【ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠤᠭᠴᠠᠯᠠᠶ᠎ᠠ】ᠲᠦᠩᠴᠦᠸᠠᠨ ᠪᠠᠯᠭᠠᠰᠤ᠄ ︽ᠳᠥᠷᠪᠡ ᠶᠢ ᠬᠦᠨᠵᠡᠬᠡᠶᠢᠷᠡᠬᠦᠯᠬᠦ︾  ᠪᠠᠷ ᠲᠠᠮᠵᠢᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠯᠠᠪᠳᠠᠭᠤᠨ ᠪᠠᠲᠤᠲᠠᠢ ᠪᠠᠷ ᠴᠤᠭᠴᠠᠯᠠᠵᠤ ᠪᠠᠶᠢᠨ᠎ᠠ
ᠨᠡᠶᠢᠲᠡᠯᠡᠭᠰᠡᠨ ᠴᠠᠭ᠄
2024/8/5
     ᠲᠦᠩᠴᠤᠸᠠᠨ ᠪᠠᠯᠭᠠᠰᠤ ︽ᠳᠥᠷᠪᠡ ᠶᠢ ᠭᠦᠨᠵᠡᠭᠡᠶᠢᠷᠡᠭᠦᠯᠬᠦ︾ ᠪᠠᠷ ᠭᠠᠷᠳᠠᠴᠠ ᠪᠣᠯᠭᠠᠵᠤ᠂ ᠦᠷᠭᠦᠯᠵᠢᠯᠡᠨ ᠴᠢᠷᠮᠠᠶᠢᠨ ᠬᠦᠴᠦᠯᠡᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠳᠤ ᠴᠤᠭᠴᠠᠯᠠᠬᠤ ᠪᠠ ᠪᠦᠬᠦ ᠪᠠᠯᠭᠠᠰᠤᠨ ᠤ ᠡᠯ᠎ᠡ ᠵᠦᠢᠯ ᠤᠨ ᠭᠤᠣᠯᠳᠠᠯᠭ᠎ᠠ ᠲᠠᠢ ᠠᠵᠢᠯ ᠢ ᠨᠢᠭᠡ ᠴᠣᠭᠴᠠᠵᠢᠭᠤᠯᠤᠨ ᠠᠬᠢᠭᠤᠯᠵᠠᠢ᠃     01 ᠤᠬᠠᠭᠤᠯᠭ᠎ᠠ ᠬᠥᠮᠦᠵᠢᠯ ᠢ ᠭᠦᠨᠵᠡᠭᠡᠶᠢᠷᠡᠭᠦᠯᠵᠦ᠂ ᠦᠨᠳᠦᠰᠦᠲᠡᠨ ᠤ ᠪᠦᠯᠬᠦᠮᠳᠡᠯ ᠢ ᠨᠢᠭᠲᠠᠷᠠᠭᠤᠯᠬᠤ ᠬᠦᠴᠦᠷᠬᠡᠭ ᠶᠡᠭᠡ ᠨᠡᠶᠢᠯᠡᠮᠡᠯ ᠬᠦᠴᠦᠨ ᠢ ᠪᠦᠷᠢᠯᠳᠦᠬᠦᠯᠵᠤ ᠪᠤᠢ    ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠤᠭᠴᠠᠯᠠᠬᠤ ᠶᠢ ᠨᠠᠮ ᠤᠨ ᠭᠡᠰᠢᠭᠦᠨ ᠺᠠᠳ᠋ᠷᠴᠤᠳ ᠤᠨ ᠰᠤᠷᠤᠯᠴᠠᠯᠭ᠎ᠠ ᠬᠥᠮᠦᠵᠢᠯ ᠤᠨ ᠳᠤᠮᠳᠠ ᠲᠤᠤᠱᠯᠠᠭᠤᠯᠵᠤ᠂ ᠪᠠᠯᠭᠠᠰᠤᠨ ᠤ ᠨᠠᠮ ᠤᠨ ᠬᠤᠷᠢᠶᠠᠨ ᠤ ᠤᠨᠤᠯ ᠰᠤᠷᠤᠯᠴᠠᠬᠤ ᠭᠤᠣᠯ ᠳᠤᠭᠤᠶᠢᠯᠠᠩ ᠨᠢᠭᠡ ᠤᠳᠠᠭᠠᠨ ᠤ ᠲᠤᠰᠬᠠᠢ ᠰᠡᠳᠦᠪᠲᠦ ᠰᠤᠷᠤᠯᠴᠠᠯᠭ᠎ᠠ᠂ ᠨᠢᠭᠡ ᠤᠳᠠᠭᠠᠨ ᠤ ᠰᠤᠳᠤᠯᠤᠨ ᠶᠠᠷᠢᠯᠴᠠᠬᠤ ᠠᠵᠢᠯᠯᠠᠭ᠎ᠠ ᠶᠢ ᠥᠷᠨᠢᠭᠦᠯᠵᠦ᠂ ᠪᠠᠯᠭᠠᠰᠤ᠂ ᠲᠣᠰᠬᠤᠨ ᠳᠤ 13 ᠤᠳᠠᠭ᠎ᠠ ᠲᠥᠪᠯᠡᠷᠡᠭᠦᠯᠦᠨ ᠰᠤᠷᠤᠯᠴᠠᠵᠤ ᠤᠬᠠᠭᠤᠯᠤᠨ᠂ ᠭᠤᠣᠯ ᠰᠡᠳᠦᠪᠲᠦ ᠨᠠᠮ ᠤᠨ ᠡᠳᠦᠷ ᠤᠨ ᠠᠵᠢᠯᠯᠠᠭ᠎ᠠ ᠶᠢ 6 ᠤᠳᠠᠭ᠎ᠠ ᠥᠷᠨᠢᠭᠦᠯᠵᠡᠢ᠃ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠤᠭᠴᠠᠯᠠᠬᠤ ᠶᠢ ᠣᠯᠠᠨ ᠲᠦᠮᠡᠨ ᠤ ᠰᠣᠶᠣᠯ ᠤᠨ ᠠᠵᠢᠯᠯᠠᠭ᠎ᠠ ᠳᠤ ᠠᠭᠤᠰᠤᠯᠴᠠᠭᠤᠯᠤᠨ᠂ ᠲᠠᠷᠢᠶᠠᠯᠠᠩ ᠤᠨ ᠮᠡᠷᠭᠡᠵᠢᠯ ᠤᠨ ᠪᠣᠯᠪᠠᠰᠤᠷᠠᠯ᠂ ᠰᠠᠶᠢᠨ ᠳᠤᠷ᠎ᠠ ᠶᠢᠨ ᠦᠢᠯᠡᠴᠢᠯᠡᠭᠡ᠂ ᠬᠥᠳᠡᠭᠡ ᠲᠣᠰᠬᠤᠨ ᠤ ᠴᠤᠭᠯᠠᠭ᠎ᠠ ᠮᠠᠶᠢᠮᠠᠢ ᠵᠢᠴᠢ ᠤᠷᠠᠨ ᠰᠠᠶᠢᠬᠠᠨ ᠤ ᠲᠤᠭᠯᠠᠯᠳᠠ᠂ ᠤᠷᠠᠨ ᠪᠢᠴᠢᠯᠭᠡ ᠤᠷᠠᠨ ᠵᠢᠷᠤᠭ ᠤᠨ ᠤᠷᠤᠯᠳᠤᠭᠠᠨ ᠵᠡᠷᠭᠡ ᠠᠵᠢᠯᠯᠠᠭ᠎ᠠ ᠲᠠᠢ ᠤᠶᠠᠯᠳᠤᠭᠤᠯᠤᠨ᠂ ᠨᠠᠮ ᠤᠨ ᠦᠨᠳᠦᠰᠦᠲᠡᠨ ᠤ ᠤᠨᠤᠯ ᠲᠦᠷᠦ ᠶᠢᠨ ᠪᠣᠳᠣᠯᠭ᠎ᠠ ᠶᠢ ᠤᠬᠠᠭᠤᠯᠵᠤ᠂ ᠡᠯ᠎ᠡ ᠦᠨᠳᠦᠰᠦᠲᠡᠨ ᠨᠦᠭᠦᠳ ᠤᠨ ᠤᠯᠠᠨ ᠲᠦᠮᠡᠨ ᠤ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠭ᠎ᠠ ᠶᠢ ᠠᠬᠢᠭᠤᠯᠵᠤ᠂ ᠡᠯ᠎ᠡ ᠲᠦᠷᠦᠯ ᠤᠨ ᠠᠵᠢᠯᠯᠠᠭ᠎ᠠ ᠶᠢ ᠨᠡᠶᠢᠳᠡ 20 ᠭᠠᠷᠤᠢ ᠤᠳᠠᠭ᠎ᠠ ᠥᠷᠨᠢᠭᠦᠯᠵᠦ᠂ ᠡᠯ᠎ᠡ ᠦᠨᠳᠦᠰᠦᠲᠡᠨ ᠤ ᠤᠯᠠᠨ ᠲᠦᠮᠡᠨ ᠤ ᠣᠷᠣᠯᠴᠠᠬᠤ ᠶᠠᠪᠤᠴᠠ ᠳᠤ ᠰᠣᠶᠣᠯ ᠤᠨ ᠮᠡᠳᠡᠷᠡᠮᠵᠢ ᠶᠢ ᠨᠢ ᠨᠡᠮᠡᠭᠳᠡᠭᠦᠯᠵᠦ᠂ ᠦᠵᠡᠯ ᠰᠠᠨᠠᠭᠠᠨ ᠤ ᠬᠠᠮᠲᠤ ᠶᠢᠨ ᠲᠠᠨᠢᠯᠲᠠ ᠶᠢ ᠨᠢᠭᠲᠠᠷᠠᠭᠤᠯᠪᠠ᠃
1.1.jpg
     02 ᠠᠵᠤ ᠦᠢᠯᠡᠰ ᠤᠨ ᠬᠥᠭᠵᠢᠯᠲᠡ ᠶᠢ ᠭᠦᠨᠵᠡᠭᠡᠶᠢᠷᠡᠭᠦᠯᠵᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠵᠤ ᠦᠢᠯᠡᠰ ᠤᠨ ᠬᠥᠳᠡᠯᠭᠡᠭᠦᠷ ᠢ ᠲᠠᠶᠢᠴᠢᠯᠠᠵᠤ ᠪᠤᠢ    ᠡᠬᠢ ᠪᠠᠶᠠᠯᠢᠭ ᠤᠨ ᠳᠠᠪᠠᠭᠤᠯᠢᠭ ᠪᠠ ᠠᠵᠤ ᠦᠢᠯᠡᠰ ᠤᠨ ᠰᠠᠭᠤᠷᠢ ᠳᠤ ᠰᠠᠭᠤᠷᠢᠯᠠᠨ᠂ ︽ᠨᠠᠮ ᠤᠨ ᠬᠤᠷᠢᠶ᠎ᠠ ᠨᠢᠭᠡᠳᠦᠯᠲᠡᠢ ᠲᠥᠯᠥᠪᠯᠡᠬᠦ᠂ ᠨᠠᠮ ᠤᠨ ᠡᠭᠦᠷ ᠳᠠᠭᠠᠭᠤᠯᠤᠨ ᠭᠦᠢᠴᠡᠳᠬᠡᠬᠦ᠂ ᠠᠵᠤ ᠠᠬᠤᠶᠢᠯᠠᠯ ᠲᠤᠰᠠᠯᠠᠬᠤ᠂ ᠨᠡᠶᠢᠭᠡᠮ ᠨᠡᠶᠢᠲᠡ ᠪᠠᠷ ᠢᠶᠠᠨ ᠣᠷᠣᠯᠴᠠᠬᠤ᠂ ᠣᠯᠠᠨ ᠲᠦᠮᠡᠨ ᠠᠰᠢᠭ ᠭᠥᠷᠳᠡᠬᠦ︾ ᠵᠠᠷᠴᠢᠮ ᠢ ᠪᠠᠷᠢᠮᠲᠠᠯᠠᠵᠤ᠂ ︽ᠲᠦᠩᠴᠦᠸᠠᠨ ᠪᠠᠯᠭᠠᠰᠤ ᠬᠠᠮᠳᠤ ᠪᠠᠷ ᠪᠠᠶᠠᠵᠢᠬᠤ︾ ᠢᠨᠵᠧᠨᠧᠷᠢᠩ ᠢ ᠦᠷᠭᠦᠯᠵᠢᠯᠡᠨ ᠭᠦᠨᠵᠡᠭᠡᠢ ᠬᠡᠷᠡᠭᠵᠢᠭᠦᠯᠦᠨ᠎ᠡ᠃ ᠣᠳᠣᠬᠠᠨ ᠳᠤ᠂ ᠲᠣᠰᠬᠤᠨ ᠤ 40 ᠭᠠᠷᠤᠢ ᠬᠠᠮᠲᠤ ᠶᠢᠨ ᠠᠵᠤ ᠠᠬᠤᠢ ᠶᠢᠨ ᠲᠥᠷᠥᠯ ᠵᠦᠢᠯ ᠦᠷᠭᠦᠯᠵᠢᠯᠡᠨ ᠬᠥᠭᠵᠢᠵᠦ᠂ ᠲᠡᠷᠡᠰᠤᠳᠤ ᠬᠠᠩᠭᠠᠨ ᠪᠣᠷᠣᠯᠠᠭᠤᠯᠬᠤ ᠬᠤᠷᠰᠢᠶ᠎ᠠ᠂ ᠲᠡᠬᠡᠷᠮ᠎ᠠ ᠶᠢᠨ ᠰᠢᠯᠢ ᠲᠣᠰᠬᠤᠨ ᠤ ᠪᠠᠢ ᠭᠦ᠋ ᠪᠠᠶᠢᠭᠠᠯᠢᠯᠢᠭ ᠥᠨᠳᠡᠭᠡᠨ ᠲᠠᠬᠢᠶ᠎ᠠ ᠶᠢ ᠪᠠᠷᠢᠮᠵᠢᠶᠠᠵᠢᠭᠤᠯᠤᠨ ᠲᠡᠵᠢᠭᠡᠨ ᠦᠷᠡᠵᠢᠭᠦᠯᠬᠦ ᠲᠥᠷᠥᠯ ᠵᠦᠢᠯ ᠲᠦᠷᠭᠡᠨ ᠠᠬᠢᠵᠤ᠂ 2023 ᠣᠨ ᠳᠤ᠂ 4 ᠲᠣᠰᠬᠤᠨ ᠤ ᠬᠠᠮᠲᠤ ᠶᠢᠨ ᠠᠵᠤ ᠠᠬᠤᠢ ᠶᠢᠨ ᠣᠷᠣᠯᠭ᠎ᠠ 100 ᠲᠦᠮᠡᠨ ᠲᠥᠭᠦᠷᠢᠭ ᠢ ᠳᠠᠪᠠᠵᠤ᠂ ᠪᠥᠬᠦ ᠪᠠᠯᠭᠠᠰᠤᠨ ᠤ ᠣᠷᠣᠯᠭ᠎ᠠ 793.48 ᠲᠦᠮᠡᠨ ᠲᠥᠭᠦᠷᠢᠭ ᠲᠤ ᠬᠦᠷᠴᠦ᠂ ᠲᠣᠰᠬᠤᠨ ᠤ ᠬᠠᠮᠲᠤ ᠶᠢᠨ ᠠᠵᠤ ᠠᠬᠤᠢ ᠶᠢᠨ ᠲᠥᠷᠥᠯ ᠵᠦᠢᠯ ᠢᠶᠠᠷ ᠲᠠᠷᠢᠶᠠᠴᠢᠳ ᠤᠨ ᠣᠷᠣᠯᠭ᠎ᠠ ᠶᠢ ᠨᠡᠮᠡᠭᠳᠡᠭᠦᠯᠦᠨ ᠪᠠᠶᠠᠵᠢᠭᠤᠯᠬᠤ ᠶᠢ ᠳᠠᠶᠢᠴᠢᠯᠠᠬᠤ ᠬᠤᠰᠢᠭᠤᠴᠢ ᠬᠦᠴᠦᠨ ᠪᠣᠯᠤᠭᠰᠠᠨ ᠪᠠᠶᠢᠨ᠎ᠠ᠃ ᠰᠠᠭᠤᠭ᠎ᠠ ᠭᠠᠵᠠᠷ ᠤᠨ ᠠᠵᠤ ᠠᠬᠤᠶᠢᠯᠠᠯ ᠤᠨ ᠦᠢᠯᠡᠳᠦᠯ ᠢ ᠪᠠᠳᠠᠷᠠᠭᠤᠯᠵᠤ᠂ ︽ᠲᠦᠮᠡᠨ ᠠᠵᠤ ᠠᠬᠤᠶᠢᠯᠠᠯ ᠢᠶᠠᠷ ᠲᠦᠮᠡᠨ ᠲᠣᠰᠬᠤᠨ ᠢ ᠬᠥᠭᠵᠢᠭᠦᠯᠦᠨ ᠮᠠᠨᠳᠤᠭᠤᠯᠬᠤ︾ ᠵᠢᠴᠢ ᠪᠠᠯᠭᠠᠰᠤᠨ ᠤ ᠠᠵᠤ ᠠᠬᠤᠶᠢᠯᠠᠯ ᠢ ᠬᠠᠮᠲᠤ ᠪᠠᠷ ᠪᠠᠶᠢᠭᠤᠯᠬᠤ ᠠᠵᠢᠯᠯᠠᠭ᠎ᠠ ᠪᠠᠷ ᠠᠵᠠ ᠲᠣᠬᠢᠶᠠᠯ ᠪᠤᠯᠭᠠᠨ᠂ ᠲᠦᠷᠦᠯ ᠵᠦᠢᠯ ᠢᠶᠠᠷ ᠬᠠᠪᠰᠤᠷᠤᠨ ᠲᠡᠳᠬᠦᠬᠦ᠂ ᠬᠡᠷᠡᠭᠯᠡᠭᠡ ᠪᠠᠷ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ ᠠᠵᠢᠯᠯᠠᠭ᠎ᠠ᠂ ᠪᠡᠯᠡ ᠮᠥᠩᠭᠦ ᠪᠠᠷ ᠠᠪᠤᠷᠠᠨ ᠲᠤᠰᠠᠯᠠᠬᠤ ᠵᠡᠷᠭᠡ ᠠᠷᠭ᠎ᠠ ᠬᠡᠮᠵᠢᠶ᠎ᠡ ᠪᠠᠷ ᠲᠡᠮᠵᠢᠨ᠂ ᠡᠯ᠎ᠡ ᠦᠨᠳᠦᠰᠦᠲᠡᠨ ᠤ ᠤᠯᠠᠨ ᠲᠦᠮᠡᠨ ᠳᠤ ᠦᠢᠯᠡᠴᠢᠯᠡᠭᠡ ᠬᠠᠩᠭᠠᠵᠤ᠂ 2023 ᠣᠨ ᠠᠴᠠ ᠨᠠᠰᠢ᠂ ᠰᠠᠭᠤᠭ᠎ᠠ ᠭᠠᠵᠠᠷ ᠤᠨ ᠠᠵᠤ ᠠᠬᠤᠶᠢᠯᠠᠯ ᠲᠣᠰᠬᠤᠨ ᠤ ᠱᠠᠲᠤᠨ ᠤ ᠬᠠᠮᠲᠤ ᠶᠢᠨ ᠠᠵᠤ ᠠᠬᠤᠢ ᠶᠢᠨ ᠲᠦᠷᠦᠯ ᠵᠦᠢᠯ ᠳᠤ 130 ᠲᠦᠮᠡᠨ ᠲᠥᠭᠦᠷᠢᠭ ᠤᠨ ᠬᠠᠪᠰᠤᠷᠤᠨ ᠲᠡᠳᠬᠦᠬᠦ ᠪᠡᠯᠡ ᠮᠥᠩᠭᠦ ᠣᠷᠣᠭᠤᠯᠵᠤ᠂ ᠳᠠᠷᠢᠵᠤ ᠲᠡᠵᠢᠭᠡᠨ ᠦᠷᠡᠵᠢᠭᠦᠯᠬᠦ ᠲᠠᠷᠢᠶᠠᠴᠢᠨ ᠡᠷᠦᠬᠡ ᠶᠢ ᠬᠠᠪᠰᠤᠷᠤᠨ 495 ᠲᠦᠮᠡᠨ ᠲᠥᠭᠦᠷᠢᠭ ᠤᠨ ᠲᠠᠷᠢᠶᠠᠯᠠᠩ ᠲᠤᠰᠠᠯᠠᠬᠤ ᠠᠵᠤ ᠠᠬᠤᠢ ᠶᠢᠨ ᠪᠦᠲᠦᠭᠡᠭᠳᠡᠬᠦᠨ ᠢ ᠪᠣᠷᠣᠯᠠᠭᠤᠯᠵᠤ᠂ ᠴᠠᠭᠠᠨ ᠰᠠᠷ᠎ᠠ ᠶᠢᠨ ᠲᠣᠬᠤᠨᠢᠭᠤᠯᠬᠤ ᠡᠳ᠋ ᠪᠣᠳᠠᠰ ᠵᠢᠴᠢ ᠬᠦᠴᠢᠷᠳᠡᠯ ᠳᠤ ᠲᠤᠯᠭᠠᠷᠠᠭᠰᠠᠨ ᠵᠠᠯᠠᠭᠤᠴᠤᠳ ᠪᠠᠭᠠᠴᠤᠳ ᠢ ᠬᠠᠪᠰᠤᠷᠤᠨ ᠲᠡᠳᠬᠦᠬᠦ ᠪᠡᠯᠡ ᠮᠥᠩᠭᠦ 16 ᠲᠦᠮᠡᠨ ᠲᠥᠭᠦᠷᠢᠭ ᠬᠠᠨᠳᠢᠪᠯᠡᠪᠠ᠃     03 ᠦᠨᠳᠦᠰᠦᠨ ᠱᠠᠲᠤᠨ ᠤ ᠵᠠᠰᠠᠯᠲᠠ ᠶᠢ ᠭᠦᠨᠵᠡᠭᠡᠶᠢᠷᠡᠭᠦᠯᠵᠦ᠂ ᠠᠭᠤᠰᠤᠯᠴᠠᠨ ᠬᠥᠭᠵᠢᠬᠦ ᠶᠢᠨ ᠭᠤᠣᠯᠯᠠᠬᠤ ᠬᠥᠳᠡᠯᠭᠡᠭᠴᠢ ᠡᠨᠧᠷᠭᠢ ᠶᠢ ᠬᠦᠭᠵᠢᠬᠡᠵᠤ ᠪᠤᠢ    ᠥᠪᠡᠷᠲᠡᠭᠡᠨ ᠵᠠᠰᠠᠬᠤ᠂ ᠬᠠᠤᠯᠢ ᠪᠠᠷ ᠵᠠᠰᠠᠬᠤ᠂ ᠶᠣᠰᠣ ᠰᠤᠷᠲᠠᠬᠤᠨ ᠢᠶᠠᠷ ᠵᠠᠰᠠᠬᠤ ᠶᠢ ᠪᠦᠲᠦᠮᠵᠢᠲᠡᠢ ᠠᠭᠤᠰᠤᠯᠴᠠᠭᠤᠯᠬᠤ ᠶᠢ ᠪᠦᠬᠦ ᠲᠠᠯ᠎ᠠ ᠪᠠᠷ ᠠᠬᠢᠭᠤᠯᠵᠤ᠂ ᠨᠠᠮ ᠤᠨ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠲᠤᠤᠷ᠎ᠠ ︽ᠶᠡᠭᠡ ᠶᠠᠪᠤᠳᠠᠯ ᠢ ᠬᠠᠮᠲᠤᠪᠠᠷ ᠬᠢᠵᠦ᠂ ᠰᠠᠶᠢᠨ ᠮᠠᠭᠤ ᠶᠢ ᠨᠢ ᠤᠯᠠᠨ ᠢᠶᠠᠷ ᠢᠶᠠᠨ ᠰᠢᠭᠦᠨ ᠲᠠᠰᠤᠯᠬᠤ᠂ ᠶᠠᠪᠤᠳᠠᠯ ᠪᠤᠯᠭᠠᠨ ᠢ ᠬᠠᠮᠢᠶᠠᠷᠬᠤ ᠬᠥᠮᠥᠨ ᠲᠠᠢ ᠪᠠᠶᠢᠬᠤ︾ ᠦᠨᠳᠦᠰᠦᠨ ᠱᠠᠲᠤᠨ ᠤ ᠵᠠᠰᠠᠯᠲᠠ ᠶᠢᠨ ᠰᠢᠨ᠎ᠡ ᠪᠠᠶᠢᠷᠢᠰᠢᠯ ᠢ ᠠᠯᠬᠤᠮ ᠠᠯᠬᠤᠮ ᠢᠶᠠᠷ ᠪᠦᠷᠢᠯᠳᠦᠭᠦᠯᠦᠨ᠎ᠡ᠃ ᠭᠠᠴᠠᠭᠠᠨ ᠤ ᠠᠷᠠᠳ ᠤᠨ ᠥᠪᠡᠷᠲᠡᠭᠡᠨ ᠵᠠᠰᠠᠬᠤ ᠦᠢᠯᠡᠳᠦᠯ ᠢ ᠭᠦᠢᠴᠡᠳ ᠪᠠᠳᠠᠷᠠᠭᠤᠯᠵᠤ᠂ ᠡᠯ᠎ᠡ ᠭᠠᠴᠠᠭ᠎ᠠ ᠠᠷᠠᠳᠴᠢᠯᠠᠯ ᠢᠶᠠᠷ ᠵᠥᠪᠳᠡᠯᠴᠡᠬᠦ ᠬᠤᠷᠠᠯ ᠢᠶᠠᠷ ᠲᠡᠮᠵᠢᠨ᠂ ᠬᠥᠷᠰᠢ ᠵᠡᠷᠭᠡᠯᠡᠳᠡᠭᠡ ᠶᠢᠨ ᠵᠠᠭᠤᠷᠠᠯᠳᠤᠭᠠᠨ᠂ ᠭᠠᠵᠠᠷ ᠰᠢᠷᠣᠢ ᠲᠡᠳᠠᠪᠤᠷᠢᠯᠠᠬᠤ᠂ ᠨᠤᠷᠠᠭᠠᠵᠤ ᠨᠡᠭᠦᠯᠭᠡᠬᠦ ᠵᠡᠷᠭᠡ 30 ᠭᠠᠷᠤᠢ ᠠᠰᠠᠭᠤᠳᠠᠯ ᠢ ᠰᠢᠢᠳᠪᠦᠷᠢᠯᠡᠪᠡ᠃ ᠬᠠᠤᠯᠢ ᠴᠠᠭᠠᠵᠠ ᠶᠢᠨ ᠦᠢᠯᠡᠴᠢᠯᠡᠭᠡ ᠶᠢ ᠲᠤᠤᠷᠴᠢᠯᠳᠠ ᠶᠢᠨ ᠵᠠᠰᠠᠯᠲᠠ ᠳᠤ ᠠᠭᠤᠰᠤᠯᠴᠠᠭᠤᠯᠵᠤ᠂ ᠬᠠᠤᠯᠢ ᠴᠠᠭᠠᠵᠠ ᠶᠢᠨ ᠭᠠᠵᠠᠷ᠂ ᠬᠠᠤᠯᠢᠴᠢ᠂ ᠬᠠᠤᠯᠢ ᠴᠠᠭᠠᠵᠠ ᠶᠢᠨ ᠦᠢᠯᠡᠴᠢᠯᠡᠭᠡᠨ ᠤ ᠰᠠᠶᠢᠨ ᠳᠤᠷ᠎ᠠ ᠶᠢᠨ ᠠᠵᠢᠯᠯᠠᠭᠴᠢ ᠵᠡᠷᠭᠡ ᠭᠤᠷᠪᠠᠨ ᠡᠩᠨᠡᠭᠡ ᠶᠢ ᠰᠠᠶᠢᠲᠤᠷ ᠬᠡᠷᠡᠭᠯᠡᠵᠦ᠂ ᠡᠨᠡ ᠵᠢᠯ ᠠᠴᠠ ᠨᠠᠰᠢ 20 ᠭᠠᠷᠤᠢ ᠤᠳᠠᠭ᠎ᠠ ᠤᠬᠠᠭᠤᠯᠭ᠎ᠠ ᠰᠣᠷᠪᠤᠯᠵᠢᠯᠠᠭ᠎ᠠ ᠥᠷᠨᠢᠭᠦᠯᠵᠦ᠂ ᠤᠯᠠᠨ ᠲᠦᠮᠡᠨ ᠳᠤ ᠬᠠᠤᠯᠢ ᠴᠠᠭᠠᠵᠠ ᠶᠢᠨ ᠵᠥᠪᠯᠡᠯᠭᠡ ᠥᠭᠬᠦ ᠦᠢᠯᠡᠴᠢᠯᠡᠭᠡ ᠶᠢ 6 ᠤᠳᠠᠭ᠎ᠠ ᠥᠷᠨᠢᠭᠦᠯᠪᠡ᠃ ᠨᠡᠶᠢᠭᠡᠮ ᠵᠢᠷᠤᠮ ᠤᠨ ᠭᠤᠣᠯᠯᠠᠭᠴᠢ ᠥᠷᠲᠡᠭ ᠤᠨ ᠦᠵᠡᠯᠲᠡ ᠪᠠᠷ ᠵᠢᠯᠣᠭᠤᠳᠤᠮᠵᠢ ᠪᠣᠯᠭᠠᠵᠤ᠂ ᠬᠥᠳᠡᠭᠡ ᠲᠣᠰᠬᠤᠨ ᠤ ᠵᠠᠩ ᠰᠤᠷᠲᠠᠯ ᠤᠨ ᠪᠣᠯᠪᠠᠰᠤᠨ ᠤ ᠪᠠᠶᠢᠭᠤᠯᠤᠯᠲᠠ ᠪᠣᠯᠣᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠳᠤ ᠴᠤᠭᠴᠠᠯᠠᠬᠤ ᠠᠵᠢᠯ ᠢ ᠠᠭᠤᠰᠤᠯᠴᠠᠭᠤᠯᠤᠨ ᠥᠷᠨᠢᠭᠦᠯᠵᠦ᠂ ᠲᠣᠰᠬᠤᠨ ᠤ ᠳᠦᠷᠢᠮ ᠠᠷᠠᠳ ᠤᠨ ᠭᠡᠷ᠎ᠡ ᠶᠢ ᠵᠢᠷᠤᠮᠵᠢᠭᠤᠯᠤᠨ ᠲᠣᠭᠲᠠᠭᠠᠵᠤ᠂ ︽ᠲᠦᠩᠴᠤᠸᠠᠨ ᠤ ᠰᠠᠶᠢᠨ ᠬᠥᠮᠥᠨ   ᠳᠡᠷᠭᠡᠳᠡᠬᠢ ᠦᠯᠢᠭᠡᠷ ᠳᠠᠭᠤᠷᠢᠶᠠᠯ︾  ᠢ ᠰᠢᠯᠭᠠᠷᠠᠭᠤᠯᠬᠤ ᠠᠵᠢᠯᠯᠠᠭ᠎ᠠ ᠶᠢ ᠪᠠᠶᠢᠩᠭᠤᠵᠢᠭᠤᠯᠤᠨ ᠥᠷᠨᠢᠭᠦᠯᠵᠦ᠂ ︽ᠦᠵᠡᠰᠬᠦᠯᠡᠩᠲᠦ ᠰᠠᠶᠢᠬᠠᠨ ᠬᠡᠷ ᠬᠦᠷᠢᠶ᠎ᠡ︾︽ᠪᠣᠯᠪᠠᠰᠤᠨ ᠭᠡᠷ ᠪᠦᠯᠢ︾ ᠵᠡᠷᠭᠡ 30 ᠬᠥᠮᠥᠨ᠂ 9 ᠵᠢᠱᠢᠶᠡᠴᠢ ᠬᠠᠮᠲᠤ ᠨᠢᠬᠡᠴᠡ ᠶᠢ ᠬᠥᠬᠢᠭᠦᠯᠦᠨ ᠰᠠᠶᠢᠰᠢᠶᠠᠵᠤ᠂ ︽ᠤᠭ ᠰᠠᠨᠠᠭ᠎ᠠ ᠶᠢᠨ ᠬᠢᠴᠢᠶᠡᠯ ᠤᠨ ᠲᠠᠩᠬᠢᠮ︾ ᠤᠨ ᠤᠬᠠᠭᠤᠯᠤᠨ ᠲᠠᠶᠢᠯᠪᠤᠷᠢᠯᠠᠬᠤ ᠠᠵᠢᠯᠯᠠᠭ᠎ᠠ ᠶᠢ ᠯᠠᠪᠳᠠᠭᠤᠨ ᠪᠠᠲᠤᠲᠠᠢ ᠥᠷᠨᠢᠭᠦᠯᠵᠦ᠂ ᠲᠣᠰᠬᠤᠨ ᠳᠤ ᠭᠦᠨᠵᠡᠭᠡᠶᠢᠷᠡᠨ 8 ᠤᠳᠠᠭ᠎ᠠ ᠤᠬᠠᠭᠤᠯᠤᠨ ᠲᠠᠶᠢᠯᠪᠤᠷᠢᠯᠠᠵᠤ᠂ ᠬᠥᠮᠥᠰ ᠤᠨ ᠰᠡᠳᠬᠢᠯ ᠢ ᠨᠢᠭᠲᠠᠷᠠᠭᠤᠯᠬᠤ᠂ ᠠᠷᠠᠳ ᠤᠨ ᠬᠦᠴᠦᠨ ᠢ ᠨᠢᠭᠲᠠᠷᠠᠭᠤᠯᠬᠤ ᠦᠵᠡᠯ ᠰᠠᠨᠠᠭᠠᠨ ᠤ ᠰᠠᠭᠤᠷᠢ ᠶᠢ ᠪᠦᠷᠢᠯᠳᠦᠭᠦᠯᠪᠡ᠃ 
1.2.jpg
    04 ᠠᠷᠠᠳ ᠤᠨ ᠠᠮᠢᠳᠤᠷᠠᠯ ᠤᠨ ᠦᠢᠯᠡᠴᠢᠯᠡᠭᠡ ᠶᠢ ᠭᠦᠨᠵᠡᠭᠡᠶᠢᠷᠡᠭᠦᠯᠵᠦ᠂ ᠵᠣᠯ ᠵᠢᠷᠭᠠᠯᠲᠤ ᠠᠮᠢᠳᠤᠷᠠᠯ ᠤᠨ ᠪᠠᠬᠢᠯᠡᠯᠳᠠ ᠶᠢ ᠴᠣᠭᠴᠠᠯᠠᠨ ᠪᠠᠶᠢᠭᠤᠯᠵᠤ ᠪᠤᠢ    ᠤᠯᠠᠨ ᠲᠦᠮᠡᠨ ᠤ ᠬᠠᠮᠤᠭ ᠠᠴᠠ ᠠᠩᠬᠠᠷᠴᠤ ᠪᠠᠶᠢᠭ᠎ᠠ ᠬᠦᠴᠢᠷ ᠵᠣᠪᠠᠭᠤᠷᠢ ᠲᠠᠢ ᠠᠰᠠᠭᠤᠳᠠᠯ ᠢ ᠰᠢᠢᠳᠪᠦᠷᠢᠯᠡᠬᠦ ᠪᠠᠷ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠳᠤ ᠴᠤᠭᠴᠠᠯᠠᠬᠤ ᠶᠢᠨ ᠭᠠᠷᠳᠠᠴᠠ ᠪᠣᠯᠭᠠᠵᠤ᠂ ᠤᠯᠠᠨ ᠲᠦᠮᠡᠨ ᠤ ᠬᠠᠨᠤᠮᠵᠢ ᠶᠢᠨ ᠬᠡᠮᠵᠢᠶ᠎ᠡ ᠪᠣᠯᠣᠨ ᠵᠣᠯ ᠵᠢᠷᠭᠠᠯ ᠤᠨ ᠲᠥᠷᠥᠭᠳᠡᠯ ᠢ ᠦᠨᠡᠨᠬᠦ ᠨᠡᠮᠡᠭᠳᠡᠬᠦᠯᠦᠨ᠎ᠠ᠃ ᠨᠠᠮ ᠤᠨ ᠵᠣᠬᠢᠶᠠᠨ ᠪᠠᠶᠢᠭᠤᠯᠤᠯᠲᠠ ᠶᠢᠨ ᠪᠤᠭᠤᠮᠳᠠ ᠪᠣᠯᠣᠨ ᠨᠠᠮ ᠤᠨ ᠭᠡᠰᠢᠭᠦᠨ ᠤ ᠬᠤᠰᠢᠭᠤᠴᠢ ᠵᠢᠱᠢᠶᠡᠴᠢ ᠶᠢᠨ ᠦᠢᠯᠡᠳᠦᠯ ᠢ ᠭᠦᠢᠴᠡᠳ ᠪᠠᠳᠠᠷᠠᠭᠤᠯᠵᠤ᠂ ᠪᠦᠬᠦ ᠪᠠᠯᠭᠠᠰᠤᠨ ᠤ 36 ᠲᠣᠰᠬᠤᠨ ᠤ ︽ᠬᠤᠶᠠᠷ ᠵᠥᠪᠯᠡᠯ︾ ᠤᠨ ᠪᠦᠷᠢᠯᠳᠦᠭᠦᠨ ᠪᠣᠯᠣᠨ ᠲᠣᠰᠬᠤᠨ ᠳᠤ ᠰᠠᠭᠤᠭ᠎ᠠ 6 ᠨᠢᠭᠡᠳᠦᠭᠡᠷ ᠱᠦᠵᠢ ᠶᠢ ᠵᠣᠬᠢᠶᠠᠨ ᠪᠠᠶᠢᠭᠤᠯᠤᠨ ︽ᠡᠭᠦᠳᠡ ᠲᠣᠭᠰᠢᠬᠤ ᠠᠵᠢᠯᠯᠠᠭ᠎ᠠ︾ ᠥᠷᠨᠢᠭᠦᠯᠵᠦ᠂ ᠲᠠᠷᠢᠶᠠᠴᠢᠨ ᠡᠷᠦᠬᠡ᠂ ᠲᠠᠷᠢᠶᠠᠨ ᠭᠠᠵᠠᠷ ᠲᠤ ᠭᠦᠨᠵᠡᠭᠡᠶᠢᠷᠡᠨ ᠵᠣᠭᠤᠭ ᠲᠡᠯᠬᠡᠨ᠂ ᠲᠦᠷᠦ ᠶᠢᠨ ᠪᠣᠳᠣᠯᠭ᠎ᠠ ᠶᠢ ᠤᠬᠠᠭᠤᠯᠵᠤ᠂ ᠬᠦᠴᠢᠷ ᠠᠰᠠᠭᠤᠳᠠᠯ ᠢ ᠰᠢᠢᠳᠪᠦᠷᠢᠯᠡᠵᠦ᠂ ᠬᠥᠳᠡᠭᠡ ᠲᠣᠰᠬᠤᠨ ᠤ ᠵᠠᠮ ᠤᠨ ᠪᠣᠷᠣᠭᠠᠨ ᠤ ᠤᠰᠤ ᠶᠢ ᠭᠠᠳᠠᠭᠰᠢᠯᠠᠭᠤᠯᠬᠤ᠂ ᠰᠠᠭᠤᠭᠠᠯᠢ ᠠᠷᠠᠳ ᠤᠨ ᠲᠣᠭᠤᠷᠢᠭ ᠤᠨ ᠪᠣᠬᠢᠷ ᠤᠰᠤ ᠭᠡᠳᠡᠷᠭᠦ ᠴᠢᠳᠬᠤᠬᠤ ᠵᠡᠷᠭᠡ ︽ᠪᠠᠴᠢᠮ ᠬᠦᠴᠢᠷ ᠵᠤᠪᠠᠭᠤᠷᠢ ᠲᠠᠢ︾ 260 ᠭᠠᠷᠤᠢ ᠠᠰᠠᠭᠤᠳᠠᠯ ᠢ ᠰᠢᠢᠳᠪᠦᠷᠢᠯᠡᠪᠡ᠃ ︽ᠨᠠᠮ ᠤᠨ ᠪᠠᠶᠢᠭᠤᠯᠤᠯᠲᠠ ᠬᠦᠴᠦᠨ ᠢᠶᠠᠨ ᠲᠥᠪᠯᠡᠷᠡᠭᠦᠯᠦᠨ ᠠᠷᠠᠳ ᠤᠨ ᠠᠮᠢᠳᠤᠷᠠᠯ ᠳᠤ ᠦᠢᠯᠡᠴᠢᠯᠡᠬᠦ︾ ᠠᠵᠢᠯᠯᠠᠭ᠎ᠠ ᠶᠢ ᠯᠠᠪᠳᠠᠭᠤᠨ ᠢᠶᠠᠷ ᠠᠬᠢᠭᠤᠯᠵᠤ᠂ ᠤᠰᠤ᠂ ᠴᠠᠬᠢᠯᠭᠠᠨ᠂ ᠵᠠᠮ᠂ ᠮᠡᠳᠡᠭᠡ ᠵᠠᠩᠭᠢ᠂ ᠠᠷᠠᠳ ᠤᠨ ᠠᠮᠢᠳᠤᠷᠠᠯ᠂ ᠲᠥᠬᠦᠭᠡᠷᠦᠮᠵᠢ ᠶᠢᠨ ᠥᠭᠡᠷᠡᠴᠢᠯᠡᠯᠲᠡ ᠵᠡᠷᠬᠡ 15 ᠲᠥᠷᠥᠯ ᠵᠦᠢᠯ ᠢ ᠬᠡᠷᠡᠭᠵᠢᠭᠦᠯᠵᠦ᠂ ᠨᠡᠶᠢᠲᠡ 4255 ᠲᠦᠮᠡᠨ ᠲᠥᠭᠦᠷᠢᠭ ᠤᠨ ᠪᠡᠯᠡ ᠣᠷᠣᠭᠤᠯᠵᠤ᠂ 8000 ᠭᠠᠷᠤᠢ ᠣᠯᠠᠨ ᠲᠦᠮᠡᠨ ᠳᠤ ᠠᠰᠢᠭ ᠬᠦᠷᠲᠡᠭᠡᠪᠡ᠃
ᠢᠷᠡᠯᠲᠡ᠄ ᠳ᠋ᠦᠩᠱᠧᠩ ᠳᠤᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ