ᠣᠶᠢᠷ᠎ᠠ ᠳᠤ᠂ ᠮᠠᠨ ᠤ ᠤᠯᠤᠰ ᠤᠨ ᠣᠯᠠᠨ ᠭᠠᠵᠠᠷ ᠲᠤ ᠠᠩᠬᠠᠨ ᠤ ᠪᠡᠶᠡᠳᠦ ᠰᠠᠯᠪᠤᠷᠢ ᠠᠭᠤᠰᠬᠢᠨ ᠦᠷᠪᠢᠰᠦᠯ | ᠬᠡᠴᠡᠬᠦᠳᠡᠵᠦ᠂ ᠬᠦᠮᠦᠰ ᠤᠨ ᠠᠩᠬᠠᠷᠣᠯ ᠳᠤ ᠣᠷᠣᠯ᠎ᠠ᠃ | ᠠᠩᠬᠠᠨ ᠤ ᠪᠡᠶᠡᠳᠦ ᠰᠠᠯᠪᠤᠷᠢ ᠠᠭᠤᠰᠬᠢᠨ ᠦᠷᠪᠢᠰᠦᠯ ᠪᠣᠯ ᠲᠦᠷᠭᠡᠨ ᠴᠢᠨᠠᠷᠲᠠᠢ ᠠᠭᠤᠰᠬᠢᠨ ᠤ ᠬᠡᠰᠡᠭ ᠤᠨ | ᠬᠠᠯᠳᠠᠪᠤᠷᠢᠯᠠᠯ ᠤᠨ ᠴᠢᠨᠠᠷᠲᠠᠢ ᠡᠪᠡᠳᠴᠢᠨ ᠪᠠᠶᠢᠵᠦ᠂ ᠮᠠᠨ ᠤ ᠤᠯᠤᠰ ᠤᠨ 5 ᠨᠠᠰᠤᠨ ᠠᠴᠠ ᠳᠡᠭᠡᠭᠰᠢᠬᠢ | ᠬᠡᠦᠬᠡᠳ ᠤᠳ ᠲᠤ ᠢᠯᠡᠬᠦᠦ ᠬᠠᠯᠳᠠᠪᠤᠷᠢᠯᠠᠳᠠᠭ ᠠᠭᠤᠰᠬᠢᠨ ᠤ ᠦᠷᠪᠢᠰᠦᠯ ᠮᠥᠨ᠃ ᠪᠦᠬᠦ ᠳᠡᠯᠡᠬᠡᠢ ᠶᠢᠨ | ᠬᠡᠪᠴᠢᠶᠡᠨ ᠳᠤ ᠥᠷᠭᠡᠨ ᠳᠡᠯᠬᠡᠷᠡᠵᠦ᠂ ᠪᠠᠷᠤᠭ 3 ~ 7 ᠵᠢᠯ ᠳᠤ ᠨᠢᠭᠡ ᠤᠳᠠᠭ᠎ᠠ ᠭᠠᠵᠠᠷ ᠣᠷᠣᠨ ᠤ ᠴᠢᠨᠠᠷᠲᠠᠢ | ᠳᠡᠯᠭᠡᠷᠡᠳᠡᠭ ᠶᠤᠮ ᠪᠠᠶᠢᠨ᠎ᠠ᠃ | ᠲᠤᠰᠬᠠᠢ ᠮᠡᠷᠭᠡᠵᠢᠯᠲᠡᠨ ᠤ ᠲᠠᠨᠢᠯᠴᠠᠭᠤᠯᠤᠭᠰᠠᠨ ᠢᠶᠠᠷ᠂ ᠠᠭᠤᠰᠬᠢᠨ ᠦᠷᠪᠢᠰᠦᠯ ᠢ ᠡᠭᠦᠰᠬᠡᠭᠰᠡᠨ ᠡᠪᠡᠳᠴᠢᠨ | ᠡᠭᠦᠰᠬᠡᠭᠴᠢ ᠶᠡᠷᠦ ᠳᠡᠭᠡᠨ ᠪᠦᠷ ᠤᠯᠠᠷᠢᠯ ᠤᠨ ᠴᠢᠨᠠᠷᠳᠠᠢ ᠲᠠᠢ ᠪᠠᠶᠢᠳᠠᠭ᠂ ᠠᠩᠬᠠᠨ ᠤ ᠰᠠᠯᠪᠤᠷᠢ ᠪᠡᠶᠡᠲᠦ ᠠᠭᠤᠰᠬᠢᠨ | ᠦᠷᠪᠢᠰᠦᠯ ᠨᠢ ᠣᠶᠢᠷ᠎ᠠ ᠶᠢᠨ ᠬᠤᠶᠠᠷ ᠵᠢᠯ ᠳᠤ᠂ ᠢᠯᠠᠩᠭᠤᠶ᠎ᠠ ᠡᠨᠡ ᠵᠢᠯ ᠮᠠᠨ ᠤ ᠤᠯᠤᠰ ᠤᠨ ᠵᠠᠷᠢᠮ ᠭᠠᠵᠠᠷ | ᠣᠷᠣᠨ ᠳᠤ ᠳᠡᠯᠭᠡᠷᠡᠵᠦ ᠪᠠᠶᠢᠭ᠎ᠠ ᠪᠤᠯᠪᠠᠴᠦ᠂ ᠴᠥᠭᠡᠨ ᠲᠣᠭᠠᠨ ᠤ ᠭᠡᠷ ᠪᠦᠯᠢ ᠪᠤᠶᠤ ᠰᠣᠷᠭᠠᠭᠤᠯᠢ ᠳᠤ ᠳᠡᠯᠭᠡᠷᠡᠬᠦ | ᠪᠠᠶᠢᠳᠠᠯ ᠭᠠᠷᠳᠠᠭ᠂ ᠭᠡᠪᠡᠴᠦ ᠲᠡᠷᠡ ᠨᠢ ᠬᠠᠯᠳᠠᠪᠤᠷᠢᠲᠤ ᠡᠪᠡᠳᠴᠢᠨ ᠳᠤ ᠲᠣᠭᠠᠴᠠᠭᠳᠠᠬᠤ ᠦᠭᠡᠢ᠂ ᠰᠢᠨ᠎ᠡ ᠺᠤᠷᠤᠨᠠ | ᠰᠢᠭ᠋ ᠬᠠᠯᠳᠠᠪᠤᠷᠢᠳᠦ ᠴᠢᠨᠠᠷ ᠦᠭᠡᠢ ᠶᠤᠮ᠃ | ᠥᠩᠭᠡᠷᠡᠭᠰᠡᠨ ᠵᠢᠯ ᠤᠳ ᠲᠠᠢ ᠬᠠᠷᠢᠴᠠᠭᠤᠯᠪᠠᠯ ᠡᠨᠡ ᠵᠢᠯ ᠮᠠᠨ ᠤ ᠤᠯᠤᠰ ᠤᠨ ᠠᠩᠬᠠᠨ ᠤ ᠪᠡᠶᠡᠳᠦ ᠰᠠᠯᠪᠤᠷᠢ | ᠠᠭᠤᠰᠬᠢᠨ ᠦᠷᠪᠢᠰᠦᠯ ᠵᠠᠯᠠᠭᠤ ᠪᠠᠭᠠᠴᠤᠳ ᠲᠤ ᠭᠤᠤᠯᠳᠠᠭᠤ ᠳᠦᠪᠯᠡᠷᠡᠵᠦ᠂ 3 ᠬᠦᠷᠦᠬᠡ ᠦᠬᠡᠢ ᠨᠢᠯᠬ᠎ᠠ ᠬᠡᠦᠬᠡᠳ | ᠴᠦ ᠡᠪᠡᠳᠴᠢᠯᠡᠵᠦ ᠪᠠᠶᠢᠭ᠎ᠠ ᠪᠤᠯᠬᠤᠷ᠂ ᠡᠪᠡᠳᠴᠢᠨ ᠤ ᠢᠯᠡᠷᠡᠯ ᠭᠠᠷᠪᠠᠯ ᠴᠠᠭ ᠲᠤᠬᠠᠢ ᠳᠤᠨᠢ ᠡᠮᠨᠡᠭᠦᠯᠬᠦ ᠬᠡᠷᠡᠭᠲᠡᠢ | ᠶᠤᠮ ᠪᠠᠶᠢᠨ᠎ᠠ᠃ |