ᠳ᠋ᠦᠩᠱᠧᠩ ᠲᠣᠭᠤᠷᠢᠭ ᠤᠨ ᠵᠠᠰᠠᠭ ᠤᠨ ᠣᠷᠳᠣᠨ ᠣᠯᠠᠨ ᠲᠦᠮᠡᠨ ᠤ ᠣᠷᠣᠨ ᠰᠠᠭᠤᠴᠠ ᠶᠢᠨ ︽ᠦᠨᠡᠮᠯᠡᠯ ᠠᠪᠬᠤ ᠳᠤ ᠬᠦᠴᠢᠷᠲᠡᠢ︾ ᠠᠰᠠᠭᠤᠳᠠᠯ ᠢ ᠲᠤᠰᠬᠠᠢ ᠴᠡᠭᠴᠡᠯᠡᠨ ᠵᠠᠰᠠᠬᠤ ᠠᠵᠢᠯ ᠢ ᠠᠬᠢᠭᠤᠯᠬᠤ ᠠᠵᠢᠯ ᠳᠤ ᠳᠤᠰᠬᠠᠢ ᠰᠡᠳᠤᠪᠳᠤ ᠳᠤᠬᠢᠷᠠᠭᠤᠯᠤᠯᠳᠠ ᠬᠢᠪᠡ
ᠨᠡᠶᠢᠲᠡᠯᠡᠭᠰᠡᠨ ᠴᠠᠭ᠄
2024/8/30
      8 ᠰᠠᠷ᠎ᠠ ᠶᠢᠨ 29 ᠤ ᠡᠳᠦᠷ᠂ ᠳ᠋ᠦᠩᠱᠧᠩ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠲᠣᠭᠤᠷᠢᠭ ᠤᠨ ᠳᠠᠷᠤᠭ᠎ᠠ ᠬᠠᠨ ᠲᠤᠸ ᠲᠤᠰᠬᠠᠢ ᠰᠡᠳᠦᠪᠲᠦ ᠬᠤᠷᠠᠯ ᠢ ᠡᠷᠭᠢᠯᠡᠨ ᠬᠤᠷᠠᠯᠳᠤᠭᠤᠯᠵᠤ᠂ ᠣᠯᠠᠨ ᠲᠦᠮᠡᠨ ᠤ ᠣᠷᠣᠨ ᠰᠠᠭᠤᠴᠠ ᠶᠢᠨ ︽ᠦᠨᠡᠮᠯᠡᠯ ᠠᠪᠬᠤ ᠳᠤ ᠬᠦᠴᠢᠷᠲᠡᠢ︾ ᠪᠠᠶᠢᠬᠤ ᠠᠰᠠᠭᠤᠳᠠᠯ ᠢ ᠲᠤᠰᠬᠠᠢ ᠴᠡᠭᠴᠡᠯᠡᠨ ᠵᠠᠰᠠᠬᠤ ᠠᠵᠢᠯ ᠢ ᠲᠣᠬᠢᠷᠠᠭᠤᠯᠤᠨ ᠠᠬᠢᠭᠤᠯᠵᠤ᠂ ᠲᠦᠭᠵᠢᠷᠡᠯ ᠲᠠᠢ ᠠᠰᠠᠭᠤᠳᠠᠯ ᠪᠠ ᠲᠦᠪᠡᠭᠲᠡᠢ ᠠᠰᠠᠭᠤᠳᠠᠯ ᠢ ᠰᠤᠳᠤᠯᠤᠨ ᠰᠢᠢᠳᠪᠦᠷᠢᠯᠡᠵᠦ᠂ ᠣᠷᠣᠨ ᠰᠠᠭᠤᠴᠠ ᠶᠢᠨ ᠦᠨᠡᠮᠯᠡᠯ ᠠᠪᠬᠤ ᠶᠢ ᠲᠦᠷᠭᠡᠪᠴᠢᠯᠡᠨ ᠠᠬᠢᠭᠤᠯᠵᠤ᠂ ᠣᠯᠠᠨ ᠲᠦᠮᠡᠨ ᠤ ᠲᠣᠰ ᠪᠡᠶ᠎ᠡ ᠶᠢᠨ ᠠᠰᠢᠭ ᠲᠤᠰᠠ ᠶᠢ ᠪᠥᠬᠦ ᠬᠦᠴᠦᠨ ᠢᠶᠠᠷ ᠢᠶᠠᠨ ᠬᠠᠮᠠᠭᠠᠯᠠᠨ ᠪᠠᠲᠤᠯᠠᠪᠠ᠃       ᠬᠤᠷᠠᠯ ᠳᠡᠭᠡᠷ᠎ᠡ᠂ ᠬᠤᠲᠠ ᠶᠢᠨ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ ᠶᠢᠨ ᠳ᠋ᠦᠩᠱᠧᠩ ᠲᠣᠭᠤᠷᠢᠭ ᠤᠨ ᠬᠤᠪᠢᠶᠠᠷᠢ ᠲᠣᠪᠴᠢᠶ᠎ᠠ ᠠᠴᠠ ᠣᠷᠣᠨ ᠰᠠᠭᠤᠴᠠ ᠶᠢᠨ ︽ᠦᠨᠡᠮᠯᠡᠯ ᠠᠪᠬᠤ ᠳᠤ ᠬᠦᠴᠢᠷᠲᠡᠢ︾ ᠠᠰᠠᠭᠤᠳᠠᠯ ᠢ ᠲᠤᠰᠬᠠᠢ ᠴᠡᠭᠴᠡᠯᠡᠨ ᠵᠠᠰᠠᠬᠤ ᠠᠵᠢᠯ ᠤᠨ ᠪᠦᠬᠦᠯᠢ ᠴᠣᠭᠴᠠ ᠶᠢᠨ ᠪᠠᠶᠢᠳᠠᠯ ᠢ ᠵᠠᠷᠯᠠᠨ ᠮᠡᠳᠡᠭᠳᠡᠪᠡ︔ ᠬᠤᠯᠪᠣᠭᠳᠠᠯ ᠪᠦᠬᠦᠢ ᠳᠠᠭᠠᠭᠠᠴᠢᠯᠠᠨ ᠬᠤᠯᠪᠣᠭᠠᠯᠠᠭᠰᠠᠨ ᠤᠳᠤᠷᠢᠳᠤᠯᠭ᠎ᠠ ᠶᠢᠨ ᠳᠠᠭᠠᠭᠠᠴᠢᠯᠠᠨ ᠬᠤᠯᠪᠣᠭᠠᠯᠠᠭᠰᠠᠨ ᠬᠡᠰᠡᠭ ᠲᠣᠭᠤᠷᠢᠭ ᠤᠨ ᠣᠷᠣᠨ ᠰᠠᠭᠤᠴᠠ ᠶᠢᠨ ᠲᠥᠷᠥᠯ ᠵᠦᠢᠯ ᠤᠨ ᠦᠨᠡᠮᠯᠡᠯ ᠠᠪᠬᠤ ᠠᠵᠢᠯ ᠢ ᠠᠬᠢᠭᠤᠯᠤᠭᠰᠠᠨ ᠪᠠᠶᠢᠳᠠᠯ ᠤᠨ ᠲᠤᠬᠠᠢ ᠬᠠᠷᠢᠭᠤ ᠮᠡᠳᠡᠭᠦᠯᠦᠯᠲᠡ ᠶᠢ ᠰᠣᠨᠣᠰᠪᠠ᠃       ᠬᠤᠷᠠᠯ ᠠᠴᠠ᠂ ᠣᠯᠠᠨ ᠲᠦᠮᠡᠨ ᠤ ᠣᠷᠣᠨ ᠰᠠᠭᠤᠴᠠ ᠶᠢᠨ ︽ᠦᠨᠡᠮᠯᠡᠯ ᠠᠪᠬᠤ ᠳᠤ ᠬᠦᠴᠢᠷᠲᠡᠢ︾ ᠠᠰᠠᠭᠤᠳᠠᠯ ᠢ ᠴᠡᠭᠴᠡᠯᠡᠨ ᠵᠠᠰᠠᠬᠤ ᠠᠵᠢᠯ ᠢ ᠲᠦᠷᠭᠡᠪᠴᠢᠯᠡᠨ ᠠᠬᠢᠭᠤᠯᠬᠤ ᠨᠢ ᠥᠷᠭᠡᠨ ᠣᠯᠠᠨ ᠲᠦᠮᠡᠨ ᠤ ᠬᠤᠪᠢ ᠪᠡᠶ᠎ᠡ ᠶᠢᠨ ᠠᠰᠢᠭ ᠲᠤᠰᠠ ᠲᠠᠢ ᠬᠤᠯᠪᠣᠭᠳᠠᠵᠤ᠂ ᠭᠡᠷ ᠪᠠᠶᠢᠰᠢᠩ ᠭᠠᠵᠠᠷ ᠬᠥᠷᠥᠩᠭᠡ ᠶᠢᠨ ᠦᠢᠯᠡᠰ ᠤᠨ ᠡᠷᠡᠭᠦᠯ ᠢᠶᠠᠷ ᠬᠥᠭᠵᠢᠬᠦ ᠳᠤ ᠬᠤᠯᠪᠣᠭᠳᠠᠵᠤ ᠪᠠᠶᠢᠳᠠᠭ᠃ ᠡᠯ᠎ᠡ ᠰᠠᠯᠠᠭ᠎ᠠ ᠮᠥᠴᠢᠷ ᠡᠯ᠎ᠡ ᠨᠢᠭᠡᠴᠡ ᠶᠢᠨ ᠬᠢᠨ ᠲᠥᠪᠯᠡᠷᠡᠭᠦᠯᠦᠨ ᠪᠣᠭᠤᠮᠲᠠ ᠰᠢᠪᠲᠤᠯᠬᠤ ᠪᠠᠨ ᠴᠢᠩᠭᠠᠳᠬᠠᠵᠤ᠂ ᠳᠡᠭᠡᠳᠦ ᠱᠠᠲᠤᠨ ᠤ ᠬᠤᠯᠪᠣᠭᠳᠠᠯ ᠪᠦᠬᠦᠢ ᠬᠤᠷᠠᠯ ᠤᠨ ᠵᠣᠷᠢᠭ ᠰᠠᠨᠠᠭ᠎ᠠ ᠪᠠ ᠠᠵᠢᠯ ᠤᠨ ᠱᠠᠭᠠᠷᠳᠠᠯᠭ᠎ᠠ ᠶᠢ ᠡᠷᠡᠰ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠲᠥᠷᠥ ᠶᠢᠨ ᠪᠣᠳᠣᠯᠭ᠎ᠠ ᠶᠢ ᠨᠡᠪᠲᠡᠷᠡᠲᠡᠯ᠎ᠡ ᠣᠶᠢᠯᠠᠭᠠᠵᠤ ᠭᠦᠢᠴᠡᠳ ᠰᠠᠶᠢᠲᠤᠷ ᠬᠡᠷᠡᠭᠯᠡᠵᠤ᠂ ᠦᠨᠡᠮᠯᠡᠯ ᠠᠪᠬᠤ ᠳᠤ ᠬᠦᠴᠢᠷᠲᠡᠢ ᠪᠠᠶᠢᠬᠤ ᠠᠰᠠᠭᠤᠳᠠᠯ ᠢ ᠰᠢᠢᠳᠪᠦᠷᠢᠯᠡᠬᠦ ᠶᠢ ᠣᠯᠠᠨ ᠲᠦᠮᠡᠨ ᠤ ᠳᠡᠷᠭᠡᠳᠡᠬᠢ ᠲᠥᠪ ᠪᠤᠰᠤ ᠰᠤᠷᠲᠠᠯ ᠪᠠ ᠢᠯᠵᠠᠷᠠᠯ ᠤᠨ ᠠᠰᠠᠭᠤᠳᠠᠯ ᠢ ᠲᠥᠪᠯᠡᠷᠡᠭᠦᠯᠦᠨ ᠴᠡᠭᠴᠡᠯᠡᠨ ᠵᠠᠰᠠᠬᠤ ᠯᠤᠭ᠎ᠠ ᠣᠷᠭᠠᠨᠢᠭ ᠢᠶᠠᠷ ᠤᠶᠠᠯᠳᠤᠭᠤᠯᠵᠤ᠂ ᠨᠠᠩ ᠬᠠᠷᠢᠭᠤᠴᠠᠯᠭᠠᠲᠤ ᠣᠪᠣᠷ᠂ ᠨᠠᠩ ᠬᠦᠴᠦᠲᠡᠢ ᠠᠷᠭ᠎ᠠ ᠬᠡᠮᠵᠢᠶ᠎ᠡ᠂ ᠨᠠᠩ ᠪᠣᠳᠠᠲᠠᠢ ᠶᠢ ᠡᠷᠬᠢᠮᠯᠡᠬᠦ ᠰᠤᠷᠲᠠᠯ ᠢᠶᠠᠷ ᠣᠯᠠᠨ ᠲᠦᠮᠡᠨ ᠤ ᠣᠷᠣᠨ ᠰᠠᠭᠤᠴᠠ ᠶᠢᠨ ︽ᠦᠨᠡᠮᠯᠡᠯ ᠠᠪᠬᠤ ᠳᠤ ᠬᠦᠴᠢᠷᠲᠡᠢ︾ ᠠᠰᠠᠭᠤᠳᠠᠯ ᠢ ᠰᠢᠢᠳᠪᠦᠷᠢᠯᠡᠬᠦ ᠶᠢ ᠠᠬᠢᠭᠤᠯᠬᠤ ᠬᠡᠷᠡᠭᠲᠡᠢ᠃ ᠭᠤᠣᠯᠳᠠᠯᠭ᠎ᠠ ᠶᠢ ᠡᠵᠡᠮᠳᠡᠨ᠂ ᠲᠦᠭᠵᠢᠷᠡᠯ ᠤᠨ ᠴᠢᠭ ᠢ ᠰᠢᠯᠤᠭᠤᠳᠬᠠᠵᠤ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠳᠠᠯᠠᠨ᠂ ᠭᠦᠨᠵᠡᠭᠡᠢ ᠵᠠᠳᠠᠯᠤᠨ ᠰᠤᠳᠤᠯᠤᠨ ᠮᠠᠭᠠᠳᠯᠠᠵᠤ᠂ ᠰᠢᠢᠳᠪᠤᠷᠢᠯᠡᠬᠦᠢ ᠰᠡᠳᠬᠢᠬᠦᠢ ᠪᠠᠨ ᠴᠢᠩᠭᠠᠳᠬᠠᠨ᠂ ᠠᠵᠢᠯ ᠤᠨ ᠠᠷᠭ᠎ᠠ ᠬᠡᠮᠵᠢᠶ᠎ᠡ ᠪᠠᠨ ᠤᠯᠠᠮ ᠴᠢᠨᠠᠭᠰᠢᠳᠠ ᠨᠠᠷᠢᠯᠢᠭᠵᠢᠭᠤᠯᠤᠨ ᠪᠣᠳᠠᠲᠠᠶᠢᠵᠢᠭᠤᠯᠵᠤ᠂ ᠦᠨᠡᠮᠯᠡᠯ ᠠᠪᠬᠤ ᠲᠦᠭᠵᠢᠷᠡᠯ ᠤᠨ ᠴᠢᠭ ᠤᠨ ᠬᠦᠴᠢᠷ ᠠᠰᠠᠭᠤᠳᠠᠯ ᠢ ᠬᠦᠴᠦᠯᠡᠨ ᠰᠢᠢᠳᠪᠦᠷᠢᠯᠡᠬᠦ ᠬᠡᠷᠡᠭᠲᠡᠢ᠃ ᠪᠠᠶᠢᠳᠠᠯ ᠢ ᠤᠨᠤᠪᠴᠢᠳᠠᠢ ᠲᠣᠳᠣᠷᠬᠠᠢ ᠦᠢᠯᠠᠭᠠᠨ᠂ ︽ᠨᠢᠭᠡ ᠰᠠᠭᠤᠭᠠᠯᠢ ᠲᠣᠭᠤᠷᠢᠭ ᠲᠤ ᠨᠢᠭᠡ ᠲᠥᠰᠥᠯ︾᠂ ︽ᠨᠢᠭᠡ ᠠᠰᠠᠷ ᠲᠤ ᠨᠢᠭᠡ ᠠᠷᠭ᠎ᠠ ᠪᠣᠳᠣᠯᠭ᠎ᠠ︾ ᠶᠢ ᠪᠠᠷᠢᠮᠲᠠᠯᠠᠵᠤ᠂ ᠤᠯᠠᠨ ᠲᠦᠮᠡᠨ ᠤ ᠣᠷᠣᠨ ᠰᠠᠭᠤᠴᠠ ᠶᠢᠨ ᠪᠠᠶᠢᠳᠠᠯ ᠢ ᠤᠯᠠᠮ ᠴᠢᠨᠠᠭᠰᠢᠳᠠ ᠲᠣᠳᠣᠷᠬᠠᠢ ᠦᠢᠯᠠᠭᠠᠨ᠂ ᠲᠤᠭ᠎ᠠ ᠪᠠᠷᠢᠮᠲᠠ ᠶᠢ ᠪᠠᠲᠤᠳᠬᠠᠵᠤ᠂ ᠭᠦᠢᠴᠡᠳᠬᠡᠬᠦ ᠠᠷᠭ᠎ᠠ ᠪᠠ ᠶᠠᠪᠤᠴᠠ ᠶᠢ ᠲᠦᠷᠦᠯ ᠬᠤᠪᠢᠶᠠᠨ ᠳᠤᠳᠤᠷᠬᠠᠶᠢᠯᠠᠨ᠂ ᠭᠦᠢᠴᠡᠳᠬᠡᠬᠦ ᠶᠠᠪᠤᠴᠠ ᠶᠢ ᠬᠠᠮᠤᠭ ᠶᠡᠭᠡ ᠬᠡᠮᠵᠢᠶ᠎ᠡ ᠪᠠᠷ ᠰᠢᠯᠢᠳᠡᠭᠵᠢᠭᠦᠯᠦᠨ ᠳᠥᠭᠦᠮᠴᠢᠯᠡᠵᠦ᠂ ᠦᠯᠦ ᠬᠥᠳᠡᠯᠬᠦ ᠬᠥᠷᠥᠩᠭᠡ ᠶᠢᠨ ᠡᠷᠬᠡ ᠶᠢᠨ ᠦᠨᠡᠮᠯᠡᠯ ᠢ ᠭᠦᠢᠴᠡᠳᠬᠡᠬᠦ ᠦᠷ᠎ᠡ ᠪᠦᠲᠦᠮᠵᠢ ᠶᠢ ᠳᠡᠭᠡᠭᠰᠢᠯᠡᠭᠦᠯᠬᠦ ᠬᠡᠷᠡᠭᠲᠡᠢ᠃ ᠰᠠᠯᠠᠭ᠎ᠠ ᠮᠥᠴᠢᠷ ᠤᠨ ᠬᠤᠯᠪᠤᠭᠠᠯᠠᠨ ᠬᠥᠳᠡᠯᠦᠯᠴᠡᠬᠦ ᠶᠢ ᠴᠢᠩᠭᠠᠳᠬᠠᠨ᠂ ᠥᠮᠴᠢᠯᠡᠯ ᠤᠨ ᠡᠷᠬᠡ ᠶᠢᠨ ᠦᠨᠡᠮᠯᠡᠯ ᠢ ᠭᠦᠢᠴᠡᠳᠬᠡᠬᠦ ᠰᠠᠯᠠᠭ᠎ᠠ ᠮᠥᠴᠢᠷ ᠤᠨ ᠬᠤᠯᠪᠤᠭᠠᠯᠠᠨ ᠬᠥᠳᠡᠯᠦᠯᠴᠡᠬᠦ ᠠᠵᠢᠯ ᠤᠨ ᠲᠣᠭᠲᠠᠴᠠ ᠶᠢ ᠪᠦᠷᠢᠨᠰᠢᠭᠦᠯᠦᠨ ᠲᠡᠭᠦᠯᠳᠡᠷᠵᠢᠭᠦᠯᠵᠦ᠂ ᠳᠡᠭᠡᠳᠦ ᠳᠣᠣᠷᠠᠳᠤ ᠱᠠᠲᠤ ᠶᠢᠨ ᠨᠡᠪᠳᠡᠷᠡᠯᠴᠡᠭᠡ ᠪᠠ ᠬᠥᠨᠳᠡᠯᠡᠨ ᠢᠶᠠᠷ ᠵᠣᠯᠭᠠᠭᠤᠯᠬᠤ ᠶᠢ ᠴᠢᠩᠭᠠᠳᠬᠠᠨ᠂ ᠠᠵᠢᠯ ᠢ ᠠᠬᠢᠭᠤᠯᠬᠤ ᠶᠠᠪᠤᠴᠠ ᠳᠤ ᠣᠷᠣᠰᠢᠵᠤ ᠪᠠᠶᠢᠭ᠎ᠠ ᠬᠦᠴᠢᠷᠳᠡᠯ ᠪᠠ ᠠᠰᠠᠭᠤᠳᠠᠯ ᠢ ᠴᠠᠭ ᠲᠤᠬᠠᠢ ᠳᠤᠨᠢ ᠰᠤᠳᠤᠯᠤᠨ ᠰᠢᠢᠳᠪᠦᠷᠢᠯᠡᠵᠦ᠂ ᠲᠥᠪᠯᠡᠷᠡᠭᠦᠯᠦᠨ ᠪᠣᠭᠤᠮᠲᠠ ᠰᠢᠪᠲᠤᠯᠬᠤ ᠠᠵᠢᠯ ᠤᠨ ᠨᠡᠶᠢᠯᠡᠮᠡᠯ ᠬᠦᠴᠦᠨ ᠢ ᠦᠨᠡᠨᠬᠦ ᠪᠣᠶ ᠪᠣᠯᠭᠠᠬᠤ ᠬᠡᠷᠡᠭᠲᠡᠢ᠃ ᠤᠬᠠᠭᠤᠯᠤᠨ ᠬᠥᠲᠥᠯᠥᠨ ᠵᠢᠯᠤᠭᠤᠳᠬᠤ ᠶᠢ ᠴᠢᠩᠭᠠᠳᠬᠠᠨ᠂ ᠡᠯ᠎ᠡ ᠱᠠᠲᠤᠨ ᠤ ᠳᠡᠮᠵᠢᠯᠭᠡ ᠶᠢᠨ ᠴᠢᠨᠠᠷᠲᠠᠢ ᠲᠥᠷᠥ ᠶᠢᠨ ᠪᠣᠳᠣᠯᠭ᠎ᠠ ᠶᠢᠨ ᠵᠠᠩᠭᠢᠯᠠᠭ᠎ᠠ ᠶᠢᠨ ︽ᠴᠣᠩᠬᠤᠪᠴᠢ ᠶᠢᠨ ᠬᠤᠭᠤᠴᠠᠭ᠎ᠠ︾ ᠶᠢ ᠠᠳᠬᠤᠨ᠂ ᠡᠯ᠎ᠡ ᠲᠠᠯ᠎ᠠ ᠶᠢᠨ ᠢᠳᠡᠪᠬᠢᠵᠢᠯ ᠪᠠ ᠰᠠᠨᠠᠭᠠᠴᠢᠯᠠᠭᠠᠲᠤ ᠴᠢᠨᠠᠷ ᠢ ᠤᠯᠠᠮ ᠨᠢᠭᠡ ᠠᠯᠬᠤᠮ ᠳᠠᠶᠢᠴᠢᠯᠠᠵᠤ᠂ ᠣᠯᠠᠨ ᠲᠦᠮᠡᠨ ᠤ ︽ᠦᠨᠡᠮᠯᠡᠯ ᠠᠪᠬᠤ ᠳᠤ ᠬᠦᠴᠢᠷᠲᠡᠢ︾ ᠪᠠᠶᠢᠬᠤ ᠠᠰᠠᠭᠤᠳᠠᠯ ᠢ ᠰᠢᠢᠳᠪᠦᠷᠢᠯᠡᠬᠦ ᠶᠢ ᠬᠦᠴᠦᠨ ᠢᠶᠠᠨ ᠲᠥᠪᠯᠡᠷᠡᠭᠦᠯᠦᠨ ᠠᠬᠢᠭᠤᠯᠬᠤ ᠬᠡᠷᠡᠭᠲᠡᠢ ᠬᠡᠵᠤ ᠴᠢᠬᠤᠯᠠᠴᠢᠯᠠᠪᠠ᠃       ᠲᠣᠭᠤᠷᠢᠭ ᠤᠨ ᠤᠳᠤᠷᠢᠳᠤᠯᠭ᠎ᠠ ᠭᠤᠤ ᠮᠢᠩ᠂ ᠵᠠᠩ ᠵᠧᠨ ᠫᠢᠩ᠂ ᠵᠠᠩ ᠪᠢᠩ᠂ ᠵᠠᠩ ᠵᠢᠶᠠᠨ ᠬᠦᠩ᠂ ᠸᠠᠩ ᠱᠧᠩ ᠷᠦᠩ᠂ ᠱᠢ ᠮᠣᠣ ᠯᠢᠨ᠂ ᠵᠠᠩ ᠵᠢᠶᠦ᠋ᠨ᠂ ᠯᠢᠦ ᠸᠧᠨ ᠪᠢᠨ ᠬᠤᠷᠠᠯ ᠳᠤ ᠣᠷᠣᠯᠴᠠᠪᠠ᠃
ᠢᠷᠡᠯᠲᠡ᠄ ᠳ᠋ᠦᠩᠱᠧᠩ ᠳᠤᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ