ᠲᠣᠭᠤᠷᠢᠭ ᠤᠨ ᠨᠠᠮ ᠤᠨ ᠬᠤᠷᠢᠶᠠᠨ ᠤ ᠣᠨᠣᠯ ᠰᠤᠷᠤᠯᠴᠠᠬᠤ ᠭᠤᠤᠯ ᠳᠤᠭᠤᠶᠢᠯᠠᠩ 2024 ᠣᠨ ᠤ 10 ᠳ᠋ᠤᠭᠠᠷ ᠤᠳᠠᠭᠠᠨ ᠤ ᠬᠠᠮᠲᠤ ᠪᠠᠷ ᠰᠤᠷᠤᠯᠴᠠᠵᠤ ᠰᠤᠳᠤᠯᠤᠨ ᠶᠠᠷᠢᠯᠴᠠᠬᠤ ᠬᠤᠷᠠᠯ ᠬᠢᠪᠠ
ᠨᠡᠶᠢᠲᠡᠯᠡᠭᠰᠡᠨ ᠴᠠᠭ᠄
2024/9/10
     9 ᠰᠠᠷ᠎ᠠ ᠶᠢᠨ 9 ᠤ ᠡᠳᠦᠷ᠂ ᠲᠤᠭᠤᠷᠢᠭ ᠤᠨ ᠨᠠᠮ ᠤᠨ ᠬᠤᠷᠢᠶ᠎ᠠ ᠶᠢᠨ ᠣᠨᠣᠯ ᠰᠤᠷᠤᠯᠴᠠᠬᠤ ᠭᠤᠤᠯ ᠳᠤᠭᠤᠶᠢᠯᠠᠩ 2024 ᠣᠨ ᠤ 10 ᠳ᠋ᠤᠭᠠᠷ ᠤᠳᠠᠭᠠᠨ ᠤ ᠬᠠᠮᠲᠤ ᠪᠠᠷ ᠰᠤᠷᠤᠯᠴᠠᠵᠤ ᠰᠤᠳᠤᠯᠤᠨ ᠶᠠᠷᠢᠯᠴᠠᠬᠤ ᠬᠤᠷᠠᠯ ᠬᠢᠪᠠ᠃ ᠣᠷᠳᠣᠰ ᠤᠨ ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠤᠨ ᠨᠡᠭᠡᠭᠡᠯᠲᠡ ᠶᠢᠨ ᠲᠣᠭᠤᠷᠢᠭ ᠤᠨ ᠨᠠᠮ ᠤᠨ ᠠᠵᠢᠯᠯᠠᠬᠤ ᠬᠤᠷᠢᠶ᠎ᠠ ᠶᠢᠨ ᠱᠦᠵᠢ᠂ ᠳ᠋ᠦᠩᠱᠧᠩ ᠲᠣᠭᠤᠷᠢᠭ ᠤᠨ ᠨᠠᠮ ᠤᠨ ᠬᠤᠷᠢᠶ᠎ᠠ ᠶᠢᠨ ᠱᠦᠵᠢ ᠭᠤᠤ ᠢ ᠳ᠋ᠦᠩ ᠬᠤᠷᠠᠯ ᠢ ᠡᠷᠭᠢᠯᠡᠭᠰᠡᠨ ᠪᠥᠭᠡᠳ ᠶᠠᠷᠢᠶ᠎ᠠ ᠲᠠᠯᠪᠢᠵᠠᠢ᠃ ᠲᠤᠭᠤᠷᠢᠭ ᠤᠨ ᠨᠠᠮ ᠤᠨ ᠬᠤᠷᠢᠶᠠᠨ ᠤ ᠤᠨᠤᠯ ᠰᠤᠷᠤᠯᠴᠠᠬᠤ ᠭᠤᠣᠯ ᠳᠤᠭᠤᠶᠢᠯᠠᠩ ᠤᠨ ᠪᠦᠷᠢᠯᠳᠦᠬᠦᠨ ᠬᠤᠷᠠᠯ ᠳᠤ ᠣᠷᠣᠯᠴᠠᠪᠠ᠃     ᠬᠤᠷᠠᠯ ᠳᠡᠭᠡᠷ᠎ᠡ᠂ ᠭᠤᠣᠯ ᠳᠤᠭᠤᠶᠢᠯᠠᠩ ᠤᠨ ᠪᠦᠷᠢᠯᠳᠦᠬᠦᠨ ᠨᠡᠷ ᠨᠠᠮ ᠤᠨ ᠬᠤᠷᠢᠳᠤᠭᠠᠷ ᠬᠤᠭᠤᠴᠠᠭᠠᠨ ᠤ ᠭᠤᠷᠪᠠᠳᠤᠭᠠᠷ ᠪᠦᠬᠦᠳᠡ ᠬᠤᠷᠠᠯ ᠪᠣᠯᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠠᠷᠪᠠᠨ ᠨᠢᠭᠡᠳᠦᠭᠡᠷ ᠬᠤᠭᠤᠴᠠᠭᠠᠨ ᠤ ᠨᠠᠢᠮᠠᠳᠤᠭᠠᠷ ᠪᠦᠬᠦᠳᠡ ᠬᠤᠷᠠᠯ᠂ ᠬᠤᠳᠠ ᠶᠢᠨ ᠨᠠᠮ ᠤᠨ ᠬᠤᠷᠢᠶ᠎ᠠ ᠶᠢᠨ ᠲᠠᠪᠤᠳᠤᠭᠠᠷ ᠬᠤᠭᠤᠴᠠᠭᠠᠨ ᠤ ᠨᠠᠢᠮᠠᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠤᠱᠯᠠᠭᠤᠯᠬᠤ ᠶᠢᠨ ᠲᠣᠭᠤᠷᠢᠨ ᠳᠤ᠂ ᠲᠤᠭᠤᠷᠢᠭ ᠤᠨ ᠨᠠᠮ ᠤᠨ ᠬᠤᠷᠢᠶ᠎ᠠ ᠶᠢᠨ ᠶᠢᠰᠦᠳᠦᠭᠡᠷ ᠬᠤᠭᠤᠴᠠᠭᠠᠨ ᠤ ᠳᠣᠯᠣᠳᠤᠭᠠᠷ ᠪᠦᠬᠦᠳᠡ ᠬᠤᠷᠠᠯ ᠤᠨ ᠠᠵᠢᠯ ᠤᠨ ᠪᠠᠶᠢᠷᠢᠯᠠᠭᠤᠯᠤᠯᠲᠠ ᠶᠢ ᠨᠠᠶᠢᠳᠠᠪᠤᠷᠢᠵᠢᠭᠤᠯᠵᠤ᠂ ᠦᠵᠡᠯ ᠰᠠᠨᠠᠭ᠎ᠠ ᠪᠣᠯᠤᠨ ᠠᠵᠢᠯ ᠤᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ ᠰᠤᠳᠤᠯᠤᠨ ᠶᠠᠷᠢᠯᠴᠠᠵᠤ ᠰᠠᠨᠠᠯ ᠢᠶᠠᠨ ᠰᠣᠯᠢᠯᠴᠠᠪᠠ᠃     ᠭᠤᠤ ᠢ ᠳ᠋ᠦᠩ᠂ ᠨᠠᠮ ᠤᠨ ᠲᠥᠪ ᠬᠤᠷᠢᠶ᠎ᠠ ᠨᠠᠮ ᠤᠨ ᠬᠤᠷᠢᠳᠤᠭᠠᠷ ᠬᠤᠭᠤᠴᠠᠭᠠᠨ ᠤ ᠭᠤᠷᠪᠠᠳᠤᠭᠠᠷ ᠪᠥᠬᠦᠳᠡ ᠬᠤᠷᠠᠯ ᠢ ᠬᠤᠷᠠᠯᠳᠤᠭᠤᠯᠵᠤ᠂ ᠥᠭᠡᠷᠡᠴᠢᠯᠡᠯᠲᠡ ᠶᠢ ᠴᠢᠨᠠᠭᠰᠢᠳᠠ ᠪᠦᠬᠦ ᠲᠠᠯ᠎ᠠ ᠪᠠᠷ ᠭᠦᠨᠵᠡᠭᠡᠶᠢᠷᠡᠭᠦᠯᠬᠦ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠬᠤ ᠲᠠᠯ᠎ᠠ ᠪᠠᠷ ᠰᠢᠰᠲ᠋ᠧᠮ ᠲᠠᠢ ᠪᠠᠶᠢᠷᠢᠯᠠᠭᠤᠯᠤᠯᠲᠠ ᠬᠢᠭᠰᠡᠨ ᠨᠢ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶ᠎ᠠ ᠶᠢᠨ ᠬᠢᠨ ᠤ ᠥᠭᠡᠷᠡᠴᠢᠯᠡᠯᠲᠡ ᠶᠢ ᠡᠴᠦᠰ ᠲᠤᠨᠢ ᠲᠤᠯᠲᠠᠯ᠎ᠠ ᠬᠢᠬᠦ ᠡᠷᠡᠰ ᠵᠣᠷᠢᠭ ᠪᠠ ᠡᠷᠡᠰ ᠴᠢᠩᠭ᠎ᠠ ᠡᠭᠦᠷᠭᠡ ᠬᠠᠷᠢᠭᠤᠴᠠᠯᠭ᠎ᠠ ᠶᠢ ᠭᠦᠢᠴᠡᠳ ᠬᠠᠷᠠᠭᠤᠯᠵᠠᠢ᠂ ᠡᠨᠡ ᠨᠢ ᠴᠢᠬᠤᠯᠠ ᠶᠡᠭᠡ ᠠᠴᠢ ᠬᠤᠯᠪᠣᠭᠳᠠᠯ ᠲᠠᠢ ᠪᠥᠭᠡᠳ ᠠᠯᠤᠰ ᠬᠡᠳᠦ ᠶᠢᠨ ᠨᠥᠯᠥᠭᠡ ᠲᠠᠢ ᠶᠤᠮ᠃ ᠨᠠᠷᠢᠨ ᠬᠢᠨᠠᠮᠠᠭᠠᠢ ᠰᠤᠷᠤᠯᠴᠠᠨ ᠣᠶᠢᠯᠠᠭᠠᠵᠤ᠂ ᠰᠤᠷᠤᠯᠴᠠᠨ ᠤᠬᠠᠭᠤᠯᠵᠤ ᠲᠤᠤᠱᠯᠠᠭᠤᠯᠬᠤ ᠤᠯᠤᠰ ᠲᠦᠷᠦ ᠶᠢᠨ ᠤᠬᠠᠮᠰᠠᠷ᠂ ᠦᠵᠡᠯ ᠰᠠᠨᠠᠭᠠᠨ ᠤ ᠤᠬᠠᠮᠰᠠᠷ ᠪᠣᠯᠣᠨ ᠠᠵᠢᠯᠯᠠᠭ᠎ᠠ ᠶᠢᠨ ᠤᠬᠠᠮᠰᠠᠷ ᠢᠶᠠᠨ ᠴᠢᠨᠠᠭᠰᠢᠳᠠ ᠴᠢᠩᠭᠠᠳᠬᠠᠵᠤ᠂ ᠪᠦᠬᠦ ᠲᠤᠭᠤᠷᠢᠭ ᠤᠨ ᠥᠷᠭᠡᠨ ᠤᠯᠠᠨ ᠨᠠᠮ ᠤᠨ ᠭᠡᠰᠢᠭᠦᠨ ᠺᠠᠳ᠋ᠷ ᠤᠯᠠᠨ ᠲᠦᠮᠡᠨ ᠢ ᠬᠥᠲᠥᠯᠥᠨ ᠵᠢᠯᠤᠭᠤᠳᠴᠤ ᠪᠠᠶᠢᠭᠠᠳ ᠪᠦᠬᠦᠳᠡ ᠬᠤᠷᠠᠯ ᠤᠨ ᠵᠣᠷᠢᠭ ᠰᠠᠨᠠᠭᠠᠨ ᠤ ᠮᠥᠨ ᠴᠢᠨᠠᠷ ᠪᠣᠯᠣᠨ ᠭᠤᠣᠯ ᠴᠢᠮᠦᠭᠡ ᠴᠢᠬᠤᠯᠠ ᠠᠭᠤᠯᠭ᠎ᠠ ᠶᠢ ᠭᠦᠨᠵᠡᠭᠡᠢ ᠣᠶᠢᠯᠠᠭᠠᠭᠤᠯᠵᠤ᠂ ᠪᠦᠬᠦᠳᠡ ᠬᠤᠷᠠᠯ ᠤᠨ ᠵᠣᠷᠢᠭ ᠰᠠᠨᠠᠭ᠎ᠠ ᠪᠠᠷ ᠲᠠᠷᠢᠬᠢ ᠲᠣᠯᠣᠭᠠᠢ ᠪᠠᠨ ᠵᠡᠪᠰᠡᠭᠯᠡᠵᠦ᠂ ᠦᠢᠯᠡᠳᠦᠯᠭᠡ ᠪᠠᠨ ᠵᠢᠯᠣᠭᠤᠳᠤᠭᠤᠯᠵᠤ᠂ ᠠᠵᠢᠯ ᠢᠶᠠᠨ ᠠᠬᠢᠭᠤᠯᠬᠤ ᠬᠡᠷᠡᠭᠲᠡᠢ᠃ ᠥᠭᠡᠷᠡᠴᠢᠯᠡᠯᠲᠡ ᠶᠢᠨ ᠱᠠᠭᠠᠷᠳᠠᠯᠭ᠎ᠠ ᠶᠢ ᠨᠡᠪᠳᠡᠷᠡᠳᠡᠯ᠎ᠠ ᠣᠶᠢᠯᠠᠭᠠᠵᠤ᠂ ᠥᠪᠡᠷᠲᠡᠭᠡᠨ ᠵᠠᠰᠠᠬᠤ ᠣᠷᠣᠨ ᠤ ᠬᠤᠶᠠᠷ ᠶᠡᠭᠡ ᠶᠠᠪᠤᠳᠠᠯ ᠢ ᠰᠠᠶᠢᠲᠤᠷ ᠬᠢᠬᠦ ᠲᠠᠢ ᠤᠶᠠᠯᠳᠤᠭᠤᠯᠵᠤ᠂ ︽ᠵᠢᠷᠭᠤᠭᠠᠨ ᠢᠨᠵᠧᠨᠧᠷᠢᠩ︾᠂ ᠪᠦᠬᠦ ᠬᠤᠳᠠ ᠶᠢᠨ ︽ᠭᠤᠷᠪᠠᠨ ᠳᠥᠷᠪᠡ︾ ᠶᠢᠨ ᠬᠠᠷᠠᠯᠲᠠᠲᠤ ᠡᠭᠦᠷᠭᠡ ᠶᠢ ᠨᠠᠶᠢᠳᠠᠪᠤᠷᠢᠵᠢᠭᠤᠯᠬᠤ ᠲᠠᠢ ᠤᠶᠠᠯᠳᠤᠭᠤᠯᠤᠨ᠂ ᠮᠠᠨ ᠤ ᠲᠤᠭᠤᠷᠢᠭ ᠤᠨ ︽ᠭᠤᠷᠪᠠᠨ ᠲᠣᠭᠤᠷᠢᠭ ᠳᠥᠷᠪᠡᠨ ᠬᠤᠲᠠ︾ ᠶᠢᠨ ᠪᠦᠲᠦᠭᠡᠨ ᠪᠠᠶᠢᠭᠤᠯᠤᠯᠲᠠ ᠶᠢ ᠠᠬᠢᠭᠤᠯᠵᠤ᠂ ᠦᠵᠦ  ᠳᠦᠰᠦᠪᠯᠡᠯ ᠪᠣᠯᠣᠨ ᠪᠦᠬᠦᠯᠢ ᠴᠣᠭᠴᠠ ᠶᠢᠨ ᠲᠥᠯᠦᠪᠵᠢᠭᠦᠯᠭᠡ ᠶᠢ ᠴᠢᠩᠭᠠᠳᠬᠠᠨ᠂ ᠰᠢᠰᠲ᠋ᠧᠮ ᠤᠨ ᠴᠤᠭᠯᠠᠷᠠᠯ ᠢ ᠲᠤᠪᠤᠶᠢᠯᠭᠠᠵᠦ᠂ ᠥᠭᠡᠷᠡᠴᠢᠯᠡᠯᠲᠡ ᠶᠢᠨ ᠪᠦᠬᠦᠯᠢ ᠴᠣᠭᠴᠠ ᠶᠢᠨ ᠦᠷ᠎ᠡ ᠪᠦᠲᠦᠮᠵᠢ ᠶᠢ ᠳᠡᠭᠡᠭᠰᠢᠯᠡᠬᠦᠯᠦᠨ᠂ ᠡᠯ᠎ᠡ ᠲᠠᠯ᠎ᠠ ᠶᠢᠨ ᠥᠭᠡᠷᠡᠴᠢᠯᠡᠯᠲᠡ ᠶᠢᠨ ᠠᠷᠭ᠎ᠠ ᠬᠡᠮᠵᠢᠶ᠎ᠡ ᠶᠢᠨ ᠵᠡᠷᠭᠡᠪᠡᠷ ᠬᠦᠴᠦᠯᠡᠬᠦ ᠶᠢ ᠠᠬᠢᠭᠤᠯᠵᠤ᠂ ᠬᠠᠮᠲᠤᠷᠠᠯ ᠤᠨ ᠬᠦᠴᠦᠨ ᠢ ᠪᠦᠷᠢᠯᠳᠦᠭᠦᠯᠬᠦ ᠬᠡᠷᠡᠭᠲᠡᠢ᠃ ᠠᠵᠢᠯ ᠤᠨ ᠨᠠᠶᠢᠳᠠᠪᠤᠷᠢᠵᠢᠭᠤᠯᠤᠯᠲᠠ ᠶᠢ ᠠᠬᠢᠭᠤᠯᠤᠨ᠂ ᠡᠯ᠎ᠡ ᠵᠦᠢᠯ ᠤᠨ ᠥᠭᠡᠷᠡᠴᠢᠯᠡᠯᠲᠡ ᠶᠢᠨ ᠡᠭᠦᠷᠭᠡ ᠶᠢ ᠪᠦᠬᠦ ᠲᠠᠯ᠎ᠠ ᠪᠠᠷ ᠡᠮᠬᠢᠯᠡᠵᠦ᠂ ᠥᠭᠡᠷᠡᠴᠢᠯᠡᠯᠲᠡ ᠶᠢᠨ ᠡᠭᠦᠷᠭᠡ ᠶᠢᠨ ᠪᠢᠴᠢᠭ ᠪᠣᠯᠣᠨ ᠴᠠᠭ ᠤᠨ ᠬᠦᠰᠦᠨᠦᠭᠲᠦ ᠶᠢ ᠰᠢᠨᠵᠢᠯᠡᠬᠦ ᠤᠬᠠᠭᠠᠨᠴᠢ ᠪᠠᠷ ᠲᠣᠭᠲᠠᠭᠠᠵᠤ᠂ ᠨᠢᠭᠡ ᠵᠢᠷᠤᠭ ᠲᠥᠰᠥᠪ ᠢ ᠡᠴᠦᠰ ᠲᠤᠨᠢ ᠲᠤᠯᠲᠠᠯ᠎ᠠ ᠵᠢᠷᠤᠭᠯᠠᠵᠤ᠂ ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠬᠦᠴᠦᠷᠬᠡᠭ ᠶᠡᠭᠡ ᠬᠥᠳᠡᠯᠭᠡᠬᠦ ᠬᠦᠴᠦᠨ ᠢᠶᠠᠷ ᠡᠯ᠎ᠡ ᠵᠦᠢᠯ ᠤᠨ ᠠᠵᠢᠯ ᠢ ᠴᠢᠨᠠᠷ ᠰᠠᠶᠢᠲᠠᠢ ᠬᠥᠭᠵᠢᠭᠦᠯᠬᠦ ᠬᠡᠷᠡᠭᠲᠡᠢ ᠭᠡᠪᠡ᠃
ᠢᠷᠡᠯᠲᠡ᠄ ᠳ᠋ᠦᠩᠱᠧᠩ ᠳᠤᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ