ᠬᠠᠨ ᠲᠤᠸ ᠦᠶᠡᠷ ᠢ ᠰᠡᠷᠭᠡᠶᠢᠯᠡᠬᠦ ᠠᠵᠢᠯ ᠢ ᠬᠢᠨᠠᠨ ᠵᠢᠯᠤᠭᠤᠳᠴᠤ ᠪᠠᠶᠢᠴᠠᠭᠠᠪᠠ
ᠨᠡᠶᠢᠲᠡᠯᠡᠭᠰᠡᠨ ᠴᠠᠭ᠄
2024/8/9
     8 ᠰᠠᠷ᠎ᠠ ᠶᠢᠨ 8 ᠤ ᠣᠷᠣᠢ᠂ ᠳ᠋ᠦᠩᠱᠧᠩ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠲᠣᠭᠤᠷᠢᠭ ᠤᠨ ᠳᠠᠷᠤᠭ᠎ᠠ ᠬᠠᠨ ᠲᠤᠸ ᠬᠤᠲᠠ ᠶᠢᠨ ᠬᠤᠲᠣᠭᠤᠷ ᠭᠠᠵᠠᠷ᠂ ᠠᠮᠠᠷᠬᠠᠨ ᠤᠰᠤ ᠬᠤᠷᠠᠬᠤ ᠭᠠᠵᠠᠷ᠂ ᠢᠯᠴᠢ ᠬᠠᠩᠭᠠᠬᠤ ᠬᠤᠭᠤᠯᠠᠢ ᠲᠣᠣᠷ ᠤᠨ ᠪᠠᠷᠢᠯᠭ᠎ᠠ ᠶᠢᠨ ᠲᠤᠬᠠᠢ ᠶᠢᠨ ᠳᠠᠯᠠᠪᠠᠢ ᠪᠠ ᠲᠣᠭᠤᠷᠢᠭ ᠤᠨ ᠬᠥᠳᠡᠭᠡ ᠲᠣᠰᠬᠤᠨ ᠤ ᠦᠶᠡᠷ ᠢ ᠰᠡᠷᠭᠡᠶᠢᠯᠡᠵᠦ ᠭᠠᠩ ᠢ ᠡᠰᠡᠷᠭᠦᠴᠡᠬᠦ ᠵᠢᠯᠤᠭᠤᠳᠬᠤ ᠭᠠᠵᠠᠷ᠂ ᠲᠣᠭᠤᠷᠢᠭ ᠤᠨ ᠬᠤᠲᠠ ᠶᠢᠨ ᠦᠶᠡᠷ ᠢ ᠰᠡᠷᠭᠡᠶᠢᠯᠡᠬᠦ ᠵᠢᠯᠤᠭᠤᠳᠬᠤ ᠭᠠᠵᠠᠷ ᠵᠡᠷᠭᠡ ᠭᠠᠵᠠᠷ ᠢᠶᠠᠷ ᠭᠦᠨᠵᠡᠭᠡᠶᠢᠷᠡᠵᠦ᠂ ᠲᠣᠭᠤᠷᠢᠭ ᠤᠨ ᠬᠤᠲᠠ ᠶᠢᠨ ᠤᠰᠤᠲᠤᠯ ᠢ ᠤᠷᠢᠳᠴᠢᠯᠠᠨ ᠰᠡᠷᠡᠮᠵᠢᠯᠡᠵᠤ ᠬᠢᠨᠠᠨ ᠬᠡᠮᠵᠢᠬᠦ ᠤᠶᠤᠨᠴᠢ ᠲᠠᠪᠴᠠᠩ ᠪᠠ ᠠᠭᠤᠯᠠᠨ ᠦᠶᠡᠷ ᠤᠨ ᠭᠠᠮᠰᠢᠭ ᠢ ᠬᠢᠨᠠᠨ ᠬᠡᠮᠵᠢᠬᠦ ᠲᠠᠪᠴᠠᠩ ᠤᠨ ᠠᠵᠢᠯᠯᠠᠭᠠᠨ ᠤ ᠪᠠᠶᠢᠳᠠᠯ ᠢ ᠨᠠᠷᠢᠨ ᠣᠶᠢᠯᠠᠭᠠᠬᠤ ᠶᠢᠨ ᠬᠠᠮᠲᠤ ᠦᠶᠡᠷ ᠢ ᠰᠡᠷᠭᠡᠶᠢᠯᠡᠬᠦ ᠡᠯ᠎ᠡ ᠵᠦᠢᠯ ᠤᠨ ᠪᠡᠯᠡᠳᠬᠡᠯ ᠠᠵᠢᠯ ᠢ ᠲᠤᠬᠠᠢ ᠶᠢᠨ ᠭᠠᠵᠠᠷ ᠲᠤᠨᠢ ᠱᠠᠯᠠᠪᠳᠠᠭᠤᠯᠤᠨ ᠵᠢᠯᠤᠭᠤᠳᠴᠤ ᠪᠠᠶᠢᠴᠠᠭᠠᠪᠠ᠃      ᠬᠠᠨ ᠲᠤᠤ ᠪᠠᠶᠢᠴᠠᠭᠠᠯᠲᠠ ᠬᠢᠬᠦ ᠳᠡᠭᠡᠨ᠂ ᠣᠳᠣ ᠶᠠᠭ ᠦᠶᠡᠷ ᠢ ᠰᠡᠷᠭᠡᠶᠢᠯᠡᠬᠦ ᠵᠠᠩᠭᠢᠯᠠᠭ᠎ᠠ ᠶᠢᠨ ᠬᠤᠭᠤᠴᠠᠭᠠᠨ ᠳᠤ ᠪᠠᠶᠢᠨ᠎ᠠ᠂ ᠡᠯ᠎ᠡ ᠰᠠᠯᠠᠭ᠎ᠠ ᠮᠥᠴᠢᠷ ᠡᠯ᠎ᠡ ᠨᠢᠭᠡᠴᠡ ᠶᠢᠨ ᠬᠢᠨ ᠶᠡᠷᠦᠩᠬᠡᠢ ᠱᠦᠵᠢ ᠰᠢ ᠶᠢᠨ ᠫᠢᠩ ᠤᠨ ᠦᠶᠡᠷ ᠢ ᠰᠡᠷᠭᠡᠶᠢᠯᠡᠵᠦ ᠭᠠᠮᠰᠢᠭ ᠠᠴᠠ ᠠᠪᠤᠷᠠᠬᠤ ᠠᠵᠢᠯ ᠤᠨ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠲᠤᠤᠱᠯᠠᠭᠤᠯᠵᠤ᠂ ᠠᠷᠠᠳ ᠲᠦᠮᠡᠨ ᠢ ᠳᠡᠭᠡᠳᠦᠯᠡᠬᠦ᠂ ᠠᠮᠢ ᠨᠠᠰᠤ ᠶᠢ ᠳᠡᠭᠡᠳᠦᠯᠡᠬᠦ ᠶᠢ ᠪᠠᠷᠢᠮᠳᠠᠯᠠᠨ᠂ ᠠᠶᠤᠯ ᠲᠦᠭᠰᠢᠭᠦᠷᠢ ᠶᠢᠨ ᠤᠬᠠᠮᠰᠠᠷ ᠪᠣᠯᠣᠨ ᠬᠤᠷᠢᠭ᠎ᠠ ᠱᠤᠭᠤᠮ ᠤᠨ ᠰᠡᠳᠬᠢᠬᠦᠢ ᠶᠢ ᠪᠠᠲᠤ ᠪᠤᠢ ᠪᠣᠯᠭᠠᠵᠤ᠂ ᠦᠶᠡᠷ ᠤᠨ ᠬᠤᠭᠤᠴᠠᠭᠠᠨ ᠳᠠᠬᠢ ᠠᠮᠤᠷ ᠲᠦᠪᠰᠢᠨ ᠤ ᠬᠥᠪᠴᠢ ᠶᠢ ᠴᠠᠭ ᠢᠮᠠᠭᠲᠠ ᠴᠢᠩᠭᠠᠷᠠᠭᠤᠯᠤᠨ᠂ ᠦᠶᠡᠷ ᠢ ᠰᠡᠷᠭᠡᠶᠢᠯᠡᠵᠦ ᠭᠠᠮᠰᠢᠭ ᠢ ᠪᠠᠭᠠᠰᠬᠠᠬᠤ ᠡᠯ᠎ᠡ ᠵᠦᠢᠯ ᠤᠨ ᠠᠷᠭ᠎ᠠ ᠬᠡᠮᠵᠢᠶ᠎ᠡ ᠶᠢ ᠪᠦᠬᠦ ᠬᠦᠴᠦᠨ ᠢᠶᠠᠷ ᠢᠶᠠᠨ ᠪᠣᠳᠠᠲᠠᠢ ᠪᠥᠭᠡᠳ ᠨᠠᠷᠢᠯᠢᠭ ᠠᠳᠬᠤᠵᠤ᠂ ᠠᠷᠠᠳ ᠤᠯᠠᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠢ ᠦᠨᠡᠨᠬᠦ ᠪᠠᠲᠤᠯᠠᠬᠤ ᠬᠡᠷᠡᠭᠲᠡᠢ᠃ ᠬᠡᠮ ᠰᠣᠭᠤᠭ ᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠶᠢ ᠨᠠᠷᠢᠯᠢᠭᠵᠢᠭᠤᠯᠵᠤ᠂ ᠰᠡᠷᠭᠡᠶᠢᠯᠡᠨ ᠠᠷᠭᠠᠴᠠᠬᠤ ᠠᠷᠭ᠎ᠠ ᠬᠡᠮᠵᠢᠶ᠎ᠡ ᠶᠢ ᠴᠢᠩᠭᠠᠷᠠᠭᠤᠯᠤᠨ᠂ ᠲᠣᠭᠤᠷᠢᠭ ᠤᠨ ᠪᠣᠷᠣᠭᠠᠨ ᠤ ᠤᠰᠤᠨ ᠤ ᠬᠤᠭᠤᠯᠠᠢ ᠲᠣᠣᠷ ᠤᠨ ᠢᠵᠢ ᠪᠦᠷᠢᠳᠦᠬᠦᠯᠬᠦ ᠳᠦᠬᠦᠭᠡᠷᠦᠮᠵᠢ ᠶᠢ ᠪᠦᠷᠢᠨᠰᠢᠭᠦᠯᠦᠨ ᠲᠡᠭᠦᠯᠳᠡᠷᠵᠢᠭᠦᠯᠵᠦ᠂ ᠬᠤᠲᠠ ᠶᠢᠨ ᠤᠰᠤ ᠭᠠᠳᠠᠭᠰᠢᠯᠠᠭᠤᠯᠬᠤ ᠴᠢᠳᠠᠪᠤᠷᠢ ᠶᠢ ᠲᠠᠰᠤᠷᠠᠯᠲᠠ ᠦᠭᠡᠢ ᠳᠡᠭᠡᠭᠰᠢᠯᠡᠭᠦᠯᠬᠦ ᠬᠡᠷᠡᠭᠲᠡᠢ᠃ ᠬᠤᠲᠣᠭᠤᠷ ᠭᠠᠵᠠᠷ ᠤᠨ ᠠᠮᠠᠷᠬᠠᠨ ᠤᠰᠤᠲᠤᠬᠤ ᠴᠡᠭ᠂ ᠵᠠᠮ ᠤᠨ ᠭᠠᠳᠠᠷᠭᠤ᠂ ᠪᠠᠷᠢᠯᠭ᠎ᠠ ᠶᠢᠨ ᠲᠤᠬᠠᠢ ᠶᠢᠨ ᠲᠠᠯᠠᠪᠠᠢ ᠪᠣᠯᠣᠨ ᠤᠰᠤᠨ ᠴᠥᠭᠦᠷᠥᠮ᠂ ᠨᠦᠯᠦᠮᠡᠯ ᠭᠠᠵᠠᠷ ᠤᠨ ᠬᠠᠰᠢᠯᠭ᠎ᠠ᠂ ᠭᠤᠣᠯ ᠮᠥᠷᠡᠨ ᠤ ᠰᠠᠪᠠ ᠭᠠᠵᠠᠷ ᠵᠡᠷᠭᠡ ᠭᠤᠣᠯᠳᠠᠯᠭ᠎ᠠ ᠲᠠᠢ ᠣᠷᠣᠨ ᠪᠦᠰᠡ ᠶᠢᠨ ᠲᠣᠭᠤᠷᠢᠨ ᠪᠠᠶᠢᠴᠠᠭᠠᠵᠤ ᠬᠠᠮᠢᠶᠠᠷᠤᠨ ᠡᠵᠡᠮᠳᠡᠬᠦ ᠶᠢ ᠴᠢᠩᠭᠠᠳᠬᠠᠨ᠂ ᠴᠠᠭ ᠲᠤᠬᠠᠢ ᠳᠤᠨᠢ ᠡᠷᠡᠰ ᠰᠢᠭᠤᠷᠬᠠᠢ ᠠᠷᠭ᠎ᠠ ᠬᠡᠮᠵᠢᠶ᠎ᠡ ᠠᠪᠴᠤ᠂ ᠭᠡᠨᠡᠳᠲᠡ ᠶᠢᠨ ᠪᠠᠶᠢᠳᠠᠯ ᠢ ᠪᠦᠲᠦᠮᠵᠢᠲᠡᠢ ᠠᠷᠭᠠᠴᠠᠨ ᠰᠢᠢᠳᠪᠦᠷᠢᠯᠡᠵᠦ᠂ ᠦᠶᠡᠷ ᠤᠨ ᠬᠤᠭᠤᠴᠠᠭᠠᠨ ᠤ ᠠᠮᠤᠷ ᠲᠦᠪᠰᠢᠨ ᠤ ᠴᠢᠩᠭ᠎ᠠ ᠰᠡᠷᠭᠡᠶᠢᠯᠡᠯᠲᠡ ᠶᠢᠨ ᠱᠤᠭᠤᠮ ᠢ ᠦᠨᠡᠨᠬᠦ ᠪᠠᠬᠢᠵᠢᠭᠦᠯᠬᠦ ᠬᠡᠷᠡᠭᠲᠡᠢ᠃ ᠤᠷᠢᠳᠴᠢᠯᠠᠨ ᠰᠡᠷᠡᠮᠵᠢᠯᠡᠭᠦᠯᠬᠦ ᠪᠠ ᠪᠠᠴᠢᠮ ᠪᠠᠶᠢᠳᠠᠯ ᠢ ᠠᠷᠭᠠᠴᠠᠬᠤ ᠬᠤᠯᠪᠤᠭᠠᠯᠠᠨ ᠬᠥᠳᠡᠯᠦᠯᠴᠡᠬᠦ ᠲᠣᠭᠲᠠᠴᠠ ᠶᠢ ᠴᠢᠩᠭ᠎ᠠ ᠨᠠᠶᠢᠳᠠᠪᠤᠷᠢᠵᠢᠭᠤᠯᠵᠤ᠂ ᠤᠷᠢᠳᠴᠢᠯᠠᠨ ᠰᠡᠷᠡᠮᠵᠢᠯᠡᠭᠦᠯᠵᠦ ᠬᠢᠨᠠᠨ ᠬᠡᠮᠵᠢᠬᠦ ᠤᠶᠤᠨᠴᠢ ᠲᠠᠪᠴᠠᠩ ᠢ ᠭᠦᠢᠴᠡᠳ ᠠᠰᠢᠭᠯᠠᠨ᠂ ᠦᠶᠡᠷ ᠤᠨ ᠪᠠᠶᠢᠳᠠᠯ ᠢ ᠬᠢᠨᠠᠨ ᠬᠡᠮᠵᠢᠵᠦ ᠤᠷᠢᠳᠴᠢᠯᠠᠨ ᠮᠡᠳᠡᠭᠡᠯᠡᠵᠦ ᠤᠷᠢᠳᠴᠢᠯᠠᠨ ᠰᠡᠷᠡᠮᠵᠢᠯᠡᠭᠦᠯᠬᠦ ᠶᠢ ᠴᠢᠩᠭᠠᠳᠬᠠᠵᠤ᠂ ᠪᠣᠷᠣᠭᠠᠨ ᠤ ᠪᠠᠶᠢᠳᠠᠯ ᠤᠰᠤᠨ ᠤ ᠪᠠᠶᠢᠳᠠᠯ ᠤᠨ ᠬᠤᠪᠢᠷᠠᠯᠲᠠ ᠶᠢ ᠨᠢᠭᠲᠠ ᠠᠩᠬᠠᠷᠤᠨ᠂ ᠬᠠᠮᠲᠤᠷᠠᠨ ᠵᠥᠪᠳᠡᠯᠴᠡᠵᠦ ᠰᠤᠳᠤᠯᠤᠨ ᠮᠠᠭᠠᠳᠯᠠᠬᠤ ᠶᠢ ᠴᠢᠩᠭᠠᠳᠬᠠᠵᠤ᠂ ᠪᠡᠯᠡᠳᠬᠡᠯ ᠲᠥᠰᠥᠯ ᠤᠨ ᠠᠷᠭ᠎ᠠ ᠬᠡᠮᠵᠢᠶ᠎ᠡ ᠶᠢ ᠨᠠᠷᠢᠯᠢᠭᠵᠢᠭᠤᠯᠤᠨ᠂ ᠡᠳ᠋ ᠪᠣᠳᠠᠰ ᠤᠨ ᠨᠥᠭᠡᠴᠡᠯᠡᠯᠲᠡ ᠶᠢ ᠰᠠᠶᠢᠲᠤᠷ ᠬᠢᠵᠦ᠂ ᠡᠯ᠎ᠡ ᠲᠥᠷᠥᠯ ᠤᠨ ᠭᠠᠢ ᠭᠠᠮᠰᠢᠭ ᠡᠭᠦᠰᠬᠦ ᠶᠢ ᠴᠢᠩᠭ᠎ᠠ ᠰᠡᠷᠭᠡᠶᠢᠯᠡᠬᠦ ᠬᠡᠷᠡᠭᠲᠡᠢ᠃ ᠵᠢᠵᠢᠭᠦᠷᠯᠡᠨ ᠰᠠᠬᠢᠬᠤ ᠶᠢ ᠴᠢᠩᠭᠠᠳᠬᠠᠵᠤ᠂ 24 ᠴᠠᠭ ᠢᠶᠠᠷ ᠵᠢᠵᠢᠭᠦᠷᠯᠡᠬᠦ ᠳᠦᠷᠢᠮ ᠢ ᠴᠢᠩᠭ᠎ᠠ ᠬᠡᠷᠡᠭᠵᠢᠬᠦᠯᠦᠨ᠂ ᠪᠠᠴᠢᠮ ᠪᠠᠶᠢᠳᠠᠯ ᠢ ᠠᠷᠭᠠᠴᠠᠵᠤ ᠠᠶᠤᠯ ᠠᠴᠠ ᠠᠪᠤᠷᠠᠨ ᠲᠤᠰᠠᠯᠠᠬᠤ ᠡᠩᠨᠡᠭᠡ ᠶᠢ ᠴᠢᠩᠭᠠᠳᠬᠠᠵᠤ᠂ ᠦᠶᠡᠷ ᠢ ᠰᠡᠷᠭᠡᠶᠢᠯᠡᠬᠦ ᠠᠵᠢᠯ ᠢ ᠵᠢᠯᠤᠭᠤᠳᠬᠤ ᠪᠠ ᠵᠣᠬᠢᠴᠠᠭᠤᠯᠵᠤ ᠬᠠᠮᠲᠤᠷᠠᠨ ᠬᠥᠳᠡᠯᠦᠯᠴᠡᠬᠦ ᠲᠣᠭᠲᠠᠴᠠ ᠶᠢ ᠪᠦᠷᠢᠨᠰᠢᠭᠦᠯᠦᠨ ᠲᠡᠭᠦᠯᠳᠡᠷᠵᠢᠭᠦᠯᠵᠦ᠂ ᠰᠠᠯᠠᠭ᠎ᠠ ᠮᠥᠴᠢᠷ ᠤᠨ ᠮᠡᠳᠡᠭᠡ ᠵᠠᠩᠭᠢ ᠶᠢ ᠬᠠᠮᠲᠤ ᠪᠠᠷ ᠡᠳ᠋ᠯᠡᠬᠦ ᠪᠠ ᠵᠣᠬᠢᠴᠠᠭᠤᠯᠤᠨ ᠬᠠᠮᠵᠢᠯᠴᠠᠬᠤ ᠶᠢ ᠴᠢᠩᠭᠠᠳᠬᠠᠨ᠂ ᠠᠶᠤᠯ ᠲᠦᠭᠰᠢᠭᠦᠷᠢ ᠶᠢᠨ ᠪᠠᠶᠢᠳᠠᠯ ᠢ ᠲᠦᠷᠭᠡᠨ ᠲᠤᠰᠬᠠᠬᠤ ᠪᠠ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠴᠢᠳᠠᠪᠤᠷᠢ ᠶᠢ ᠦᠷᠭᠦᠯᠵᠢᠯᠡᠨ ᠴᠢᠩᠭᠠᠳᠬᠠᠬᠤ ᠬᠡᠷᠡᠭᠲᠡᠢ᠃ ᠡᠯ᠎ᠡ ᠲᠠᠯ᠎ᠠ ᠶᠢᠨ ᠬᠢᠨ ᠤ ᠬᠠᠷᠢᠭᠤᠴᠠᠯᠭ᠎ᠠ ᠶᠢ ᠴᠢᠩᠭ᠎ᠠ ᠪᠣᠳᠠᠲᠠᠶᠢᠵᠢᠭᠤᠯᠵᠤ᠂ ᠭᠤᠣᠯᠳᠠᠯᠭ᠎ᠠ ᠲᠠᠢ ᠣᠷᠣᠨ ᠪᠦᠰᠡ ᠭᠤᠣᠯᠳᠠᠯᠭ᠎ᠠ ᠲᠠᠢ ᠬᠡᠰᠡᠭ ᠤᠨ ᠦᠶᠡᠷ ᠢ ᠰᠡᠷᠭᠡᠶᠢᠯᠡᠬᠦ ᠪᠡᠯᠡᠳᠬᠡᠯ ᠪᠠ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠠᠵᠢᠯ ᠢ ᠯᠠᠪᠳᠠᠭᠤᠨ ᠪᠠᠲᠤᠲᠠᠢ ᠪᠦᠲᠦᠮᠵᠢᠲᠡᠢ ᠰᠠᠶᠢᠲᠤᠷ ᠬᠢᠵᠦ᠂ ᠦᠶᠡᠷ ᠢ ᠰᠡᠷᠭᠡᠶᠢᠯᠡᠬᠦ ᠡᠯ᠎ᠡ ᠵᠦᠢᠯ ᠤᠨ ᠠᠷᠭ᠎ᠠ ᠬᠡᠮᠵᠢᠶ᠎ᠡ ᠶᠢ ᠨᠠᠷᠢᠨ ᠨᠢᠮᠪᠠᠢ ᠨᠠᠶᠢᠳᠠᠪᠤᠷᠢᠵᠢᠭᠤᠯᠵᠤ᠂ ᠦᠶᠡᠷ ᠤᠨ ᠬᠤᠭᠤᠴᠠᠭ᠎ᠠ ᠶᠢ ᠠᠮᠤᠷ ᠲᠦᠪᠰᠢᠨ ᠢᠶᠠᠷ ᠥᠩᠭᠡᠷᠡᠭᠦᠯᠬᠦ ᠶᠢ ᠪᠦᠬᠦ ᠬᠦᠴᠦᠨ ᠢᠶᠠᠷ ᠢᠶᠠᠨ ᠪᠠᠲᠤᠯᠠᠬᠤ ᠬᠡᠷᠡᠭᠲᠡᠢ ᠭᠡᠵᠤ ᠴᠢᠬᠤᠯᠠᠴᠢᠯᠠᠪᠠ᠃
ᠢᠷᠡᠯᠲᠡ᠄ ᠳ᠋ᠦᠩᠱᠧᠩ ᠳᠤᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ