ᠳ᠋ᠦᠩᠱᠧᠩ ᠲᠣᠭᠤᠷᠢᠭ 1 - 7 ᠳ᠋ᠤᠭᠠᠷ ᠰᠠᠷ᠎ᠠ ᠶᠢᠨ ᠠᠵᠤ ᠠᠬᠤᠶ ᠶᠢᠨ ᠠᠵᠢᠯᠯᠠᠭᠠᠨ ᠤ ᠲᠣᠬᠢᠷᠠᠭᠤᠯᠤᠯᠲᠠ ᠶᠢᠨ ᠬᠤᠷᠠᠯ ᠵᠢᠴᠢ ᠭᠤᠤᠯᠳᠠᠯᠭ᠎ᠠ ᠲᠠᠢ ᠲᠥᠷᠥᠯ ᠵᠦᠢᠯ ᠭᠤᠤᠯᠳᠠᠯᠭ᠎ᠠ ᠲᠠᠢ ᠠᠵᠢᠯ ᠢ ᠠᠬᠢᠭᠤᠯᠬᠤ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/8/9
      8 ᠰᠠᠷ᠎ᠠ ᠶᠢᠨ 7 ᠤ ᠡᠳᠤᠷ᠂ ᠳ᠋ᠦᠡᠭᠱᠸᠡᠭ ᠲᠤᠭᠤᠷᠢᠭ ᠤᠨ ᠨᠠᠮ ᠤᠨ ᠬᠤᠷᠢᠶᠠᠨ ᠤ ᠲᠡᠳ᠋ ᠱᠦᠵᠢ᠂ ᠲᠤᠭᠤᠷᠢᠭ ᠤᠨ ᠲᠠᠷᠤᠭ᠎ᠠ ᠬᠠᠨ ᠲᠤᠤ 1 - 7 ᠳ᠋ᠤᠭᠠᠷ ᠰᠠᠷ᠎ᠠ ᠶᠢᠨ ᠠᠵᠤ ᠠᠬᠤᠢ ᠶᠢᠨ ᠠᠵᠢᠯᠯᠠᠭᠠᠨ ᠤ ᠲᠤᠬᠢᠷᠠᠭᠤᠯᠤᠯᠳᠠ ᠶᠢᠨ ᠬᠤᠷᠠᠯ ᠵᠢᠴᠢ ᠭᠤᠤᠯᠳᠠᠯᠭ᠎ᠠ ᠲᠠᠢ ᠲᠦᠷᠦᠯ ᠵᠦᠢᠯ ᠭᠤᠤᠯᠳᠠᠯᠭ᠎ᠠ ᠲᠠᠢ ᠠᠵᠢᠯ ᠢ ᠠᠬᠢᠭᠤᠯᠬᠤ ᠬᠤᠷᠠᠯ ᠢ ᠡᠷᠬᠢᠯᠡᠨ ᠬᠤᠷᠠᠯᠳᠤᠭᠤᠯᠵᠤ᠂ ᠠᠵᠤ ᠠᠬᠤᠢ ᠶᠢᠨ ᠠᠵᠢᠯᠯᠠᠭᠠᠨ᠂ ᠲᠦᠷᠦᠯ ᠵᠦᠢᠯ ᠤᠨ ᠪᠦᠳᠦᠭᠡᠨ ᠪᠠᠶᠢᠭᠤᠯᠤᠯᠳᠠ᠂ ᠠᠷᠠᠯᠵᠢᠶᠠᠴᠢᠨ ᠤᠷᠢᠵᠤ ᠪᠡᠯᠡ ᠤᠷᠤᠭᠤᠯᠬᠤ ᠵᠡᠷᠭᠡ ᠠᠵᠢᠯ ᠤᠨ ᠪᠠᠶᠢᠳᠠᠯ ᠤᠨ ᠬᠠᠷᠢᠭᠤ ᠮᠡᠳᠡᠭᠦᠯᠦᠯᠳᠡ ᠶᠢ ᠰᠤᠨᠤᠰᠴᠤ᠂ ᠤᠳᠤᠬᠠᠨ ᠤ ᠠᠵᠤ ᠠᠬᠤᠢ ᠶᠢᠨ ᠠᠵᠢᠯᠯᠠᠭᠠᠨ ᠤ ᠪᠠᠶᠢᠳᠠᠯ ᠢ ᠵᠠᠳᠠᠯᠤᠨ ᠰᠤᠳᠤᠯᠵᠤ᠂ ᠠᠰᠠᠭᠤᠳᠠᠯ ᠢ ᠭᠦᠨᠵᠡᠭᠡᠢ ᠪᠠᠶᠢᠴᠠᠭᠠᠨ᠂ ᠲᠠᠷᠠᠭᠠᠴᠢ ᠶᠢᠨ ᠠᠯᠬᠤᠮ ᠤᠨ ᠭᠤᠤᠯᠳᠠᠯᠭ᠎ᠠ ᠲᠠᠢ ᠠᠵᠢᠯ ᠢ ᠲᠤᠬᠢᠷᠠᠭᠤᠯᠤᠨ ᠪᠠᠶᠢᠷᠢᠯᠠᠭᠤᠯᠪᠠ᠃      ᠬᠤᠷᠠᠯ ᠠᠴᠠ᠂ ᠡᠯ᠎ᠡ ᠰᠠᠯᠠᠭ᠎ᠠ ᠮᠥᠴᠢᠷ ᠡᠯ᠎ᠡ ᠨᠢᠭᠡᠴᠡ ᠶᠢᠨ ᠬᠢᠨ ᠢᠲᠡᠭᠡᠯ ᠵᠣᠷᠢᠭ ᠢᠶᠠᠨ ᠪᠠᠳᠤᠳᠬᠠᠨ᠂ ᠡᠷᠴᠢ ᠵᠣᠷᠢᠭ ᠢᠶᠠᠨ ᠭᠦᠢᠴᠡᠳ ᠪᠠᠳᠠᠷᠠᠭᠤᠯᠵᠤ᠂ ᠨᠠᠮ ᠤᠨ ᠬᠤᠷᠢᠳᠤᠭᠠᠷ ᠬᠤᠭᠤᠴᠠᠭᠠᠨ ᠤ ᠭᠤᠷᠪᠠᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠬᠤᠶᠠᠷ ᠶᠡᠭᠡ ᠶᠠᠪᠤᠳᠠᠯ ᠢ ᠪᠦᠬᠦ ᠬᠦᠴᠦᠨ ᠢᠶᠠᠷ ᠢᠶᠠᠨ ᠰᠠᠶᠢᠲᠤᠷ ᠬᠢᠵᠦ᠂ ᠥᠪᠡᠷᠲᠡᠭᠡᠨ ᠵᠠᠰᠠᠬᠤ ᠣᠷᠣᠨ ᠤ ︽ᠵᠢᠷᠭᠤᠭᠠᠨ ᠢᠨᠵᠧᠨᠧᠷᠢᠩ︾ ᠪᠣᠯᠤᠨ ᠬᠤᠳᠠ ᠶᠢᠨ ︽ᠭᠤᠷᠪᠠᠨ ᠳᠥᠷᠪᠡ︾ ᠶᠢᠨ ᠪᠠᠶᠢᠭᠤᠯᠤᠯᠲᠠ ᠶᠢ ᠯᠠᠪᠳᠠᠭᠤᠨ ᠪᠠᠲᠤᠲᠠᠢ ᠠᠬᠢᠭᠤᠯᠵᠤ᠂ ᠥᠭᠡᠷᠡᠴᠢᠯᠡᠯᠲᠡ ᠬᠥᠭᠵᠢᠯᠲᠡ ᠲᠣᠭᠲᠠᠭᠤᠨ ᠤ ᠠᠵᠢᠯ ᠢ ᠨᠢᠭᠡᠳᠦᠯᠲᠡᠢ ᠲᠥᠯᠥᠪᠵᠢᠭᠦᠯᠦᠨ ᠰᠠᠶᠢᠲᠤᠷ ᠬᠢᠵᠦ᠂ ᠣᠨ ᠤ ᠬᠠᠷᠠᠯᠲᠠ ᠡᠭᠦᠷᠭᠡ ᠪᠠᠨ ᠡᠷᠡᠰ ᠪᠡᠶᠡᠯᠡᠭᠦᠯᠬᠦ ᠬᠡᠷᠡᠭᠲᠡᠢ᠃ ᠪᠠᠶᠢᠳᠠᠯ ᠢ ᠲᠣᠳᠣᠷᠬᠠᠢ ᠳᠠᠨᠢᠨ᠂ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠠᠵᠤ ᠠᠬᠤᠢ ᠶᠢᠨ ᠰᠡᠷᠭᠦᠯᠲᠡ ᠶᠢᠨ ᠴᠢᠨᠠᠷᠲᠠᠢ ᠨᠡᠮᠡᠭᠳᠡᠯ ᠳᠤ ᠲᠤᠯᠭᠠᠷᠠᠵᠤ ᠪᠠᠶᠢᠭ᠎ᠠ ᠲᠣᠭᠲᠠᠪᠤᠷᠢ ᠦᠭᠡᠢ ᠬᠦᠴᠦᠨ ᠵᠦᠢᠯ ᠢ ᠭᠦᠨᠵᠡᠭᠡᠢ ᠳᠠᠨᠢᠨ᠂ ᠠᠵᠤ ᠦᠢᠯᠡᠰ ᠤᠨ ᠪᠦᠲᠦᠴᠡ ᠶᠢ ᠦᠷᠭᠦᠯᠵᠢᠯᠡᠨ ᠰᠢᠯᠢᠳᠡᠭᠵᠢᠭᠦᠯᠵᠦ᠂ ᠠᠵᠤ ᠦᠢᠯᠡᠰ ᠤᠨ ᠬᠡᠯᠪᠡᠷᠢ ᠪᠠᠨ ᠬᠤᠪᠢᠷᠠᠭᠤᠯᠤᠨ ᠲᠡᠰ ᠳᠡᠪᠰᠢᠬᠦ ᠶᠢ ᠠᠬᠢᠭᠤᠯᠤᠨ᠂ ᠡᠯ᠎ᠡ ᠲᠦᠷᠦᠯ ᠤᠨ ᠠᠶᠤᠯ ᠲᠦᠭᠰᠢᠭᠦᠷᠢ ᠶᠢ ᠠᠷᠢᠯᠭᠠᠬᠤ ᠶᠢ ᠠᠬᠢᠭᠤᠯᠵᠤ᠂ ᠨᠡᠶᠢᠭᠡᠮ ᠤᠨ ᠬᠡᠷᠡᠭᠯᠡᠭᠡᠨ ᠤ ᠨᠡᠮᠡᠭᠳᠡᠯ ᠢ ᠠᠬᠢᠭᠤᠯᠤᠨ᠂ ᠪᠦᠲᠦᠮᠵᠢᠲᠡᠢ ᠬᠡᠷᠡᠭᠴᠡᠭᠡ ᠶᠢ ᠭᠦᠢᠴᠡᠳ ᠬᠥᠭᠵᠢᠭᠡᠵᠦ᠂ ᠬᠥᠭᠵᠢᠯᠲᠡ ᠶᠢᠨ ᠰᠠᠭᠤᠷᠢ ᠶᠢ ᠲᠠᠰᠤᠷᠠᠯᠲᠠ ᠦᠭᠡᠢ ᠪᠠᠳᠤᠳᠬᠠᠨ᠂ ᠬᠥᠭᠵᠢᠯᠲᠡ ᠶᠢᠨ ᠬᠥᠳᠡᠯᠭᠡᠬᠦ ᠬᠦᠴᠦᠨ ᠢ ᠤᠯᠠᠮ ᠴᠢᠨᠠᠭᠰᠢᠳᠠ ᠴᠢᠩᠭᠠᠳᠬᠠᠬᠤ ᠬᠡᠷᠡᠭᠲᠡᠢ᠃ ᠭᠤᠣᠯᠳᠠᠯᠭ᠎ᠠ ᠳᠤ ᠠᠩᠬᠠᠷᠤᠯ ᠢᠶᠠᠨ ᠲᠦᠪᠯᠡᠷᠡᠬᠦᠯᠦᠨ᠂ ᠲᠣᠭᠲᠠᠭᠰᠠᠨ ᠬᠠᠷᠠᠯᠲᠠ ᠡᠭᠦᠷᠭᠡ ᠶᠢ ᠴᠢᠩᠭ᠎ᠠ ᠠᠩᠬᠠᠷᠴᠤ᠂ ᠭᠤᠣᠯᠳᠠᠯᠭ᠎ᠠ ᠲᠠᠢ ᠬᠦᠷᠢᠶᠡᠨ ᠤ ᠲᠣᠭᠤᠷᠢᠨ ᠳᠤ ᠨᠠᠶᠢᠳᠠᠪᠤᠷᠢᠵᠢᠭᠤᠯᠤᠯᠲᠠ ᠶᠢ ᠠᠳᠬᠤᠨ᠂ ᠠᠵᠢᠯ ᠤᠨ ᠲᠤᠬᠢᠷᠠᠭᠤᠯᠤᠯᠳᠠ ᠶᠢ ᠴᠢᠩᠭᠠᠳᠬᠠᠵᠤ᠂ ᠪᠣᠳᠠᠲᠠᠢ ᠠᠷᠭ᠎ᠠ ᠬᠡᠮᠵᠢᠶ᠎ᠡ ᠠᠪᠴᠤ᠂ ᠪᠣᠭᠤᠮᠢ ᠬᠢᠵᠠᠭᠠᠷᠯᠠᠯ ᠢ ᠡᠪᠳᠡᠨ᠂ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ ᠥᠭᠡᠳᠡᠯᠡᠨ ᠳᠠᠪᠰᠢᠵᠤ ᠪᠠᠶᠢᠭ᠎ᠠ ᠠᠵᠤ ᠠᠬᠤᠢ ᠶᠢᠨ ᠬᠥᠭᠵᠢᠯᠲᠡ ᠶᠢᠨ ᠪᠠᠶᠢᠳᠠᠯ ᠢ ᠦᠷᠭᠦᠯᠵᠢᠯᠡᠨ ᠪᠠᠬᠢᠵᠢᠭᠦᠯᠦᠨ ᠳᠡᠭᠡᠭᠰᠢᠯᠡᠭᠦᠯᠬᠦ ᠬᠡᠷᠡᠭᠲᠡᠢ︔ ᠠᠵᠤ ᠦᠢᠯᠡᠰ ᠢ ᠠᠳᠬᠤᠨ᠂ ᠬᠥᠭᠵᠢᠯᠲᠡ ᠶᠢ ᠠᠬᠢᠭᠤᠯᠵᠤ᠂ ︽ᠳᠤᠯᠤᠭᠠᠶᠢᠯᠠᠭᠴᠢ ᠶᠢ ᠬᠦᠴᠦᠷᠬᠡᠭᠵᠢᠭᠦᠯᠬᠦ᠂ ᠬᠡᠯᠬᠢᠶ᠎ᠡ ᠶᠢ ᠨᠥᠬᠦᠪᠥᠷᠢᠯᠡᠬᠦ᠂ ᠰᠦᠷᠦᠭᠵᠢᠯ ᠢ ᠲᠥᠪᠯᠡᠷᠡᠭᠦᠯᠬᠦ︾ ᠶᠢᠨ ᠲᠣᠭᠤᠷᠢᠨ ᠳᠤ᠂ ᠨᠡᠭᠦᠷᠡᠰᠦᠨ ᠤ ᠠᠵᠤ ᠦᠢᠯᠡᠰ ᠢ ᠪᠣᠬᠢᠷᠲᠤᠯ ᠦᠭᠡᠢ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠬᠡᠯᠪᠡᠷᠢ ᠳᠡᠰᠢ ᠬᠤᠪᠢᠷᠠᠭᠤᠯᠬᠤ ᠶᠢ ᠠᠬᠢᠭᠤᠯᠵᠤ᠂ ᠬᠦᠴᠦᠨ ᠢᠶᠠᠨ ᠲᠥᠪᠯᠡᠷᠡᠭᠦᠯᠦᠨ ᠰᠠᠯᠬᠢᠨ ᠬᠦᠴᠦᠨ ᠤ ᠴᠠᠬᠢᠯᠭᠠᠨ᠂ ᠭᠡᠷᠡᠯ ᠴᠡᠨᠡᠭ᠂ ᠤᠰᠤᠲᠥ᠋ᠷᠥᠭᠴᠢ ᠡᠨᠧᠷᠭᠢ ᠵᠡᠷᠭᠡ ᠰᠢᠨ᠎ᠡ ᠡᠨᠧᠷᠭᠢ ᠶᠢᠨ ᠲᠤᠨᠤᠭ ᠲᠥᠬᠦᠭᠡᠷᠦᠮᠵᠢ ᠦᠢᠯᠡᠳᠬᠦ ᠠᠵᠤ ᠦᠢᠯᠡᠰ ᠢ ᠦᠷᠭᠦᠯᠵᠢᠯᠡᠨ ᠪᠤᠵᠠᠭᠠᠶᠢᠷᠠᠭᠤᠯᠤᠨ ᠬᠦᠴᠦᠷᠬᠡᠭᠵᠢᠭᠦᠯᠵᠦ᠂ ᠰᠢᠨ᠎ᠡ ᠡᠨᠧᠷᠬᠢ ᠶᠢᠨ ᠮᠠᠰᠢᠨ ᠳᠡᠷᠬᠡᠨ ᠤ ᠠᠵᠤ ᠦᠢᠯᠡᠰ ᠢ ᠦᠷᠬᠦᠯᠵᠢᠯᠡᠨ ᠪᠤᠵᠠᠭᠠᠶᠢᠷᠠᠭᠤᠯᠤᠨ ᠬᠦᠴᠦᠷᠬᠡᠭᠵᠢᠬᠦᠯᠵᠤ᠂ ᠳᠡᠭᠡᠳᠦ ᠲᠡᠰ ᠤᠨ ᠡᠯᠧᠺᠲᠷᠤᠨ ᠦᠢᠯᠡᠳᠬᠦ ᠠᠵᠤ ᠦᠢᠯᠡᠰ ᠢ ᠬᠦᠴᠦᠯᠡᠨ ᠴᠣᠭᠴᠠᠯᠠᠵᠤ᠂ ᠪᠤᠳᠤᠯᠭ᠎ᠠ ᠶᠢᠨ ᠬᠦᠴᠦᠨ ᠤ ᠠᠵᠤ ᠦᠢᠯᠡᠰ ᠢ ᠬᠦᠴᠦᠯᠡᠨ ᠬᠥᠭᠵᠢᠭᠦᠯᠵᠦ᠂ ᠨᠤᠤᠯᠤᠭᠤᠷ ᠨᠡᠬᠡᠮᠡᠯ ᠤᠨ ᠣᠨᠴᠠᠯᠢᠭᠲᠤ ᠠᠵᠤ ᠦᠢᠯᠡᠰ ᠢ ᠢᠳᠡᠪᠬᠢᠲᠡᠢ ᠪᠣᠶᠢᠵᠢᠭᠤᠯᠤᠨ ᠪᠤᠵᠠᠭᠠᠶᠢᠷᠠᠭᠤᠯᠤᠨ᠂ ᠤᠳᠤ ᠦᠶ᠎ᠡ ᠶᠢᠨ ᠦᠢᠯᠡᠴᠢᠯᠡᠭᠡᠨ ᠤ ᠦᠢᠯᠡᠰ ᠤᠨ ᠶᠠᠰᠤ ᠴᠢᠨᠠᠷ ᠢ ᠲᠠᠰᠤᠷᠠᠯᠲᠠ ᠦᠭᠡᠢ ᠳᠡᠭᠡᠭᠰᠢᠯᠡᠭᠦᠯᠬᠦ ᠬᠡᠷᠡᠭᠲᠡᠢ︔ ᠲᠦᠷᠦᠯ ᠵᠦᠢᠯ ᠢ ᠠᠳᠬᠤᠨ᠂ ᠪᠡᠯᠡ ᠣᠷᠣᠭᠤᠯᠤᠯᠲᠠ ᠶᠢ ᠥᠷᠭᠡᠳᠬᠡᠵᠦ᠂ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢᠨ ᠬᠤᠷᠳᠤᠴᠠ ᠶᠢ ᠲᠦᠷᠬᠡᠳᠬᠡᠨ᠂ ᠶᠠᠰᠤ ᠴᠢᠨᠠᠷ ᠢ ᠴᠢᠩᠭᠠᠳᠬᠠᠬᠤ ᠶᠢ ᠪᠠᠳᠤᠯᠠᠵᠤ᠂ ᠠᠷᠠᠯᠵᠢᠶᠠᠴᠢᠨ ᠤᠷᠢᠬᠤ ᠴᠢᠨᠠᠷ ᠴᠢᠨᠰᠠᠭ᠎ᠠ ᠶᠢ ᠳᠡᠭᠡᠭᠰᠢᠯᠡᠭᠦᠯᠬᠦ ᠶᠢ ᠠᠬᠢᠭᠤᠯᠵᠤ᠂ ᠨᠡᠩ ᠤᠯᠠᠨ ᠪᠦᠲᠦᠮᠵᠢᠲᠡᠢ ᠪᠡᠯᠡ ᠣᠷᠣᠭᠤᠯᠤᠯᠲᠠ ᠶᠢ ᠪᠦᠷᠢᠯᠳᠦᠭᠦᠯᠬᠦ ᠬᠡᠷᠡᠭᠲᠡᠢ᠃ ᠳᠤᠲᠠᠭᠤᠳᠠᠯ ᠢ ᠨᠦᠬᠦᠪᠦᠷᠢᠯᠡᠨ᠂ ᠠᠶᠤᠯ ᠲᠦᠭᠰᠢᠭᠦᠷᠢ ᠶᠢ ᠰᠡᠷᠭᠡᠶᠢᠯᠡᠵᠦ᠂ ᠠᠮᠤᠷ ᠲᠦᠪᠰᠢᠨ ᠤ ᠬᠤᠷᠢᠭ᠎ᠠ ᠱᠤᠭᠤᠮ ᠢ ᠡᠷᠡᠰ ᠪᠠᠲᠤ ᠴᠣᠭᠴᠠᠯᠠᠬᠤ ᠬᠡᠷᠡᠭᠲᠡᠢ᠃ ᠬᠤᠯᠪᠣᠭᠠᠯᠠᠨ ᠬᠥᠳᠡᠯᠦᠯᠴᠡᠬᠦ ᠶᠢ ᠴᠢᠩᠭᠠᠳᠬᠠᠨ᠂ ᠬᠠᠷᠢᠭᠤᠴᠠᠯᠭ᠎ᠠ ᠪᠠᠨ ᠪᠠᠲᠤᠳᠬᠠᠵᠤ᠂ ︽ᠨᠢᠭᠡ ᠬᠥᠯᠭᠡ ᠰᠢᠳᠠᠷ᠎ᠠ︾ ᠶᠢᠨ ᠦᠵᠡᠯ ᠰᠠᠨᠠᠭ᠎ᠠ ᠶᠢ ᠪᠠᠲᠤ ᠪᠤᠢ ᠪᠤᠯᠭᠠᠨ᠂ ᠬᠠᠷᠢᠶ᠎ᠠ ᠭᠠᠵᠠᠷ ᠤᠨ ᠬᠠᠷᠢᠭᠤᠴᠠᠯᠭ᠎ᠠ ᠶᠢ ᠪᠠᠲᠤ ᠡᠭᠦᠷᠭᠡᠯᠡᠵᠦ᠂ ᠰᠠᠨᠠᠭᠠᠴᠢᠯᠠᠭ᠎ᠠ ᠠᠴᠠ ᠪᠠᠨ ᠤᠷᠢᠳᠴᠢᠯᠠᠨ ᠦᠢᠯᠡᠴᠢᠯᠡᠵᠦ᠂ ᠢᠨᠵᠧᠨᠧᠷᠢᠩ ᠤᠨ ᠪᠦᠳᠦᠭᠡᠨ ᠪᠠᠶᠢᠭᠤᠯᠤᠯᠲᠠ᠂ ᠭᠠᠷ ᠭᠦᠢᠴᠡᠳᠬᠡᠯ ᠢ ᠭᠦᠢᠴᠡᠳᠬᠡᠬᠦ᠂ ᠠᠵᠤ ᠠᠬᠤᠶᠢᠯᠠᠯ ᠤᠨ ᠦᠢᠯᠡᠴᠢᠯᠡᠭᠡ ᠵᠡᠷᠭᠡ ᠡᠯ᠎ᠡ ᠲᠠᠯ᠎ᠠ ᠶᠢᠨ ᠬᠠᠮᠵᠢᠯᠴᠠᠭ᠎ᠠ ᠶᠢ ᠴᠢᠩᠭᠠᠳᠬᠠᠵᠤ᠂ ᠭᠤᠣᠯᠳᠠᠯᠭ᠎ᠠ ᠲᠠᠢ ᠠᠵᠢᠯ᠂ ᠴᠢᠬᠤᠯᠠ ᠶᠡᠭᠡ ᠲᠦᠷᠦᠯ ᠵᠦᠢᠯ ᠤᠨ ᠠᠬᠢᠴᠠ ᠶᠢᠨ ᠦᠷ᠎ᠡ ᠪᠦᠲᠦᠮᠵᠢ ᠶᠢ ᠮᠥᠷᠳᠡᠨ ᠠᠰᠠᠭᠤᠬᠤ ᠶᠢ ᠴᠢᠩᠭᠠᠳᠬᠠᠵᠤ᠂ ᠳ᠋ᠦᠩᠱᠧᠩ ᠲᠣᠭᠤᠷᠢᠭ ᠤᠨ ᠠᠵᠤ ᠠᠬᠤᠢ ᠶᠢᠨ ᠲᠣᠭᠲᠠᠭᠤᠨ ᠡᠷᠡᠭᠦᠯ ᠢᠶᠠᠷ ᠠᠵᠢᠯᠯᠠᠬᠤ ᠶᠢ ᠪᠦᠬᠦ ᠬᠦᠴᠦᠨ ᠢᠶᠠᠷ ᠢᠶᠠᠨ ᠠᠬᠢᠭᠤᠯᠬᠤ ᠬᠡᠷᠡᠭᠲᠡᠢ ᠭᠡᠵᠦ ᠵᠢᠭᠠᠵᠤ ᠭᠠᠷᠭᠠᠪᠠ᠃      ᠬᠤᠷᠠᠯ ᠠᠴᠠ ᠪᠠᠰᠠ ᠠᠶᠤᠯᠭᠦᠢ ᠦᠢᠯᠡᠳᠪᠦᠷᠢᠯᠡᠯ᠂ ᠦᠶᠡᠷ ᠢ ᠰᠡᠷᠭᠡᠶᠢᠯᠡᠬᠦ ᠵᠡᠷᠭᠡ ᠠᠵᠢᠯ ᠢ ᠲᠤᠬᠢᠷᠠᠭᠤᠯᠤᠨ ᠪᠠᠶᠢᠷᠢᠯᠠᠭᠤᠯᠵᠠᠢ᠃ ᠬᠤᠷᠠᠯ ᠠᠴᠠ᠂ ᠠᠵᠤ ᠠᠬᠤᠶᠢᠯᠠᠯ ᠤᠨ ᠭᠤᠣᠯ ᠴᠣᠭᠴᠠ ᠶᠢᠨ ᠬᠠᠷᠢᠭᠤᠴᠠᠯᠭ᠎ᠠ᠂ ᠪᠠᠯᠭᠠᠰᠤ ᠵᠡᠭᠡᠯᠢ ᠭᠤᠳᠤᠮᠵᠢ ᠶᠢᠨ ᠬᠠᠷᠢᠶ᠎ᠠ ᠭᠠᠵᠠᠷ ᠤᠨ ᠬᠠᠷᠢᠭᠤᠴᠠᠯᠭ᠎ᠠ ᠪᠣᠯᠤᠨ ᠰᠠᠯᠠᠭ᠎ᠠ ᠮᠥᠴᠢᠷ ᠤᠨ ᠬᠢᠨᠠᠨ ᠬᠠᠮᠢᠶᠠᠷᠬᠤ ᠬᠠᠷᠢᠭᠤᠴᠠᠯᠭ᠎ᠠ ᠶᠢ ᠤᠯᠠᠮ ᠴᠢᠨᠠᠭᠰᠢᠳᠠ ᠴᠢᠩᠭᠠᠳᠬᠠᠨ ᠪᠣᠳᠠᠲᠠᠶᠢᠵᠢᠭᠤᠯᠵᠤ᠂ ᠨᠡᠭᠦᠷᠡᠰᠦᠨ ᠠᠭᠤᠷᠬᠠᠢ᠂ ᠪᠦᠳᠦᠭᠡᠨ ᠪᠠᠶᠢᠭᠤᠯᠤᠯᠲᠠ ᠶᠢᠨ ᠲᠦᠷᠦᠯ ᠵᠦᠢᠯ᠂ ᠢᠳᠡᠭᠡᠨ᠂ ᠭᠠᠯ ᠢ ᠰᠡᠷᠬᠡᠶᠢᠯᠡᠬᠦ ᠵᠡᠷᠭᠡ ᠭᠤᠣᠯᠳᠠᠯᠭ᠎ᠠ ᠲᠠᠢ ᠠᠵᠢᠯ ᠲᠦᠷᠦᠯ ᠤᠨ ᠬᠦᠷᠢᠶᠡᠨ ᠤ ᠠᠶᠤᠯᠭᠦᠢ ᠦᠢᠯᠡᠳᠪᠦᠷᠢᠯᠡᠯ ᠤᠨ ᠬᠡᠮ ᠰᠣᠭᠤᠭ ᠢ ᠵᠢᠭᠰᠠᠭᠠᠨ ᠪᠠᠶᠢᠴᠠᠭᠠᠵᠤ᠂ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠪᠠ ᠠᠶᠤᠯ ᠲᠦᠭᠰᠢᠭᠦᠷᠢ ᠶᠢ ᠰᠡᠷᠭᠡᠶᠢᠯᠡᠬᠦ ᠠᠵᠢᠯ ᠢ ᠴᠢᠩᠭᠠᠳᠬᠠᠵᠤ᠂ ᠠᠶᠤᠯᠭᠦᠢ ᠦᠢᠯᠡᠳᠪᠦᠷᠢᠯᠡᠯ ᠤᠨ ᠬᠤᠷᠢᠭ᠎ᠠ ᠱᠤᠭᠤᠮ ᠢ ᠡᠷᠡᠰ ᠰᠠᠬᠢᠬᠤ ᠬᠡᠷᠡᠭᠲᠡᠢ᠃ ᠦᠶᠡᠷ ᠢ ᠰᠡᠷᠭᠡᠶᠢᠯᠡᠬᠦ ᠡᠯ᠎ᠡ ᠵᠦᠢᠯ ᠤᠨ ᠠᠵᠢᠯ ᠢ ᠪᠥᠬᠦ ᠬᠦᠴᠦᠨ ᠢᠶᠠᠷ ᠢᠶᠠᠨ ᠰᠠᠶᠢᠲᠤᠷ ᠬᠢᠵᠦ᠂ ᠳᠡᠭᠡᠳᠦ ᠬᠡᠮᠵᠢᠶᠡᠨ ᠤ ᠰᠣᠨᠣᠷ ᠰᠡᠷᠡᠮᠵᠢ ᠲᠠᠢ ᠪᠠᠶᠢᠵᠤ᠂ ᠬᠤᠲᠠ ᠶᠢᠨ ᠬᠤᠲᠣᠭᠤᠷ ᠭᠠᠵᠠᠷ᠂ ᠨᠤᠷᠠᠬᠤ ᠠᠶᠤᠯᠲᠠᠶ ᠬᠠᠭᠤᠴᠢᠨ ᠬᠡᠷ ᠪᠠᠶᠢᠰᠢᠩ ᠤᠨ ᠰᠠᠭᠤᠭᠠᠯᠢ ᠠᠷᠠᠳ ᠤᠨ ᠲᠣᠭᠤᠷᠢᠭ᠂ ᠤᠰᠤ ᠥᠩᠭᠡᠷᠡᠬᠦ ᠵᠠᠮ᠂ ᠠᠮᠠᠷᠬᠠᠨ ᠤᠰᠤ ᠬᠤᠷᠠᠬᠤ ᠵᠠᠮ ᠤᠨ ᠬᠡᠰᠡᠭ᠂ ᠪᠠᠷᠢᠯᠭ᠎ᠠ ᠶᠢᠨ ᠭᠠᠵᠠᠷ᠂ ᠭᠠᠵᠠᠷ ᠳᠣᠤᠷᠠᠬᠢ ᠥᠷᠥᠭᠡ᠂ ᠭᠠᠵᠠᠷ ᠳᠣᠤᠷᠠᠬᠢ ᠲᠡᠷᠭᠡᠨ ᠵᠤᠭᠰᠤᠭᠠᠯ ᠵᠡᠷᠭᠡ ᠭᠤᠤᠯᠳᠠᠯᠭ᠎ᠠ ᠲᠠᠢ ᠣᠷᠣᠨ ᠪᠦᠰᠡ ᠶᠢ ᠴᠢᠩᠭ᠎ᠠ ᠠᠩᠬᠠᠷᠴᠤ᠂ ︽ᠰᠡᠷᠭᠡᠶᠢᠯᠡᠬᠦ︾ ᠳᠡᠭᠡᠷ᠎ᠡ ᠦᠨᠡᠨᠬᠦ ᠬᠦᠴᠦ ᠲᠠᠯᠪᠢᠵᠤ᠂ ᠳᠠᠯᠳᠠ ᠬᠡᠮ ᠢ ᠵᠢᠭᠰᠠᠭᠠᠨ ᠪᠠᠶᠢᠴᠠᠭᠠᠬᠤ᠂ ᠤᠷᠢᠳᠴᠢᠯᠠᠨ ᠮᠡᠳᠡᠭᠡᠯᠡᠵᠦ ᠤᠷᠢᠳᠴᠢᠯᠠᠨ ᠰᠡᠷᠡᠮᠵᠢᠯᠡᠭᠦᠯᠬᠦ᠂ ᠵᠥᠪᠳᠡᠯᠴᠡᠨ ᠰᠤᠳᠤᠯᠤᠨ ᠮᠠᠭᠠᠳᠯᠠᠬᠤ ᠶᠢ ᠪᠣᠳᠠᠲᠠᠶᠢᠵᠢᠭᠤᠯᠬᠤ᠂ ᠰᠢᠨᠵᠢᠯᠡᠬᠦ ᠤᠬᠠᠭᠠᠨᠴᠢ ᠪᠠᠷ ᠲᠣᠬᠢᠷᠠᠭᠤᠯᠬᠤ ᠶᠢ ᠪᠣᠳᠠᠲᠠᠶᠢᠵᠢᠭᠤᠯᠬᠤ᠂ ᠡᠳ᠋ ᠪᠣᠳᠠᠰ ᠤᠨ ᠨᠥᠭᠡᠴᠡᠯᠡᠯᠲᠡ ᠶᠢ ᠪᠣᠳᠠᠲᠠᠶᠢᠵᠢᠭᠤᠯᠬᠤ᠂ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠢ ᠪᠣᠳᠠᠲᠠᠶᠢᠵᠢᠭᠤᠯᠬᠤ᠂ ᠵᠢᠵᠢᠭᠦᠷᠯᠡᠨ ᠰᠠᠬᠢᠬᠤ ᠶᠢ ᠪᠥᠬᠦ ᠬᠦᠴᠦᠨ ᠢᠶᠠᠷ ᠢᠶᠠᠨ ᠡᠷᠡᠰ ᠪᠡᠶᠡᠯᠡᠭᠦᠯᠵᠦ᠂ ᠠᠷᠠᠳ ᠣᠯᠠᠨ ᠤ ᠠᠮᠢ ᠨᠠᠰᠤ ᠶᠢ ᠪᠥᠬᠦ ᠬᠦᠴᠦᠨ ᠢᠶᠠᠷ ᠢᠶᠠᠨ ᠪᠠᠲᠤᠯᠠᠬᠤ ᠬᠡᠷᠡᠭᠲᠡᠶ ᠬᠡᠵᠡᠢ᠃   
ᠢᠷᠡᠯᠲᠡ᠄ ᠳ᠋ᠦᠩᠱᠧᠩ ᠳᠤᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ