【ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠤᠭᠴᠠᠯᠠᠶ᠎ᠠ】ᠥᠭᠡᠯᠦᠨ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠡᠷ᠄ ︽ᠭᠤᠷᠪᠠᠨ ᠲᠦᠪᠯᠡᠷᠡᠯ︾ ᠢ ᠳᠣᠪᠤᠶᠢᠯᠭᠠᠵᠤ ︽ᠦᠨᠳᠦᠰᠦᠲᠡᠨ ᠤ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠶᠢᠨ ᠰᠠᠷ᠎ᠠ︾ ᠪᠠ ︽ᠦᠨᠳᠦᠰᠦᠲᠡᠨ ᠤ ᠬᠠᠤᠯᠢ ᠪᠠᠷ ᠵᠠᠰᠠᠬᠤ ᠤᠬᠠᠭᠤᠯᠭ᠎ᠠ ᠶᠢᠨ ᠭᠠᠷᠠᠭ︾ ᠤᠨ ᠠᠵᠢᠯᠯᠠᠭ᠎ᠠ ᠶᠢ ᠡᠮᠬᠢ ᠵᠢᠷᠤᠮ ᠲᠠᠢ ᠦᠷᠨᠢᠬᠦᠯᠪᠠ
ᠨᠡᠶᠢᠲᠡᠯᠡᠭᠰᠡᠨ ᠴᠠᠭ᠄
2024/8/5
    ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠤᠱᠯᠠᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠤᠯᠠᠮ ᠨᠢᠭᠡ ᠠᠯᠬᠤᠮ ᠪᠠᠲᠤ ᠴᠤᠭᠴᠠᠯᠠᠵᠤ᠂ ᠶᠡᠷᠦᠩᠬᠡᠢ ᠱᠦᠵᠢ ᠰᠢ ᠶᠢᠨ ᠫᠢᠩ ᠤᠨ ᠦᠨᠳᠦᠰᠦᠲᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠬᠠᠢ ᠴᠢᠬᠤᠯᠠ ᠦᠵᠡᠯ ᠰᠠᠨᠠᠭ᠎ᠠ ᠪᠣᠯᠤᠨ ᠥᠪᠥᠷ ᠮᠣᠩᠭᠤᠯ ᠤᠨ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠤᠯᠠᠮ ᠨᠢᠭᠡ ᠠᠯᠬᠤᠮ ᠭᠦᠨᠵᠡᠭᠡᠢ ᠰᠤᠷᠤᠯᠴᠠᠨ ᠣᠶᠢᠯᠠᠭᠠᠵᠤ᠂ ᠨᠠᠮ ᠤᠨ ᠦᠨᠳᠦᠰᠦᠲᠡᠨ ᠤ ᠤᠨᠤᠯ ᠲᠦᠷᠦ ᠶᠢᠨ ᠪᠤᠳᠤᠯᠭ᠎ᠠ ᠪᠣᠯᠤᠨ ᠬᠠᠤᠯᠢ ᠴᠠᠭᠠᠵᠠ ᠬᠠᠤᠯᠢ ᠲᠣᠭᠲᠠᠭᠠᠯ ᠤᠨ ᠤᠬᠠᠭᠤᠯᠭ᠎ᠠ ᠶᠢ ᠶᠡᠭᠡ ᠪᠠᠷ ᠴᠢᠩᠭᠠᠳᠬᠠᠬᠤ ᠶᠢᠨ ᠲᠦᠯᠦᠬᠡ᠂ ᠦᠬᠡᠯᠦᠨ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠡᠷ ︽ᠭᠤᠷᠪᠠᠨ ᠲᠦᠪᠯᠡᠷᠡᠯ︾ ᠢᠶᠠᠷ ᠭᠠᠷᠳᠠᠴᠠ ᠪᠣᠯᠭᠠᠵᠤ᠂ ︽ᠦᠨᠳᠦᠰᠦᠲᠡᠨ ᠤ ᠲᠦᠷᠦ ᠶᠢᠨ ᠪᠤᠳᠤᠯᠭ᠎ᠠ ᠶᠢᠨ ᠤᠬᠠᠭᠤᠯᠭ᠎ᠠ ᠶᠢᠨ ᠰᠠᠷ᠎ᠠ︾ ᠪᠠ ︽ᠦᠨᠳᠦᠰᠦᠲᠡᠨ ᠤ ᠬᠠᠤᠯᠢ ᠪᠠᠷ ᠵᠠᠰᠠᠬᠤ ᠤᠬᠠᠭᠤᠯᠭ᠎ᠠ ᠶᠢᠨ ᠭᠠᠷᠠᠭ︾ ᠤᠨ ᠠᠵᠢᠯᠯᠠᠭ᠎ᠠ ᠶᠢ ᠪᠦᠲᠦᠮᠵᠢᠲᠡᠢ ᠨᠠᠶᠢᠳᠠᠪᠤᠷᠢᠵᠢᠭᠤᠯᠵᠤ ᠤᠷᠤᠭᠰᠢᠲᠠᠢ ᠥᠷᠨᠢᠭᠦᠯᠵᠦ᠂ ᠳ᠋ᠦᠩᠱᠧᠩ ᠲᠣᠭᠤᠷᠢᠭ ᠤᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠵᠢᠱᠢᠶᠡᠴᠢ ᠲᠤᠭᠤᠷᠢᠭ ᠢ ᠪᠦᠬᠦ ᠲᠠᠯ᠎ᠠ ᠪᠠᠷ ᠪᠠᠶᠢᠭᠤᠯᠬᠤ ᠳᠤ ᠦᠨᠳᠦᠰᠦᠨ ᠱᠠᠲᠤᠨ ᠤ ᠬᠦᠴᠦᠨ ᠴᠢᠳᠠᠯ ᠢᠶᠠᠨ ᠡᠷᠭᠦᠪᠡ᠃     ᠵᠣᠬᠢᠶᠠᠨ ᠪᠠᠶᠢᠭᠤᠯᠤᠯᠳᠠ ᠬᠥᠲᠥᠯᠥᠨ ᠵᠢᠯᠤᠭᠤᠳᠬᠤ ᠳᠤ ᠠᠩᠬᠠᠷᠤᠯ ᠢᠶᠠᠨ ᠲᠥᠪᠯᠡᠷᠡᠭᠦᠯᠵᠦ ᠦᠨᠳᠦᠰᠦᠲᠡᠨ ᠤ ᠪᠦᠯᠬᠦᠮᠳᠡᠯ ᠤᠨ ︽ᠰᠠᠭᠤᠷᠢ ᠲᠣᠣᠷ︾ ᠢ ᠨᠢᠭᠲᠠ ᠰᠦᠯᠵᠢᠨ᠎ᠡ    ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠡᠷ ᠨᠢ ᠨᠠᠮ ᠤᠨ ᠠᠵᠢᠯᠯᠠᠬᠤ ᠬᠤᠷᠢᠶ᠎ᠠ ᠪᠠᠷ ᠭᠤᠤᠯ ᠪᠣᠯᠭᠠᠵᠤ᠂ ᠡᠯ᠎ᠡ ᠬᠠᠮᠢᠶ᠎ᠠ ᠪᠦᠬᠦᠢ ᠰᠠᠯᠠᠭ᠎ᠠ ᠲᠠᠰᠤᠭ᠂ ᠨᠡᠶᠢᠭᠡᠮ ᠲᠣᠭᠤᠷᠢᠭ ᠢᠶᠠᠷ ᠰᠠᠯᠪᠤᠷᠢ ᠪᠣᠯᠭᠠᠵᠤ᠂ ᠴᠠᠭ ᠲᠤᠬᠠᠶ ᠳᠤᠨᠢ ᠣᠨᠣᠪᠴᠢᠲᠠᠶ ᠲᠤᠬᠢᠷᠠᠭᠤᠯᠤᠨ᠂ ᠡᠯ᠎ᠡ ᠰᠠᠯᠠᠭ᠎ᠠ ᠲᠠᠰᠤᠭ ᠤᠨ ᠪᠦᠷᠢᠯᠳᠦᠬᠦᠨ ᠤ ᠡᠭᠦᠷᠭᠡ ᠬᠠᠷᠢᠭᠤᠴᠠᠯᠭ᠎ᠠ ᠶᠢ ᠲᠣᠳᠣᠷᠬᠠᠶᠢᠯᠠᠵᠤ᠂ ᠠᠵᠢᠯ ᠤᠨ ᠱᠠᠭᠠᠷᠳᠠᠯᠭ᠎ᠠ ᠶᠣᠰᠣᠭᠠᠷ ᠠᠵᠢᠯᠯᠠᠭ᠎ᠠ ᠶᠢᠨ ᠨᠠᠷᠢᠨ ᠲᠣᠳᠣᠷᠬᠠᠶ ᠲᠥᠯᠥᠪᠯᠡᠭᠡ ᠪᠠ ᠠᠵᠢᠯ ᠤᠨ ᠲᠥᠰᠦᠯ ᠢ ᠲᠣᠭᠲᠠᠭᠠᠵᠤ᠂ ᠠᠵᠢᠯᠯᠠᠭ᠎ᠠ ᠶᠢᠨ ᠱᠠᠭᠠᠷᠳᠠᠯᠭ᠎ᠠ ᠶᠢ ᠨᠡᠶᠢᠭᠡᠮ ᠲᠣᠭᠤᠷᠢᠭ ᠲᠤ ᠬᠦᠷᠲᠡᠯ᠎ᠡ ᠨᠠᠶᠢᠳᠠᠪᠤᠷᠢᠵᠢᠭᠤᠯᠤᠨ᠂ ᠺᠠᠳ᠋ᠷ ᠬᠤᠪᠢ ᠬᠥᠮᠦᠨ ᠳᠤ  ᠨᠠᠶᠢᠳᠠᠪᠤᠷᠢᠵᠢᠭᠤᠯᠪᠠ᠃ ᠡᠭᠦᠨ ᠤ ᠬᠠᠮᠲᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠤᠭᠴᠠᠯᠠᠬᠤ ᠦᠢᠯᠡᠳᠦᠯᠭᠡ ᠶᠢᠨ ᠬᠥᠮᠦᠵᠢᠯ ᠤᠨ ᠭᠠᠵᠠᠷ ᠪᠠ ᠦᠷᠳᠡᠭᠡ ᠪᠠᠷ ᠠᠵᠢᠯ ᠤᠨ ᠲᠠᠪᠴᠠᠩ ᠪᠣᠯᠭᠠᠵᠤ᠂ ᠦᠨᠳᠦᠰᠦᠲᠡᠨ ᠤ ᠤᠨᠤᠯ ᠲᠦᠷᠦ ᠶᠢᠨ ᠪᠤᠳᠤᠯᠭ᠎ᠠ ᠶᠢᠨ ᠰᠤᠷᠤᠯᠴᠠᠯᠭ᠎ᠠ ᠤᠬᠠᠭᠤᠯᠭ᠎ᠠ ᠶᠢ ᠨᠠᠮ ᠤᠨ ᠠᠵᠢᠯ ᠤᠨ ᠬᠤᠷᠢᠶ᠎ᠠ ᠶᠢᠨ ᠤᠨᠤᠯ ᠤᠨ ᠭᠤᠣᠯ ᠳᠤᠭᠤᠶᠢᠯᠠᠩ ᠤᠨ ᠰᠤᠷᠤᠯᠴᠠᠯᠭ᠎ᠠ ᠪᠠ ᠨᠠᠮ ᠤᠨ ᠵᠣᠬᠢᠶᠠᠨ ᠪᠠᠶᠢᠭᠤᠯᠤᠯᠲᠠ ᠶᠢᠨ ︽ᠭᠤᠷᠪᠠᠨ ᠬᠤᠷᠠᠯ ᠨᠢᠭᠡ ᠬᠢᠴᠢᠶᠡᠯ︾ ᠳᠤ ᠣᠷᠣᠭᠤᠯᠵᠤ᠂ ᠲᠤᠰᠬᠠᠢ ᠰᠡᠳᠦᠪᠲᠦ ᠪᠤᠯᠪᠠᠰᠤᠷᠠᠯ᠂ ᠰᠣᠯᠢᠯᠴᠠᠭ᠎ᠠ ᠶᠠᠷᠢᠯᠴᠠᠭ᠎ᠠ ᠵᠡᠷᠭᠡ ᠬᠡᠯᠪᠡᠷᠢ ᠪᠠᠷ ︽ᠲᠠᠪᠤᠨ ᠨᠢᠭᠡ︾ ᠶᠢᠨ ᠦᠨᠳᠦᠰᠦᠲᠡᠨ ᠤ ᠲᠦᠷᠦ ᠶᠢᠨ ᠪᠤᠳᠤᠯᠭ᠎ᠠ ᠶᠢᠨ ᠤᠬᠠᠭᠤᠯᠭ᠎ᠠ ᠬᠥᠮᠦᠵᠢᠯ ᠤᠨ ᠠᠵᠢᠯᠯᠠᠭ᠎ᠠ ᠶᠢ ᠢᠳᠡᠪᠬᠢᠲᠡᠢ ᠥᠷᠨᠢᠭᠦᠯᠵᠦ᠂ ᠨᠠᠮ ᠤᠨ ᠭᠡᠰᠢᠭᠦᠨ ᠺᠠᠳ᠋ᠷ ᠤᠯᠠᠨ ᠲᠦᠮᠡᠨ ᠤ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠤᠭᠴᠠᠯᠠᠬᠤ ᠬᠥᠮᠦᠵᠢᠯ ᠪᠣᠯᠪᠠᠰᠤᠷᠠᠯ ᠢ ᠦᠷᠭᠦᠯᠵᠢᠯᠡᠨ ᠰᠠᠶᠢᠲᠤᠷ ᠠᠳᠬᠤᠵᠤ᠂ ᠨᠠᠮ ᠤᠨ ᠭᠡᠰᠢᠭᠦᠨ ᠺᠠᠳ᠋ᠷ ᠤᠯᠠᠨ ᠲᠦᠮᠡᠨ ᠤ ᠦᠨᠳᠦᠰᠦᠲᠡᠨ ᠤ ᠲᠦᠷᠦ ᠶᠢᠨ ᠪᠤᠳᠤᠯᠭ᠎ᠠ ᠶᠢᠨ ᠲᠤᠬᠠᠢ ᠣᠶᠢᠯᠠᠭᠠᠯᠲᠠ ᠪᠠ ᠮᠡᠳᠡᠷᠡᠮᠵᠢ ᠶᠢ ᠳᠡᠭᠡᠭᠰᠢᠯᠡᠭᠦᠯᠪᠡ᠃ ᠣᠳᠣᠬᠠᠨ ᠪᠣᠯᠲᠠᠯ᠎ᠠ᠂ ᠨᠠᠮ ᠤᠨ ᠦᠨᠳᠦᠰᠦᠲᠡᠨ ᠤ ᠲᠥᠷᠥ ᠶᠢᠨ ᠪᠣᠳᠣᠯᠭ᠎ᠠ ᠶᠢᠨ ᠰᠤᠷᠤᠯᠴᠠᠯᠭ᠎ᠠ ᠶᠢᠨ ᠬᠤᠷᠠᠯ ᠢ 1 ᠤᠳᠠᠭ᠎ᠠ ᠥᠷᠨᠢᠭᠦᠯᠵᠦ᠂ ᠦᠨᠳᠦᠰᠦᠲᠡᠨ ᠤ ᠪᠦᠯᠬᠦᠮᠳᠡᠯ᠂ ᠦᠨᠳᠦᠰᠦᠲᠡᠨ ᠤ ᠲᠥᠷᠥ ᠶᠢᠨ ᠪᠣᠳᠣᠯᠭ᠎ᠠ ᠶᠢᠨ ᠭᠤᠤᠯ ᠰᠡᠳᠦᠪᠲᠦ ᠨᠠᠮ ᠤᠨ ᠡᠳᠦᠷ ᠤᠨ ᠠᠵᠢᠯᠯᠠᠭ᠎ᠠ ᠶᠢ 1 ᠤᠳᠠᠭ᠎ᠠ ᠥᠷᠨᠢᠭᠦᠯᠵᠦ᠂ ᠦᠨᠳᠦᠰᠦᠲᠡᠨ ᠤ ᠲᠥᠷᠥ ᠶᠢᠨ ᠪᠣᠳᠣᠯᠭ᠎ᠠ ᠶᠢ ᠤᠬᠠᠭᠤᠯᠬᠤ ᠪᠠᠷ ᠭᠤᠤᠯ ᠰᠡᠳᠦᠪ ᠪᠣᠯᠭᠠᠭᠰᠠᠨ ᠤᠬᠠᠭᠤᠯᠭ᠎ᠠ ᠬᠥᠮᠦᠵᠢᠯ ᠤᠨ ᠠᠵᠢᠯᠯᠠᠭ᠎ᠠ ᠶᠢ 1 ᠤᠳᠠᠭ᠎ᠠ ᠥᠷᠨᠢᠭᠦᠯᠪᠡ᠃
3.1.jpg
     ᠤᠬᠠᠭᠤᠯᠤᠨ ᠬᠥᠲᠥᠯᠥᠨ ᠵᠢᠯᠤᠭᠤᠳᠬᠤ ᠳᠤ ᠠᠩᠬᠠᠷᠤᠯ ᠢᠶᠠᠨ ᠲᠥᠪᠯᠡᠷᠡᠭᠦᠯᠵᠦ ᠦᠨᠳᠦᠰᠦᠲᠡᠨ ᠤ ᠪᠦᠯᠬᠦᠮᠳᠡᠯ ᠤᠨ ︽ᠲᠦᠪᠰᠢᠷᠡᠯ︾ ᠢ ᠰᠠᠶᠢᠲᠤᠷ ᠵᠢᠷᠤᠭᠯᠠᠨ᠎ᠠ    ᠬᠠᠷᠢᠶᠠᠲᠤ ᠭᠠᠵᠡᠷ ᠤᠨ ᠤᠬᠠᠭᠤᠯᠭ᠎ᠠ ᠶᠢᠨ ᠪᠤᠯᠤᠩ᠂ ᠡᠯᠧᠺᠲᠷᠤᠨ ᠳᠡᠯᠭᠡᠴᠡ ᠵᠡᠷᠭᠡ ᠠᠴᠢᠶᠠᠯᠠᠪᠤᠷᠢ ᠶᠢ ᠬᠦᠢᠴᠡᠳ ᠠᠰᠢᠭᠯᠠᠨ᠂ ᠬᠠᠮᠢᠶ᠎ᠠ ᠪᠥᠬᠦᠶ ᠸᠢᠳᠢᠣ᠋ ᠶᠢ ᠨᠡᠪᠲᠡᠷᠡᠭᠦᠯᠵᠦ᠂ ᠦᠨᠳᠦᠰᠦᠲᠡᠨ ᠤ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠶᠢᠨ ᠠᠭᠤᠯᠭ᠎ᠠ ᠶᠢ ᠲᠣᠭᠲᠠᠮᠠᠯ ᠬᠤᠭᠤᠴᠠᠭ᠎ᠠ ᠲᠠᠢ ᠪᠠᠷ ᠰᠢᠨᠡᠳᠬᠡᠨ᠎ᠡ᠃ ᠸᠢᠴᠠᠲ  ᠤᠨ ᠠᠯᠪᠡᠨ ᠨᠡᠶᠢᠳᠠᠯᠠᠯ ᠳᠤ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠳᠤ ᠴᠤᠭᠴᠠᠯᠠᠬᠤ ᠶᠢ ᠰᠤᠷᠤᠯᠴᠠᠨ ᠤᠬᠠᠭᠤᠯᠬᠤ ᠲᠤᠰᠬᠠᠶ ᠪᠤᠯᠤᠩ ᠢ ᠲᠠᠰᠤᠷᠠᠯᠲᠠ ᠥᠬᠡᠶ ᠰᠢᠨᠡᠳᠬᠡᠵᠦ᠂ ᠣᠯᠠᠨ ᠲᠦᠮᠡᠨ ᠳᠤ ᠨᠠᠮ ᠤᠨ ᠦᠨᠳᠦᠰᠦᠲᠡᠨ ᠤ ᠣᠨᠣᠯ ᠲᠥᠷᠥ ᠶᠢᠨ ᠪᠣᠳᠣᠯᠭ᠎ᠠ ᠪᠠ ᠬᠠᠤᠯᠢ ᠴᠠᠭᠠᠵᠠ ᠬᠠᠤᠯᠢ ᠲᠣᠭᠲᠠᠭᠠᠯ ᠢ ᠤᠬᠠᠭᠤᠯᠤᠨ ᠲᠠᠶᠢᠯᠪᠤᠷᠢᠯᠠᠪᠠ᠃ ᠦᠨᠳᠦᠰᠦᠲᠡᠨ ᠤ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠶᠢᠨ ᠭᠠᠷ ᠳᠡᠪᠲᠡᠷ ᠪᠠ ᠤᠬᠠᠭᠤᠯᠭ᠎ᠠ ᠶᠢᠨ ᠬᠠᠭᠤᠳᠠᠰᠤ ᠶᠢ ᠵᠣᠬᠢᠶᠠᠬᠤ ᠶᠢᠨ ᠬᠠᠮᠲᠤ ᠲᠠᠷᠬᠠᠭᠠᠵᠤ᠂ ᠠᠵᠢᠯᠯᠠᠭ᠎ᠠ ᠥᠷᠨᠢᠭᠦᠯᠬᠦ ᠳᠡᠭᠡᠨ ᠰᠠᠭᠤᠭᠠᠯᠢ ᠠᠷᠠᠳ ᠲᠤ ᠦᠨᠳᠦᠰᠦᠲᠡᠨ ᠤ ᠲᠥᠷᠥ ᠶᠢᠨ ᠪᠣᠳᠣᠯᠭ᠎ᠠ ᠶᠢᠨ ᠮᠡᠳᠡᠯᠭᠡ ᠶᠢ ᠲᠦᠭᠡᠮᠡᠯᠵᠢᠭᠦᠯᠵᠦ᠂ ᠲᠥᠷᠥ ᠶᠢᠨ ᠪᠣᠳᠣᠯᠭ᠎ᠠ ᠶᠢᠨ ᠮᠡᠳᠡᠬᠦ ᠨᠣᠷᠮ᠎ᠠ ᠶᠢ ᠲᠡᠭᠡᠭᠰᠢᠯᠡᠬᠦᠯᠪᠠ᠃ ᠡᠭᠦᠨ ᠤ ᠬᠠᠮᠲᠤ᠂ ᠨᠡᠶᠢᠭᠡᠮ ᠲᠣᠭᠤᠷᠢᠭ ᠤᠨ ᠰᠠᠭᠤᠭᠠᠯᠢ ᠠᠷᠠᠳ ᠤᠨ ᠸᠢᠴᠠᠲ ᠤᠨ ᠬᠤᠯᠪᠤᠭᠠᠨ ᠳᠤ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠭᠤᠤᠯ ᠰᠡᠳᠦᠪᠲᠦ ᠣᠬᠤᠷ ᠸᠢᠳᠢᠣ᠋᠂ ᠮᠡᠳᠡᠭᠡ ᠵᠠᠩᠭᠢ᠂ ᠤᠬᠠᠭᠤᠯᠭ᠎ᠠ ᠶᠢᠨ ᠵᠠᠷᠯᠠᠯ ᠵᠡᠷᠭᠡ ᠶᠢ ᠥᠷᠭᠡᠨ ᠢᠶᠠᠷ ᠬᠦᠷᠭᠡᠵᠦ᠂ ᠥᠷᠭᠡᠨ ᠣᠯᠠᠨ ᠰᠠᠭᠤᠭᠠᠯᠢ ᠠᠷᠠᠳ ᠤᠨ ᠨᠠᠮ ᠤᠨ ᠦᠨᠳᠦᠰᠦᠲᠡᠨ ᠤ ᠠᠵᠢᠯ ᠤᠨ ᠲᠤᠬᠠᠶ ᠲᠠᠨᠢᠯᠲᠠ ᠣᠶᠢᠯᠠᠭᠠᠯᠲᠠ ᠶᠢ ᠨᠡᠮᠡᠭᠳᠡᠭᠦᠯᠪᠡ᠃     ᠰᠣᠶᠣᠯ ᠤᠨ ᠠᠭᠤᠰᠤᠯᠴᠠᠯ ᠳᠤ ᠠᠩᠬᠠᠷᠤᠯ ᠢᠶᠠᠨ ᠲᠥᠪᠯᠡᠷᠡᠭᠦᠯᠵᠦ ᠦᠨᠳᠦᠰᠦᠲᠡᠨ ᠤ ᠪᠦᠯᠬᠦᠮᠳᠡᠯ ᠤᠨ ︽ᠬᠥᠭᠦᠷᠭᠡ︾ ᠶᠢ ᠪᠠᠶᠢᠭᠤᠯᠤᠨ᠎ᠠ    ᠦᠬᠡᠯᠦᠨ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠡᠷ ︽ᠦᠨᠳᠦᠰᠦᠲᠡᠨ ᠤ ᠪᠦᠯᠬᠦᠮᠳᠡᠯ ᠳᠠᠪᠰᠢᠯᠲᠠ︾ ᠶᠢᠨ ᠤᠷᠠᠨ ᠰᠠᠶᠢᠬᠠᠨ ᠤ ᠲᠣᠭᠯᠠᠯᠲᠠ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠵᠡᠭᠡᠯᠢ ᠭᠤᠳᠤᠮᠵᠢ ᠶᠢᠨ ᠰᠣᠶᠣᠯ ᠤᠨ ᠠᠩᠭᠢ ᠵᠢᠴᠢ ᠵᠡᠭᠡᠯᠢ ᠭᠤᠳᠤᠮᠵᠢ ᠨᠡᠶᠢᠭᠡᠮ ᠲᠣᠭᠤᠷᠢᠭ ᠤᠨ ᠡᠯ᠎ᠡ ᠦᠨᠳᠦᠰᠦᠲᠡᠨ ᠤ ᠺᠠᠳ᠋ᠷ ᠣᠯᠠᠨ ᠲᠦᠮᠡᠨ ᠢ ᠤᠷᠢᠵᠤ ᠬᠠᠮᠲᠤ ᠪᠠᠷ ᠲᠣᠭᠯᠠᠯᠲᠠ ᠭᠠᠷᠭᠠᠭᠤᠯᠤᠨ᠂ ᠡᠯ᠎ᠡ ᠦᠨᠳᠦᠰᠦᠲᠡᠨ ᠤ ᠰᠣᠶᠣᠯ ᠤᠨ ᠣᠨᠴᠠᠯᠢᠭ ᠪᠠ ᠤᠷᠠᠯᠢᠭ ᠤᠨ ᠷᠢᠳᠢ ᠰᠢᠳᠢ ᠶᠢ ᠳᠡᠯᠭᠡᠨ ᠦᠵᠡᠭᠦᠯᠵᠦ᠂ ᠡᠯ᠎ᠡ ᠦᠨᠳᠦᠰᠦᠲᠡᠨ ᠤ ᠠᠷᠠᠳ ᠲᠦᠮᠡᠨ ᠤ ᠬᠤᠭᠤᠷᠣᠨᠳᠣᠬᠢ ᠣᠶᠢᠯᠠᠭᠠᠯᠴᠠᠭ᠎ᠠ ᠪᠠ ᠨᠥᠬᠦᠷᠯᠡᠯ ᠢ ᠵᠤᠵᠠᠭᠠᠳᠬᠠᠪᠠ᠃ ᠡᠭᠦᠨ ᠤ ᠬᠠᠮᠲᠤ ᠰᠤᠨᠢᠷᠬᠠᠯᠳᠠᠢ ᠠᠰᠠᠭᠤᠯᠲᠠ ᠬᠠᠷᠢᠭᠤᠯᠲᠠ ᠶᠢᠨ ᠭᠤᠭᠴᠤᠭ᠎ᠠ ᠶᠢ ᠲᠣᠬᠢᠷᠠᠭᠤᠯᠵᠤ᠂ ᠰᠠᠭᠤᠭᠠᠯᠢ ᠠᠷᠠᠳ ᠲᠤ ᠦᠨᠳᠦᠰᠦᠲᠡᠨ ᠤ ᠮᠡᠳᠡᠯᠭᠡ ᠶᠢ ᠣᠶᠢᠯᠠᠭᠠᠭᠤᠯᠵᠤ᠂ ᠵᠡᠭᠡᠯᠢ ᠭᠤᠳᠤᠮᠵᠢ ᠶᠢᠨ ᠪᠦᠬᠦ ᠺᠠᠳ᠋ᠷ ᠵᠢᠴᠢ ᠨᠡᠶᠢᠭᠡᠮ ᠲᠣᠭᠤᠷᠢᠭ ᠤᠨ 500 ᠭᠠᠷᠤᠢ ᠤᠯᠠᠨ ᠲᠦᠮᠡᠨ ᠢ ᠬᠠᠮᠤᠷᠪᠠ᠃ ᠡᠭᠦᠨ ᠤ ᠬᠠᠮᠲᠤ᠂ ᠨᠡᠶᠢᠭᠡᠮ ᠲᠣᠭᠤᠷᠢᠭ ᠤᠨ ᠭᠤᠤᠯ ᠠᠭᠤᠳᠠᠮ ᠲᠠᠯᠠᠪᠠᠢ ᠵᠡᠷᠭᠡ ᠭᠠᠵᠡᠷ ᠤᠬᠠᠭᠤᠯᠭ᠎ᠠ ᠬᠥᠮᠦᠵᠢᠯ ᠤᠨ ᠲᠤᠰᠬᠠᠶ ᠪᠤᠯᠤᠩ ᠭᠠᠷᠭᠠᠵᠤ᠂ ᠡᠯ᠎ᠡ ᠦᠨᠳᠦᠰᠦᠲᠡᠨ ᠤ ᠤᠯᠠᠨ ᠲᠦᠮᠡᠨ ᠢ ᠢᠳᠡᠪᠬᠢᠲᠡᠶ ᠪᠠᠷ ᠵᠣᠬᠢᠶᠠᠨ ᠪᠠᠶᠢᠭᠤᠯᠤᠨ ᠤᠷᠠᠨ ᠰᠠᠶᠢᠬᠠᠨ ᠤ ᠲᠣᠭᠯᠠᠯᠲᠠ᠂ ᠰᠣᠶᠣᠯ ᠲᠠᠮᠢᠷ ᠤᠨ ᠠᠵᠢᠯᠯᠠᠭ᠎ᠠ ᠵᠡᠷᠭᠡ ᠳᠤ ᠣᠷᠣᠯᠴᠠᠭᠤᠯᠵᠤ᠂ ᠨᠡᠶᠢᠭᠡᠮ ᠲᠣᠭᠤᠷᠢᠭ ᠢ ᠡᠯ᠎ᠡ ᠦᠨᠳᠦᠰᠦᠲᠡᠨ ᠤ ᠤᠯᠠᠨ ᠲᠦᠮᠡᠨ ᠤ ᠰᠠᠬᠢᠨ ᠪᠠᠷᠠᠯᠠᠵᠤ ᠬᠠᠷᠢᠯᠴᠠᠨ ᠬᠠᠪᠰᠤᠷᠤᠯᠴᠠᠬᠤ ᠶᠡᠭᠡ ᠭᠡᠷ ᠪᠦᠯᠢ ᠪᠣᠯᠭᠠᠨ ᠪᠠᠶᠢᠭᠤᠯᠤᠨ᠎ᠠ᠃ ᠣᠳᠣᠬᠠᠨ ᠪᠣᠯᠲᠠᠯ᠎ᠠ᠂ ︽ᠰᠡᠳᠬᠢᠯ ᠨᠢᠭᠡᠳᠦᠨ ᠳᠤᠮᠳᠠᠳᠤ ᠶᠢᠨ ᠵᠡᠭᠦᠳᠦ ᠶᠢ ᠬᠠᠮᠲᠤᠪᠠᠷ ᠲᠡᠷᠭᠡᠯᠰᠢᠭᠦᠯᠦᠶ᠎ᠡ︾ ᠭᠡᠬᠦ ᠦᠨᠳᠦᠰᠦᠲᠡᠨ ᠤ ᠪᠦᠯᠬᠦᠮᠳᠡᠯ ᠤᠨ ᠭᠤᠣᠯ ᠰᠡᠳᠦᠪᠲᠦ ᠠᠵᠢᠯᠯᠠᠭ᠎ᠠ᠂︽ᠡᠯ᠎ᠡ ᠦᠨᠳᠦᠰᠦᠲᠡᠨ  ᠪᠦᠯᠬᠦᠮᠳᠡᠨ ᠨᠢᠭᠡ ᠭᠡᠷ ᠪᠦᠯᠢ ᠮᠡᠲᠦ ᠳᠣᠲᠣᠨᠣ︾ ᠦᠨᠳᠦᠰᠦᠲᠡᠨ ᠤ ᠲᠦᠷᠦ ᠶᠢᠨ ᠪᠤᠳᠤᠯᠭ᠎ᠠ ᠶᠢᠨ ᠤᠬᠠᠭᠤᠯᠭ᠎ᠠ ᠶᠢᠨ ᠰᠠᠷ᠎ᠠ ᠶᠢᠨ ᠠᠵᠢᠯᠯᠠᠭ᠎ᠠ ᠵᠡᠷᠭᠡ ᠭᠤᠣᠯ ᠰᠡᠳᠦᠪᠲᠦ ᠠᠵᠢᠯᠯᠠᠭ᠎ᠠ ᠶᠢ 7 ᠤᠳᠠᠭ᠎ᠠ ᠥᠷᠨᠢᠭᠦᠯᠵᠦ᠂ ᠣᠷᠣᠯᠴᠠᠭᠰᠠᠨ ᠤᠯᠠᠨ ᠲᠦᠮᠡᠨ 1000 ᠭᠠᠷᠤᠢ ᠬᠥᠮᠦᠨ ᠳᠤ ᠬᠦᠷᠴᠡᠢ᠃
3.2.jpg
ᠢᠷᠡᠯᠲᠡ᠄ ᠳ᠋ᠦᠩᠱᠧᠩ ᠳᠤᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ