ᠭᠤᠤ ᠢ ᠳ᠋ᠦᠩ ᠬᠠᠶᠢᠷ᠎ᠠ ᠬᠠᠯᠠᠮᠵᠢᠳᠤ ᠢᠨᠵᠧᠨᠧᠷᠢᠩ ᠤᠨ ᠢᠯᠴᠢ ᠬᠠᠩᠭᠠᠬᠤ ᠬᠤᠭᠤᠯᠠᠢ ᠲᠣᠣᠷ ᠤᠨ ᠪᠦᠲᠦᠭᠡᠨ ᠪᠠᠶᠢᠭᠤᠯᠤᠯᠲᠠ ᠶᠢᠨ ᠪᠠᠶᠢᠳᠠᠯ ᠢ ᠪᠠᠶᠢᠴᠠᠭᠠᠨ ᠰᠤᠳᠤᠯᠪᠠ
ᠨᠡᠶᠢᠲᠡᠯᠡᠭᠰᠡᠨ ᠴᠠᠭ᠄
2024/8/7
      8 ᠰᠠᠷ᠎ᠠ ᠶᠢᠨ 6 ᠤ ᠡᠳᠦᠷ᠂ ᠣᠷᠳᠣᠰ ᠤᠨ ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠤᠨ ᠨᠡᠭᠡᠭᠡᠯᠲᠡ ᠶᠢᠨ ᠲᠣᠭᠤᠷᠢᠭ ᠤᠨ ᠨᠠᠮ ᠤᠨ ᠠᠵᠢᠯᠯᠠᠬᠤ ᠬᠤᠷᠢᠶᠠᠨ ᠤ ᠱᠦᠵᠢ᠂ ᠳ᠋ᠦᠩᠱᠧᠩ ᠲᠣᠭᠤᠷᠢᠭ ᠤᠨ ᠨᠠᠮ ᠤᠨ ᠬᠤᠷᠢᠶᠠᠨ ᠤ ᠱᠦᠵᠢ ᠭᠤᠣ ᠢ ᠳ᠋ᠦᠩ ᠲᠢᠶᠠᠨ ᠵᠢᠶᠣᠣ ᠵᠠᠮ᠂ ᠠᠮᠢ ᠠᠬᠤᠢ ᠶᠢᠨ ᠳᠤᠮᠳᠠ ᠵᠡᠭᠡᠯᠢ᠂ ᠶᠤᠸᠠᠢ ᠱᠠᠨ ᠵᠠᠮ᠂ ᠾᠧ ᠰᠢᠶᠧ ᠵᠠᠮ᠂ ᠣᠲᠤᠭ ᠵᠡᠭᠡᠯᠢ ᠵᠡᠷᠭᠡ ᠭᠠᠵᠠᠷ ᠢᠶᠠᠷ ᠬᠦᠷᠴᠤ ᠬᠠᠶᠢᠷ᠎ᠠ ᠬᠠᠯᠠᠮᠵᠢᠳᠤ ᠢᠨᠵᠧᠨᠧᠷᠢᠩ ᠤᠨ ᠢᠯᠴᠢ ᠬᠠᠩᠭᠠᠬᠤ ᠬᠤᠭᠤᠯᠠᠢ ᠲᠣᠣᠷ ᠤᠨ ᠪᠦᠲᠦᠭᠡᠨ ᠪᠠᠶᠢᠭᠤᠯᠤᠯᠲᠠ ᠶᠢᠨ ᠠᠬᠢᠴᠠ᠂ ᠪᠠᠷᠢᠯᠭ᠎ᠠ ᠪᠠᠷᠢᠬᠤ ᠲᠥᠯᠥᠪᠯᠡᠭᠡ ᠵᠢᠴᠢ ᠪᠦᠲᠦᠭᠡᠨ ᠪᠠᠶᠢᠭᠤᠯᠬᠤ ᠶᠠᠪᠤᠴᠠ ᠳᠤ ᠣᠷᠣᠰᠢᠵᠤ ᠪᠠᠶᠢᠭ᠎ᠠ ᠬᠦᠴᠢᠷᠳᠡᠯ ᠪᠠ ᠠᠰᠠᠭᠤᠳᠠᠯ ᠢ ᠪᠠᠶᠢᠴᠠᠭᠠᠨ ᠰᠤᠳᠤᠯᠬᠤ ᠶᠢᠨ ᠬᠠᠮᠲᠤ᠂ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠠᠵᠢᠯ ᠳᠤ ᠳᠠᠬᠢᠨ ᠪᠠᠶᠢᠷᠢᠯᠠᠭᠤᠯᠤᠯᠲᠠ᠂ ᠳᠠᠬᠢᠨ ᠲᠣᠬᠢᠷᠠᠭᠤᠯᠤᠯᠲᠠ ᠬᠢᠵᠡᠢ᠃      ᠭᠤᠸ ᠢ ᠳ᠋ᠦᠩ᠂ ︽ᠬᠠᠶᠢᠷ᠎ᠠ ᠬᠠᠯᠠᠮᠵᠢᠳᠤ ᠢᠨᠵᠧᠨᠧᠷᠢᠩ︾ ᠪᠣᠯ ᠲᠦᠭ ᠲᠦᠮᠡᠨ ᠠᠶᠢᠯ ᠡᠷᠦᠬᠡ ᠳᠤ ᠬᠤᠯᠪᠣᠭᠳᠠᠬᠤ ᠠᠷᠠᠳ ᠤᠨ ᠠᠮᠢᠳᠤᠷᠠᠯ ᠤᠨ ᠢᠨᠵᠧᠨᠧᠷᠢᠩ ᠮᠥᠨ᠃ ᠡᠯ᠎ᠡ ᠬᠠᠮᠢᠶ᠎ᠠ ᠪᠦᠬᠦᠢ ᠰᠠᠯᠠᠭ᠎ᠠ ᠮᠥᠴᠢᠷ ᠤᠳ ᠦᠵᠡᠯ ᠰᠠᠨᠠᠭ᠎ᠠ ᠲᠠᠨᠢᠯᠲᠠ ᠪᠠᠨ ᠳᠠᠬᠢᠨ ᠳᠡᠭᠡᠭᠰᠢᠯᠡᠭᠦᠯᠬᠦ ᠶᠢ ᠪᠠᠷᠢᠮᠲᠠᠯᠠᠨ᠂ ᠬᠠᠷᠢᠭᠤᠴᠠᠯᠭᠠᠲᠤ ᠰᠡᠳᠬᠢᠯᠭᠡ ᠪᠠ ᠡᠭᠦᠷᠭᠡᠲᠦ ᠰᠡᠳᠬᠢᠯᠭᠡ ᠪᠠᠨ ᠤᠯᠠᠮ ᠨᠢᠭᠡ ᠠᠯᠬᠤᠮ ᠴᠢᠩᠭᠠᠳᠬᠠᠵᠤ᠂ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠳᠤᠮᠳᠠᠬᠢ ᠬᠦᠴᠢᠷ ᠲᠦᠪᠡᠭᠲᠡᠢ ᠠᠰᠠᠭᠤᠳᠠᠯ ᠢ ᠴᠠᠭ ᠲᠤᠬᠠᠢ ᠳᠤᠨᠢ ᠵᠠᠳᠠᠯᠤᠨ ᠰᠤᠳᠤᠯᠵᠤ ᠰᠢᠢᠳᠪᠦᠷᠢᠯᠡᠨ᠂ ᠰᠠᠨᠠᠭᠠᠴᠢᠯᠠᠭ᠎ᠠ ᠠᠴᠠ ᠪᠠᠨ ᠡᠬᠦᠷᠬᠡᠯᠡᠨ ᠠᠵᠢᠯᠯᠠᠵᠤ᠂ ᠠᠵᠢᠯ ᠤᠨ ᠠᠷᠭ᠎ᠠ ᠬᠡᠮᠵᠢᠶ᠎ᠡ ᠪᠠᠨ ᠴᠢᠩᠭᠠᠷᠠᠭᠤᠯᠤᠨ᠂ ᠡᠯ᠎ᠡ ᠵᠦᠢᠯ ᠤᠨ ᠢᠨᠵᠧᠨᠧᠷᠢᠩ ᠤᠨ ᠬᠤᠷᠳᠤᠴᠠ ᠶᠢ ᠲᠦᠷᠭᠡᠳᠬᠡᠵᠦ ᠦᠷ᠎ᠡ ᠪᠦᠲᠦᠮᠵᠢ ᠶᠢ ᠳᠡᠭᠡᠭᠰᠢᠯᠡᠭᠦᠯᠬᠦ ᠶᠢ ᠪᠥᠬᠦ ᠬᠦᠴᠦᠨ ᠢᠶᠠᠷ ᠢᠶᠠᠨ ᠠᠬᠢᠭᠤᠯᠬᠤ ᠬᠡᠷᠡᠭᠲᠡᠢ᠃ ᠪᠠᠷᠢᠯᠭ᠎ᠠ ᠶᠢᠨ ᠠᠵᠢᠯ ᠤᠨ ᠠᠬᠢᠴᠠ ᠶᠢ  ᠲᠦᠷᠬᠡᠳᠬᠡᠨ᠂ ᠴᠠᠭ ᠬᠤᠭᠤᠴᠠᠭᠠᠨ ᠤ ᠵᠠᠩᠭᠢᠯᠠᠭ᠎ᠠ ᠶᠢᠨ ᠴᠢᠭ ᠢ ᠴᠢᠩᠭ᠎ᠠ ᠠᠩᠬᠠᠷᠴᠤ᠂ ᠪᠠᠷᠢᠯᠭ᠎ᠠ ᠶᠢᠨ ᠠᠮᠤᠷ ᠲᠦᠪᠰᠢᠨ ᠪᠠ ᠪᠠᠷᠢᠯᠭ᠎ᠠ ᠶᠢᠨ ᠶᠠᠰᠤ ᠴᠢᠨᠠᠷ ᠢ ᠪᠠᠲᠤᠯᠠᠭᠰᠠᠨ ᠤᠷᠢᠲᠠᠯ ᠳᠣᠣᠷ᠎ᠠ᠂ ᠪᠠᠷᠢᠯᠭ᠎ᠠ ᠶᠢᠨ ᠠᠵᠢᠯ ᠤᠨ ︽ᠰᠢᠵᠢᠷ ᠠᠯᠳᠠᠨ ᠬᠤᠭᠤᠴᠠᠭ᠎ᠠ︾ ᠶᠢ ᠠᠮᠵᠢᠨ ᠠᠳᠬᠤᠵᠤ᠂ ᠪᠠᠷᠢᠯᠭ᠎ᠠ ᠶᠢᠨ ᠠᠵᠢᠯ ᠤᠨ ᠬᠦᠴᠦᠨ ᠢ ᠤᠯᠠᠮ ᠴᠢᠨᠠᠭᠰᠢᠳᠠ ᠴᠢᠩᠭᠠᠷᠠᠭᠤᠯᠵᠤ᠂ ᠲᠦᠷᠭᠡᠨ ᠠᠵᠢᠯᠯᠠᠬᠤ ᠶᠢ ᠴᠢᠩᠭ᠎ᠠ ᠠᠳᠬᠤᠵᠤ᠂ ᠪᠦᠬᠦ ᠬᠦᠴᠦᠨ ᠢᠶᠠᠷ ᠢᠶᠠᠨ ᠠᠬᠢᠭᠤᠯᠵᠤ᠂ ᠡᠯ᠎ᠡ ᠲᠦᠷᠦᠯ ᠤᠨ ᠪᠠᠷᠢᠯᠭ᠎ᠠ ᠶᠢ ᠲᠣᠭᠲᠠᠭᠰᠠᠨ ᠬᠤᠭᠤᠴᠠᠭᠠᠨ ᠳᠤ ᠳᠠᠭᠤᠰᠬᠠᠬᠤ ᠶᠢ ᠪᠠᠲᠤᠯᠠᠬᠤ ᠬᠡᠷᠡᠭᠲᠡᠢ᠃ ᠪᠠᠷᠢᠯᠭ᠎ᠠ ᠪᠠᠷᠢᠬᠤ ᠶᠠᠪᠤᠴᠠ ᠶᠢ ᠤᠯᠠᠮ ᠨᠢᠭᠡ ᠠᠯᠬᠤᠮ ᠰᠢᠯᠢᠳᠡᠭᠵᠢᠭᠦᠯᠦᠨ ᠳᠡᠭᠡᠭᠰᠢᠯᠡᠭᠦᠯᠵᠦ᠂ ᠠᠮᠤᠷ ᠲᠦᠪᠰᠢᠨ ᠤ ᠲᠣᠭᠲᠠᠭᠠᠯ ᠢ ᠴᠢᠩᠭ᠎ᠠ ᠵᠢᠷᠤᠮᠯᠠᠨ᠂ ᠪᠠᠷᠢᠯᠭ᠎ᠠ ᠪᠠᠷᠢᠬᠤ ᠣᠷᠣᠨ ᠪᠦᠰᠡ ᠳᠤ ᠠᠮᠤᠷ ᠲᠦᠪᠰᠢᠨ ᠤ ᠬᠠᠮᠢᠶᠠᠷᠤᠯᠲᠠ ᠡᠵᠡᠮᠳᠡᠯ ᠬᠢᠵᠦ᠂ ᠵᠠᠮ ᠪᠢᠲᠡᠭᠦᠮᠵᠢᠯᠡᠭᠰᠡᠨ ᠠᠴᠠ ᠪᠣᠯᠵᠤ ᠤᠯᠠᠨ ᠲᠦᠮᠡᠨ ᠤ ᠶᠠᠪᠤᠵᠤ ᠰᠠᠭᠤᠬᠤ ᠪᠠ ᠦᠢᠯᠡᠳᠪᠦᠷᠢᠯᠡᠯ ᠠᠮᠢᠳᠤᠷᠠᠯ ᠳᠤ ᠦᠵᠡᠭᠦᠯᠬᠦ ᠨᠥᠯᠥᠭᠡ ᠶᠢ ᠬᠠᠮᠤᠭ ᠤᠨ ᠶᠡᠭᠡ ᠬᠡᠮᠵᠢᠶ᠎ᠡ ᠪᠠᠷ ᠪᠠᠭᠠᠰᠬᠠᠬᠤ ᠬᠡᠷᠡᠭᠲᠡᠢ᠃ ᠱᠠᠯᠠᠪᠳᠠᠭᠤᠯᠤᠨ ᠪᠠᠶᠢᠴᠠᠭᠠᠬᠤ ᠡᠷᠴᠢᠮ ᠢᠶᠠᠨ ᠴᠢᠩᠭᠠᠷᠠᠭᠤᠯᠤᠨ᠂ ᠱᠠᠯᠠᠪᠳᠠᠭᠤᠯᠤᠨ ᠪᠠᠶᠢᠴᠠᠭᠠᠵᠤ ᠦᠷ᠎ᠡ ᠪᠦᠲᠦᠮᠵᠢ ᠠᠰᠠᠭᠤᠬᠤ ᠶᠢ ᠴᠢᠨᠠᠭᠰᠢᠳᠠ ᠴᠢᠩᠭᠠᠳᠬᠠᠵᠤ᠂ ᠱᠠᠲᠤ ᠱᠠᠲᠤ ᠪᠠᠷ ᠳᠠᠷᠤᠯᠲᠠ ᠥᠭᠴᠦ᠂ ᠬᠠᠷᠢᠭᠤᠴᠠᠯᠭ᠎ᠠ ᠶᠢᠨ ᠨᠠᠶᠢᠳᠠᠪᠤᠷᠢᠵᠢᠭᠤᠯᠤᠯᠲᠠ ᠶᠢ ᠪᠠᠲᠤᠳᠬᠠᠵᠤ᠂ ᠱᠠᠯᠠᠪᠳᠠᠭᠤᠯᠤᠨ ᠪᠠᠶᠢᠴᠠᠭᠠᠵᠤ ᠦᠷ᠎ᠡ ᠪᠦᠲᠦᠮᠵᠢ ᠠᠰᠠᠭᠤᠬᠤ ᠶᠢ ᠴᠢᠩᠳᠠᠯᠠᠬᠤ ᠪᠠᠷ ᠡᠯ᠎ᠡ ᠵᠦᠢᠯ ᠤᠨ ᠠᠵᠢᠯ ᠢ ᠥᠨᠳᠥᠷ ᠪᠦᠲᠦᠮᠵᠢᠲᠡᠢ ᠠᠬᠢᠭᠤᠯᠬᠤ ᠬᠡᠷᠡᠭᠲᠡᠢ ᠬᠡᠵᠡᠢ᠃       ᠲᠣᠭᠤᠷᠢᠭ ᠤᠨ ᠤᠳᠤᠷᠢᠳᠤᠯᠭ᠎ᠠ ᠳ᠋ᠦ᠋ ᠵᠢᠢ ᠺᠤᠸᠠᠨ᠂ ᠵᠠᠩ ᠵᠢᠶᠠᠨ ᠬᠥᠩ ᠵᠢᠴᠢ ᠲᠣᠭᠤᠷᠢᠭ ᠤᠨ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠳᠠᠳ ᠤᠷᠤᠯᠴᠠᠪᠠ᠃
ᠢᠷᠡᠯᠲᠡ᠄ ᠳ᠋ᠦᠩᠱᠧᠩ ᠳᠤᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ