣᠭᠤᠷᠢᠭ ᠤᠨ ᠨᠠᠮ ᠤᠨ ᠠᠵᠢᠯᠯᠠᠬᠤ ᠬᠤᠷᠢᠶᠠᠨ ᠤ ᠱᠦᠵᠢ᠂ ᠳ᠋ᠦᠩᠱᠧᠩ ᠲᠣᠭᠤᠷᠢᠭ ᠤᠨ ᠨᠠᠮ ᠤᠨ ᠬᠤᠷᠢᠶᠠᠨ ᠤ ᠱᠦᠵᠢ ᠭᠤᠸ ᠢ ᠳ᠋ᠦᠩ ᠱᠠᠨᠳᠦ᠋ᠩ ᠤᠨ ᠸᠧᠢ ᠨᠧᠩ ᠪᠤᠬᠢᠷᠳᠤᠯ ᠦᠬᠡᠢ ᠴᠠᠬᠢᠯᠭᠠᠨ ᠡᠬᠦᠰᠬᠡᠭᠴᠢ ᠶᠢᠨ ᠰᠢᠨᠵᠢᠯᠡᠭᠡ ᠮᠡᠷᠭᠡᠵᠢᠯ ᠤᠨ ᠬᠤᠪᠢ ᠣᠷᠣᠭᠤᠯᠤᠭᠰᠠᠨ ᠬᠢᠵᠠᠭᠠᠷᠲᠤ ᠺᠣᠮᠫᠠᠨᠢ ᠶᠢᠨ ᠬᠡᠷᠡᠭ ᠮᠡᠳᠡᠭᠴᠢᠳ ᠤᠨ ᠳᠠᠷᠤᠭ᠎ᠠ ᠵᠠᠩ ᠵᠢᠶᠦ᠋ᠨ ᠨᠠᠨ ᠨᠠᠷ ᠲᠠᠢ ᠠᠭᠤᠯᠵᠠᠪᠠ᠃       ᠭᠤᠤ ᠢ ᠳ᠋ᠦᠩ ᠵᠠᠩ ᠵᠢᠶᠦ᠋ᠨ ᠨᠠᠨ ᠨᠠᠷ ᠤᠨ ᠬᠦᠷᠦᠯᠴᠡᠨ ᠢᠷᠡᠭᠰᠡᠨ ᠢ ᠪᠠᠶᠠᠷᠯᠠᠨ ᠤᠭᠲᠤᠵᠤ ᠪᠠᠶᠢᠬᠤ ᠪᠠᠨ ᠢᠯᠡᠳᠬᠡᠪᠡ᠃ ᠲᠡᠷᠡ᠂ ᠳᠡᠭᠡᠳᠦ ᠰᠢᠨ᠎ᠡ ᠮᠡᠷᠭᠡᠵᠢᠯ ᠤᠨ ᠲᠣᠭᠤᠷᠢᠭ᠂ ᠳ᠋ᠦᠩᠱᠧᠩ ᠲᠣᠭᠤᠷᠢᠭ ᠤᠨ ᠬᠢᠨ ᠤᠳᠤ ᠦᠶ᠎ᠡ ᠶᠢᠨ ᠡᠨᠧᠷᠭᠢ ᠶᠢᠨ ᠠᠵᠤ ᠠᠬᠤᠢ ᠶᠢ ᠰᠠᠶᠢᠲᠤᠷ ᠴᠤᠭᠴᠠᠯᠠᠬᠤ ᠶᠢᠨ ᠲᠣᠭᠤᠷᠢᠨ ᠳᠤ᠂ ᠰᠢᠨ᠎ᠡ ᠡᠨᠧᠷᠭᠢ ᠶᠢᠨ ᠬᠠᠩᠭᠠᠯᠭ᠎ᠠ ᠶᠢ ᠬᠦᠴᠦᠯᠡᠨ ᠰᠢᠯᠢᠳᠡᠭᠵᠢᠭᠦᠯᠵᠦ᠂ ᠲᠡᠷᠢᠭᠦᠨ ᠤ ᠠᠵᠤ ᠠᠬᠤᠶᠢᠯᠠᠯ ᠢ ᠣᠷᠣᠭᠤᠯᠤᠨ ᠠᠪᠴᠢᠷᠠᠬᠤ ᠡᠷᠴᠢᠮ ᠢᠶᠠᠨ ᠴᠢᠩᠭᠠᠷᠠᠭᠤᠯᠤᠨ᠂ ᠳᠣᠣᠷᠠᠳᠤ ᠤᠷᠤᠰᠬᠠᠯ ᠵᠢᠴᠢ ᠢᠵᠢ ᠪᠦᠷᠢᠳᠦᠭᠰᠡᠨ ᠠᠵᠤ ᠦᠢᠯᠡᠰ ᠢ ᠲᠡᠭᠦᠯᠳᠡᠷᠵᠢᠭᠦᠯᠵᠦ᠂ ᠰᠢᠨ᠎ᠡ ᠡᠨᠧᠷᠭᠢ ᠶᠢᠨ ᠲᠤᠨᠤᠭ ᠲᠥᠬᠦᠭᠡᠷᠦᠮᠵᠢ ᠦᠢᠯᠡᠳᠬᠦ ᠠᠵᠤ ᠦᠢᠯᠡᠰ ᠤᠨ ᠬᠥᠭᠵᠢᠯᠲᠡ  ᠶᠢ ᠢᠳᠡᠪᠬᠢᠲᠡᠢ ᠠᠬᠢᠭᠤᠯᠵᠤ ᠪᠠᠶᠢᠨ᠎ᠠ᠃ ᠱᠠᠨᠳᠦ᠋ᠩ ᠤᠨ ᠸᠧᠢ ᠨᠧᠩ ᠪᠤᠬᠢᠷᠳᠤᠯ ᠦᠬᠡᠢ ᠴᠠᠬᠢᠯᠭᠠᠨ ᠡᠭᠦᠰᠬᠡᠭᠴᠢ ᠶᠢᠨ ᠰᠢᠨᠵᠢᠯᠡᠭᠡ ᠮᠡᠷᠭᠡᠵᠢᠯ ᠤᠨ ᠬᠤᠪᠢ ᠣᠷᠣᠭᠤᠯᠤᠭᠰᠠᠨ ᠬᠢᠵᠠᠭᠠᠷᠲᠤ ᠺᠣᠮᠫᠠᠨᠢ ᠪᠣᠯ ᠤᠯᠤᠰ ᠤᠨ ᠳᠣᠲᠣᠭᠠᠳᠤ ᠶᠢᠨ ᠳ᠋ᠢᠶᠠᠨ ᡂᠢ ᠶᠢᠨ ᠮᠡᠷᠭᠡᠵᠢᠯ ᠤᠨ ᠬᠦᠷᠢᠶᠡᠨ ᠤ ᠳᠤᠯᠤᠭᠠᠶᠢᠯᠠᠭᠴᠢ ᠠᠵᠤ ᠠᠬᠤᠶᠢᠯᠠᠯ ᠪᠣᠯᠣᠨ᠎ᠠ᠂ ᠲᠦᠷᠦᠯ ᠵᠦᠢᠯ ᠢ ᠣᠷᠣᠭᠤᠯᠤᠨ ᠠᠪᠴᠢᠷᠠᠬᠤ ᠨᠢ ᠭᠠᠵᠠᠷ ᠣᠷᠣᠨ ᠤ ᠰᠢᠨ᠎ᠡ ᠡᠨᠧᠷᠭᠢ ᠶᠢᠨ ᠮᠠᠲ᠋ᠧᠷᠢᠶᠠᠯ ︱ ᠴᠠᠬᠢᠯᠭᠠᠨ ᠭᠠᠷᠭᠠᠬᠤ ︱ ᠡᠨᠧᠷᠭᠢ ᠬᠠᠳᠠᠭᠠᠯᠠᠬᠤ ᠪᠦᠬᠦ ᠠᠵᠤ ᠦᠢᠯᠡᠰ ᠤᠨ ᠬᠡᠯᠬᠢᠶ᠎ᠡ ᠶᠢᠨ ᠵᠠᠩᠭᠢᠯᠠᠭ᠎ᠠ ᠶᠢᠨ ᠭᠤᠭᠴᠤᠭ᠎ᠠ ᠶᠢ ᠨᠡᠪᠲᠡᠷᠡᠭᠦᠯᠬᠦ ᠳᠤ ᠬᠦᠴᠦᠨ ᠨᠡᠮᠡᠷᠢᠯᠡᠬᠦ ᠪᠣᠯᠣᠨ᠎ᠠ᠃ ᠠᠵᠤ ᠠᠬᠤᠶᠢᠯᠠᠯ ᠤᠳ ᠠᠵᠤ ᠦᠢᠯᠡᠰ ᠤᠨ ᠲᠥᠯᠦᠪᠵᠢᠭᠦᠯᠭᠡ ᠪᠠᠷ ᠪᠠᠷᠢᠮᠵᠢᠶᠠᠯᠠᠵᠤ᠂ ᠭᠦᠨᠵᠡᠭᠡᠢ ᠰᠢᠨᠵᠢᠯᠡᠨ ᠪᠠᠶᠢᠴᠠᠭᠠᠵᠤ᠂ ᠰᠣᠯᠢᠯᠴᠠᠭ᠎ᠠ ᠬᠠᠮᠲᠤᠷᠠᠯᠴᠠᠭ᠎ᠠ ᠪᠠᠨ ᠠᠬᠢᠭᠤᠯᠬᠤ ᠶᠢ ᠬᠦᠰᠡᠵᠦ ᠪᠠᠶᠢᠨ᠎ᠠ ᠭᠡᠵᠦ ᠵᠢᠭᠠᠵᠤ ᠭᠠᠷᠭᠠᠪᠠ᠃       ᠵᠠᠩ ᠵᠢᠶᠦ᠋ᠨ ᠨᠠᠨ ᠺᠣᠮᠫᠠᠨᠢ ᠶᠢᠨ ᠲᠤᠬᠠᠶᠢᠯᠠᠭᠰᠠᠨ ᠠᠵᠢᠯ ᠤᠨ ᠬᠦᠷᠢᠶ᠎ᠡ ᠬᠡᠪᠴᠢᠶ᠎ᠡ᠂ ᠢᠨᠵᠧᠨᠧᠷᠢᠩ ᠤᠨ ᠮᠡᠷᠭᠡᠵᠢᠯ ᠵᠡᠷᠭᠡ ᠪᠠᠶᠢᠳᠠᠯ ᠢ ᠨᠠᠷᠢᠨ ᠲᠠᠨᠢᠯᠴᠠᠭᠤᠯᠪᠠ᠃ ᠲᠡᠷᠡ ᠬᠡᠯᠡᠬᠦ ᠳᠡᠭᠡᠨ᠂ ᠣᠷᠳᠣᠰ ᠤᠨ ᠡᠬᠢ ᠪᠠᠶᠠᠯᠢᠭ ᠡᠯᠪᠡᠭ ᠳᠡᠯᠪᠡᠭ᠂ ᠬᠥᠭᠵᠢᠯᠲᠡ ᠶᠢᠨ ᠳᠠᠯᠳᠠ ᠬᠦᠴᠦᠨ ᠯᠤᠲᠤ ᠶᠡᠭᠡ᠂ ᠠᠵᠤ ᠠᠬᠤᠶᠢᠯᠠᠯ ᠤᠨ ᠠᠵᠤ ᠦᠢᠯᠡᠰ ᠤᠨ ᠪᠠᠶᠢᠷᠢᠰᠢᠭᠤᠯᠤᠯᠲᠠ ᠯᠤᠭ᠎ᠠ ᠳᠡᠬᠡᠳᠤ ᠬᠡᠮᠵᠢᠶᠡᠨ ᠤ ᠲᠣᠬᠢᠷᠠᠯᠴᠠᠭ᠎ᠠ ᠲᠠᠢ᠂ ᠬᠠᠮᠲᠤᠷᠠᠯᠴᠠᠭᠠᠨ ᠤ ᠠᠯᠤᠰ ᠢᠷᠡᠭᠡᠳᠦᠢ ᠲᠠᠢ ᠪᠠᠶᠢᠵᠤ᠂ ᠨᠢᠭᠡᠨ ᠲᠤᠰᠬᠠᠢ ᠮᠡᠷᠭᠡᠵᠢᠯ ᠤᠨ ᠬᠡᠳᠦ ᠳᠣᠣᠷ᠎ᠠ ᠳᠤᠯᠠᠭᠠᠨ᠂ ᠳᠡᠯᠪᠡᠷᠡᠯᠲᠡ ᠶᠢ ᠰᠡᠷᠭᠡᠶᠢᠯᠡᠬᠦ ᠯᠢᠲ᠋ᠢ ᠢᠶᠤᠨ ᠤ ᠳ᠋ᠢᠶᠠᠨ ᡂᠢ ᠵᠡᠷᠭᠡ ᠶᠢ ᠰᠤᠳᠤᠯᠤᠨ ᠨᠡᠭᠡᠭᠡᠬᠦ᠂ ᠦᠢᠯᠡᠳᠪᠦᠷᠢᠯᠡᠬᠦ᠂ ᠪᠣᠷᠣᠯᠠᠭᠤᠯᠬᠤ ᠶᠢ ᠨᠢᠭᠡ ᠴᠣᠭᠴᠠᠵᠢᠭᠤᠯᠤᠭᠰᠠᠨ ᠳᠡᠭᠡᠳᠦ ᠰᠢᠨ᠎ᠡ ᠮᠡᠷᠭᠡᠵᠢᠯ ᠤᠨ ᠠᠵᠤ ᠠᠬᠤᠶᠢᠯᠠᠯ ᠪᠣᠯᠤᠭᠰᠠᠨ ᠤ ᠬᠤᠪᠢ ᠳᠤ᠂ ᠠᠵᠤ ᠠᠬᠤᠶᠢᠯᠠᠯ ᠤᠨ ᠰᠢᠨ᠎ᠡ ᠮᠡᠷᠭᠡᠵᠢᠯ᠂ ᠰᠢᠨ᠎ᠡ ᠤᠷᠠᠯᠠᠯ᠂ ᠰᠢᠨ᠎ᠡ ᠦᠷ᠎ᠡ ᠪᠦᠲᠦᠭᠡᠯ ᠢ ᠭᠦᠢᠴᠡᠳ ᠪᠠᠳᠠᠷᠠᠭᠤᠯᠵᠤ᠂ ᠬᠠᠮᠲᠤᠷᠠᠯᠴᠠᠭ᠎ᠠ ᠪᠠᠨ ᠴᠢᠨᠠᠭᠰᠢᠳᠠ ᠭᠦᠨᠵᠡᠭᠡᠶᠢᠷᠡᠭᠦᠯᠵᠦ᠂ ᠭᠠᠵᠠᠷ ᠣᠷᠣᠨ ᠤ ᠰᠢᠨ᠎ᠡ ᠡᠨᠧᠷᠭᠢ ᠶᠢᠨ ᠠᠵᠤ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠬᠠᠮᠲᠤᠪᠠᠷ ᠠᠬᠢᠭᠤᠯᠬᠤ ᠪᠣᠯᠣᠨ᠎ᠠ ᠬᠡᠵᠡᠢ᠃       ᠳᠡᠭᠡᠳᠦ ᠰᠢᠨ᠎ᠡ ᠮᠡᠷᠭᠡᠵᠢᠯ ᠤᠨ ᠲᠣᠭᠤᠷᠢᠭ᠂ ᠳ᠋ᠦᠩᠱᠧᠩ ᠲᠣᠭᠤᠷᠢᠭ ᠤᠨ ᠤᠳᠤᠷᠢᠳᠤᠯᠭ᠎ᠠ ᠾᠧ ᠸᠠᠨ ᡁᠢ᠂ ᠯᠢᠦ ᠬᠤᠢ ᠪᠢᠨ᠂ ᠳ᠋ᠦ᠋ ᠵᠢᠢ ᠺᠤᠸᠠᠨ ᠵᠢᠴᠢ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠳᠠᠳ ᠣᠷᠣᠯᠴᠠᠪᠠ᠃        
ᠢᠷᠡᠯᠲᠡ᠄ ᠳ᠋ᠦᠩᠱᠧᠩ ᠳᠤᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ