​ᠲᠣᠭᠤᠷᠢᠭ ᠤᠨ ᠤᠳᠤᠷᠢᠳᠤᠯᠭ᠎ᠠ ᠨᠠᠷ ᠪᠠᠭᠰᠢ ᠶᠢᠨ ᠪᠠᠶᠠᠷ ᠤᠨ ᠡᠳᠦᠷ ᠤᠨ ᠰᠤᠷᠪᠤᠯᠵᠢᠯᠠᠨ ᠲᠣᠬᠤᠨᠢᠭᠤᠯᠬᠤ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2024/9/10
     ᠳᠦᠴᠢᠳᠡᠬᠢ ᠪᠠᠭᠰᠢ ᠶᠢᠨ ᠪᠠᠶᠠᠷ ᠤᠨ ᠡᠳᠤᠷ ᠬᠦᠷᠴᠦ ᠢᠷᠡᠬᠦ ᠲᠠᠰᠢᠷᠠᠮ ᠢᠶᠠᠷ᠂ ᠭᠤᠤ ᠢ ᠳ᠋ᠦᠩ᠂ ᠵᠢᠢ ᠫᠢᠩ᠂ ᠬᠠᠨ ᠶᠣᠣ ᠲᠢᠩ ᠵᠡᠷᠭᠡ ᠪᠠᠶᠢᠭᠤᠯᠭ᠎ᠠ  ᠳᠠᠭᠠᠨ ᠪᠠᠶᠢᠭ᠎ᠠ ᠤᠳᠤᠷᠢᠳᠤᠯᠭ᠎ᠠ ᠨᠠᠷ ᠳᠤᠮᠳᠠᠳᠤ ᠪᠠᠭ᠎ᠠ ᠰᠤᠷᠭᠠᠭᠤᠯᠢ᠂ ᠬᠡᠦᠬᠡᠳ ᠤᠨ ᠴᠡᠴᠡᠷᠯᠢᠭ ᠲᠤ ᠭᠦᠨᠵᠡᠭᠡᠶᠢᠷᠡᠨ ᠲᠣᠬᠤᠨᠢᠭᠤᠯᠵᠤ᠂ ᠳ᠋ᠦᠩᠱᠧᠩ ᠲᠣᠭᠤᠷᠢᠭ ᠤᠨ ᠥᠷᠭᠡᠨ ᠤᠯᠠᠨ ᠪᠠᠭᠰᠢ ᠪᠣᠯᠤᠨ ᠰᠤᠷᠭᠠᠨ ᠬᠥᠮᠦᠵᠢᠯ ᠤᠨ ᠠᠵᠢᠯᠲᠠᠳ ᠲᠤ ᠪᠠᠶᠠᠷ ᠤᠨ ᠡᠳᠦᠷ ᠤᠨ ᠵᠥᠩᠨᠡᠯ ᠪᠣᠯᠤᠨ ᠳᠣᠲᠣᠨᠣ ᠮᠡᠨᠳᠦᠴᠢᠯᠡᠯ ᠳᠡᠪᠰᠢᠭᠦᠯᠪᠡ᠃     ᠲᠣᠭᠤᠷᠢᠭ ᠤᠨ ᠤᠳᠤᠷᠢᠳᠤᠯᠭ᠎ᠠ ᠨᠠᠷ ᠰᠤᠷᠭᠠᠭᠤᠯᠢ᠂ ᠬᠡᠤᠬᠡᠳ ᠤᠨ ᠴᠡᠴᠡᠷᠯᠢᠭ ᠤᠨ ᠲᠣᠨᠤᠭ ᠲᠥᠬᠦᠭᠡᠷᠦᠮᠵᠢ ᠪᠠ ᠰᠤᠷᠭᠠᠭᠤᠯᠢ ᠶᠢᠨ ᠬᠦᠷᠢᠶᠡᠨ ᠤ ᠣᠷᠴᠢᠨ ᠲᠣᠭᠤᠷᠢᠨ ᠢ ᠲᠤᠬᠠᠶ ᠶᠢᠨ ᠭᠠᠵᠠᠷ ᠲᠤᠨᠢ ᠪᠠᠶᠢᠴᠠᠭᠠᠨ ᠦᠵᠡᠵᠦ᠂ ᠰᠤᠷᠭᠠᠭᠤᠯᠢ᠂ ᠬᠡᠤᠬᠡᠳ ᠤᠨ ᠴᠡᠴᠡᠷᠯᠢᠭ ᠤᠨ ᠰᠤᠷᠭᠠᠭᠤᠯᠢ ᠡᠷᠭᠢᠯᠡᠬᠦ ᠬᠡᠪᠴᠢᠶ᠎ᠡ᠂ ᠪᠠᠭᠰᠢ ᠰᠣᠷᠣᠭᠴᠢ ᠶᠢᠨ ᠢᠷᠡᠯᠲᠡ᠂ ᠵᠢᠭᠠᠨ ᠰᠤᠷᠭᠠᠯᠲᠠ ᠬᠠᠮᠢᠶᠠᠷᠤᠯᠲᠠ ᠵᠡᠷᠭᠡ ᠪᠠᠶᠢᠳᠠᠯ ᠢ ᠨᠠᠷᠢᠨ ᠣᠶᠢᠯᠠᠭᠠᠪᠠ᠃ ᠲᠣᠭᠤᠷᠢᠭ ᠤᠨ ᠤᠳᠤᠷᠢᠳᠤᠯᠭ᠎ᠠ ᠨᠠᠷ ᠢᠯᠡᠷᠬᠡᠶᠢᠯᠡᠬᠦ ᠳᠡᠭᠡᠨ᠂ ᠪᠠᠭᠰᠢ ᠪᠣᠯ ᠰᠤᠷᠭᠠᠨ ᠬᠥᠮᠦᠵᠢᠯ ᠤᠨ ᠦᠢᠯᠡᠰ ᠤᠨ ᠴᠢᠬᠤᠯᠠ ᠰᠠᠭᠤᠷᠢ ᠮᠥᠨ᠂ ᠰᠤᠷᠭᠠᠨ ᠬᠥᠮᠦᠵᠢᠯ ᠤᠨ ᠬᠥᠭᠵᠢᠯᠲᠡ ᠶᠢᠨ ᠨᠢᠭᠡᠳᠦᠭᠡᠷ ᠡᠬᠢ ᠪᠠᠶᠠᠯᠢᠭ ᠪᠤᠯᠤᠨ᠎ᠠ᠃ ᠥᠷᠭᠡᠨ ᠤᠯᠠᠨ ᠪᠠᠭᠰᠢ ᠪᠣᠯᠤᠨ ᠰᠤᠷᠭᠠᠨ ᠬᠥᠮᠦᠵᠢᠯ ᠤᠨ ᠠᠵᠢᠯᠲᠠᠳ ᠨᠠᠮ ᠤᠨ ᠬᠤᠷᠢᠳᠤᠭᠠᠷ ᠬᠤᠭᠤᠴᠠᠭᠠᠨ ᠤ ᠭᠤᠷᠪᠠᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ ᠪᠣᠯᠤᠨ ᠶᠡᠷᠦᠩᠬᠡᠢ ᠱᠦᠵᠢ ᠰᠢ ᠶᠢᠨ ᠫᠢᠩ ᠤᠨ ᠰᠤᠷᠭᠠᠨ ᠬᠥᠮᠦᠵᠢᠯ ᠤᠨ ᠴᠢᠬᠤᠯᠠ ᠥᠭᠦᠯᠡᠯᠲᠡ ᠶᠢ ᠭᠦᠨᠵᠡᠭᠡᠢ ᠰᠤᠷᠤᠯᠴᠠᠨ ᠲᠤᠤᠱᠯᠠᠭᠤᠯᠵᠤ᠂ ᠨᠠᠮ ᠤᠨ ᠲᠥᠯᠥᠭᠡ ᠬᠥᠮᠦᠨ ᠬᠥᠮᠦᠵᠢᠭᠦᠯᠬᠦ᠂ ᠤᠯᠤᠰ ᠤᠨ ᠲᠥᠯᠥᠭᠡ ᠴᠢᠳᠠᠪᠤᠷᠢᠲᠠᠨ ᠬᠥᠮᠦᠵᠢᠭᠦᠯᠬᠦ ᠡᠭᠦᠷᠭᠡ ᠬᠠᠷᠢᠭᠤᠴᠠᠯᠭ᠎ᠠ ᠪᠠᠨ ᠢᠮᠠᠭᠲᠠ ᠪᠠᠲᠤ ᠴᠡᠭᠡᠵᠢᠯᠡᠵᠦ᠂ ᠤᠬᠠᠮᠰᠠᠷ ᠠᠴᠠ ᠪᠠᠨ ᠶᠣᠰᠣ ᠰᠤᠷᠲᠠᠬᠤᠨ ᠢᠶᠠᠷ ᠬᠥᠮᠦᠨ ᠢ ᠬᠥᠮᠦᠵᠢᠭᠦᠯᠬᠦ ᠶᠢ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠠᠵᠢᠯ ᠤᠨ ᠪᠦᠬᠦ ᠶᠠᠪᠤᠴᠠ ᠳᠤ ᠠᠭᠤᠰᠤᠯᠴᠠᠭᠤᠯᠵᠤ᠂ ᠬᠢᠴᠢᠶᠡᠯ ᠤᠨ ᠵᠢᠭᠠᠬᠤ ᠮᠠᠲ᠋ᠧᠷᠢᠶᠠᠯ ᠢ ᠭᠦᠨᠵᠡᠭᠡᠢ ᠰᠤᠳᠤᠯᠤᠨ᠂ ᠵᠢᠭᠠᠨ ᠰᠤᠷᠭᠠᠯᠲᠠ ᠶᠢᠨ ᠥᠭᠡᠷᠡᠴᠢᠯᠡᠯᠲᠡ ᠳᠤ ᠢᠳᠡᠪᠬᠢᠲᠡᠢ ᠣᠷᠣᠯᠴᠠᠵᠤ᠂ ᠵᠢᠭᠠᠨ ᠰᠤᠷᠭᠠᠯᠲᠠ ᠶᠢᠨ ᠠᠷᠭ᠎ᠠ ᠶᠢᠨ ᠰᠢᠨ᠎ᠡ ᠶᠢ ᠡᠭᠦᠳᠬᠦ ᠶᠢ ᠰᠦᠪᠡᠭᠴᠢᠯᠡᠨ᠂ ᠬᠢᠴᠢᠶᠡᠯ ᠤᠨ ᠲᠠᠩᠬᠢᠮ ᠤᠨ ᠵᠢᠭᠠᠨ ᠰᠤᠷᠭᠠᠯᠲᠠ ᠶᠢᠨ ᠶᠠᠰᠤ ᠴᠢᠨᠠᠷ ᠢ ᠳᠡᠭᠡᠭᠰᠢᠯᠡᠭᠦᠯᠵᠦ᠂ ᠰᠢᠨ᠎ᠡ ᠴᠠᠭ ᠦᠶ᠎ᠡ ᠶᠢᠨ ᠰᠤᠷᠤᠭᠴᠢᠳ ᠤᠨ ᠡᠷᠡᠭᠦᠯ ᠢᠶᠠᠷ ᠦᠰᠦᠨ ᠪᠤᠶᠢᠵᠢᠬᠤ ᠶᠢᠨ ᠵᠠᠮᠴᠢᠯᠠᠭᠴᠢ ᠪᠤᠯᠵᠤ᠂ ᠳ᠋ᠦᠩᠱᠧᠩ ᠲᠤᠭᠤᠷᠢᠭ  ᠤᠨ ᠰᠤᠷᠭᠠᠨ ᠬᠥᠮᠦᠵᠢᠯ ᠤᠨ ᠦᠢᠯᠡᠰ ᠤᠨ ᠴᠢᠨᠠᠷ ᠰᠠᠶᠢᠲᠠᠢ ᠬᠥᠭᠵᠢᠯᠲᠡ ᠳᠤ ᠬᠦᠴᠦᠨ ᠴᠢᠳᠠᠯ ᠢᠶᠠᠨ ᠡᠷᠭᠦᠬᠦ ᠪᠠᠷ ᠴᠢᠷᠮᠠᠶᠢᠬᠤ ᠶᠢ ᠬᠦᠰᠡᠵᠦ ᠪᠠᠶᠢᠨ᠎ᠠ᠃ ᠡᠯ᠎ᠡ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠢᠨ ᠣᠳᠣᠬᠠᠨ ᠤ ᠰᠤᠷᠭᠠᠨ ᠬᠥᠮᠦᠵᠢᠯ ᠤᠨ ᠠᠵᠢᠯ ᠤᠨ ᠰᠢᠨ᠎ᠡ ᠪᠠᠶᠢᠳᠠᠯ᠂ ᠰᠢᠨ᠎ᠡ ᠡᠭᠦᠷᠭᠡ᠂ ᠰᠢᠨ᠎ᠡ ᠥᠷᠢᠰᠥᠯᠳᠦᠭᠡᠨ ᠢ ᠭᠦᠢᠴᠡᠳ ᠲᠠᠨᠢᠵᠤ᠂ ᠰᠤᠷᠭᠠᠨ ᠬᠥᠮᠦᠵᠢᠯ ᠤᠨ ᠵᠢᠳᠬᠦᠯᠲᠡᠨ ᠤ ᠵᠣᠷᠢᠭ ᠰᠠᠨᠠᠭ᠎ᠠ ᠶᠢ ᠶᠡᠬᠡᠪᠡᠷ ᠪᠠᠳᠠᠷᠠᠭᠤᠯᠤᠨ᠂ ᠰᠢᠨ᠎ᠡ ᠴᠠᠭ ᠦᠶ᠎ᠡ ᠰᠢᠨ᠎ᠡ ᠠᠶᠠᠨ ᠤ ᠰᠤᠷᠭᠠᠨ ᠬᠥᠮᠦᠵᠢᠯ ᠤᠨ ᠡᠭᠦᠷᠭᠡ ᠬᠠᠷᠢᠭᠤᠴᠠᠯᠭ᠎ᠠ ᠲᠠᠢ ᠨᠢᠭᠲᠠ ᠤᠶᠠᠯᠳᠤᠭᠤᠯᠵᠤ᠂ ᠰᠤᠷᠭᠠᠨ ᠬᠥᠮᠦᠵᠢᠯ ᠤᠨ ᠶᠡᠷᠦᠩᠬᠡᠶᠢᠯᠡᠭᠰᠡᠨ ᠥᠭᠡᠷᠡᠴᠢᠯᠡᠯᠲᠡ ᠶᠢ ᠪᠦᠬᠦ ᠲᠠᠯ᠎ᠠ ᠪᠠᠷ ᠬᠦᠨᠵᠡᠭᠡᠶᠢᠷᠡᠬᠦᠯᠦᠨ᠂ ᠪᠠᠭᠰᠢ ᠶᠢ ᠬᠦᠴᠦᠷᠬᠡᠭᠵᠢᠭᠦᠯᠬᠦ ᠠᠷᠭ᠎ᠠ ᠬᠡᠮᠵᠢᠶ᠎ᠡ ᠶᠢ ᠦᠷᠭᠦᠯᠵᠢᠯᠡᠨ ᠠᠬᠢᠭᠤᠯᠵᠤ᠂ ᠰᠢᠯᠢᠳᠡᠭ ᠰᠤᠷᠭᠠᠨ ᠬᠥᠮᠦᠵᠢᠯ ᠤᠨ ᠴᠢᠳᠠᠪᠤᠷᠢᠲᠠᠨ ᠢ ᠪᠦᠬᠦ ᠬᠦᠴᠦᠨ ᠢᠶᠠᠷ ᠬᠦᠮᠦᠵᠢᠬᠦᠯᠦᠨ᠂ ᠭᠠᠵᠠᠷ ᠣᠷᠣᠨ ᠤ ᠰᠤᠷᠭᠠᠨ ᠬᠥᠮᠦᠵᠢᠯ ᠤᠨ ᠰᠢᠯᠢᠳᠡᠭ ᠢ ᠥᠷᠭᠡᠳᠬᠡᠨ ᠶᠠᠰᠤ ᠴᠢᠨᠠᠷ ᠢ ᠳᠡᠭᠡᠭᠰᠢᠯᠡᠭᠦᠯᠬᠦ ᠶᠢ ᠠᠬᠢᠭᠤᠯᠵᠤ᠂ ᠠᠷᠠᠳ ᠲᠦᠮᠡᠨ ᠳᠤ ᠲᠠᠭᠠᠰᠢᠶᠠᠭᠳᠠᠭᠰᠠᠨ ᠰᠤᠷᠭᠠᠨ ᠬᠥᠮᠦᠵᠢᠯ ᠢ ᠴᠢᠷᠮᠠᠶᠢᠨ ᠰᠠᠶᠢᠲᠤᠷ ᠡᠷᠬᠢᠯᠡᠬᠦ ᠬᠡᠷᠡᠭᠲᠡᠢ᠃ ᠡᠭᠦᠨ ᠤ ᠬᠠᠮᠲᠤ᠂ ᠪᠠᠭᠰᠢ ᠨᠠᠷ ᠲᠤ ᠠᠰᠢᠭ ᠬᠦᠷᠲᠡᠭᠡᠬᠦ ᠲᠥᠷᠥ ᠶᠢᠨ ᠪᠣᠳᠣᠯᠭ᠎ᠠ ᠶᠢ ᠪᠣᠳᠠᠲᠠᠢ ᠳᠤ ᠨᠠᠶᠢᠳᠠᠪᠤᠷᠢᠵᠢᠭᠤᠯᠵᠤ᠂ ᠥᠷᠭᠡᠨ ᠣᠯᠠᠨ ᠪᠠᠭᠰᠢ ᠨᠠᠷ ᠢ ᠨᠡᠩ ᠣᠯᠠᠨ ᠬᠦᠷᠲᠡᠮᠵᠢ ᠶᠢᠨ ᠲᠥᠷᠥᠭᠳᠡᠯ᠂ ᠢᠷᠠᠭᠤ ᠠᠯᠳᠠᠷ ᠤᠨ ᠲᠥᠷᠥᠭᠳᠡᠯ᠂ ᠠᠮᠵᠢᠯᠲᠠ ᠪᠦᠲᠦᠮᠵᠢ ᠶᠢᠨ ᠲᠥᠷᠥᠭᠳᠡᠯ ᠲᠠᠢ ᠪᠣᠯᠭᠠᠵᠤ᠂ ᠨᠡᠶᠢᠭᠡᠮ ᠳᠠᠶᠠᠭᠠᠷ ᠲᠤ ᠪᠠᠭᠰᠢ ᠶᠢ ᠬᠦᠨᠳᠦᠳᠬᠡᠨ ᠰᠤᠷᠭᠠᠨ ᠬᠥᠮᠦᠵᠢᠯ ᠢ ᠴᠢᠬᠤᠯᠠᠴᠢᠯᠠᠬᠤ ᠰᠠᠶᠢᠨ ᠰᠠᠶᠢᠬᠠᠨ ᠬᠡᠪ ᠰᠤᠷᠲᠠᠯ ᠢ ᠪᠤᠢ ᠪᠣᠯᠭᠠᠬᠤ ᠬᠡᠷᠡᠭᠲᠡᠢ ᠭᠡᠪᠡ᠃     ᠲᠣᠭᠤᠷᠢᠭ ᠤᠨ ᠤᠳᠤᠷᠢᠳᠤᠯᠭ᠎ᠠ ᠶᠢᠨ ᠲᠣᠬᠤᠨᠢᠭᠤᠯᠤᠯ ᠪᠠ ᠬᠠᠯᠠᠮᠵᠢᠯᠠᠯ ᠨᠢ ᠥᠷᠭᠡᠨ ᠤᠯᠠᠨ ᠪᠠᠭᠰᠢ ᠨᠠᠷ ᠢ ᠲᠤᠶᠢᠯ ᠢᠶᠠᠷ ᠵᠣᠷᠢᠭᠵᠢᠭᠤᠯᠪᠠ᠃ ᠣᠯᠠᠨ ᠢᠶᠠᠷ ᠢᠶᠠᠨ᠂ ᠬᠤᠶᠢᠰᠢᠳᠠ ᠶᠢᠨ ᠠᠵᠢᠯ ᠤᠨ ᠳᠤᠮᠳᠠ᠂ ᠶᠣᠰᠣ ᠰᠤᠷᠲᠠᠬᠤᠨ ᠢᠶᠠᠷ ᠪᠡᠶ᠎ᠡ ᠪᠠᠨ ᠵᠠᠰᠠᠬᠤ᠂ ᠶᠣᠰᠣ ᠰᠤᠷᠲᠠᠬᠤᠨ ᠢᠶᠠᠷ ᠰᠤᠷᠭᠠᠨ ᠬᠥᠮᠦᠵᠢᠯ ᠢ ᠵᠠᠰᠠᠬᠤ᠂ ᠶᠣᠰᠣ ᠰᠤᠷᠲᠠᠬᠤᠨ ᠢᠶᠠᠷ ᠬᠥᠮᠦᠨ ᠢ ᠬᠥᠮᠦᠵᠢᠭᠦᠯᠬᠦ ᠶᠢ ᠦᠷᠭᠦᠯᠵᠢᠯᠡᠨ ᠪᠠᠷᠢᠮᠲᠠᠯᠠᠵᠤ᠂ ᠪᠢᠴᠢᠭ ᠵᠢᠭᠠᠵᠤ ᠬᠥᠮᠦᠨ ᠬᠥᠮᠦᠵᠢᠭᠦᠯᠬᠦ ᠤᠭ ᠰᠠᠨᠠᠭ᠎ᠠ ᠪᠠ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠵᠦ᠂ ᠳᠡᠭᠡᠳᠦ ᠬᠡᠮᠵᠢᠶᠡᠨ ᠤ ᠬᠠᠷᠢᠭᠤᠴᠠᠯᠭᠠᠲᠤ ᠰᠡᠳᠬᠢᠯᠭᠡ ᠪᠠ ᠬᠡᠬᠦᠳᠡᠭ ᠳᠦᠭᠦᠷᠡᠩ ᠬᠠᠯᠠᠭᠤᠨ ᠰᠡᠳᠬᠢᠯᠭᠡ ᠪᠠᠷ ᠰᠤᠷᠭᠠᠨ ᠬᠥᠮᠦᠵᠢᠯ ᠤᠨ ᠦᠢᠯᠡᠰ ᠲᠤ ᠤᠷᠤᠯᠴᠠᠨ᠂ ᠠᠷᠠᠳ ᠲᠦᠮᠡᠨ ᠤ ᠰᠡᠳᠬᠢᠯ ᠬᠠᠨᠤᠮᠵᠢᠲᠠᠶ ᠪᠠᠭᠰᠢ ᠪᠣᠯᠬᠤ ᠪᠠᠷ ᠴᠢᠷᠮᠠᠶᠢᠵᠤ᠂ ᠳ᠋ᠦᠩᠱᠧᠩ ᠲᠣᠭᠤᠷᠢᠭ ᠤᠨ ᠰᠤᠷᠭᠠᠨ ᠬᠥᠮᠦᠵᠢᠯ ᠤᠨ ᠦᠢᠯᠡᠰ ᠲᠤ ᠨᠡᠩ ᠶᠡᠭᠡ ᠬᠤᠪᠢ ᠨᠡᠮᠡᠷᠢ ᠦᠵᠡᠭᠦᠯᠦᠨ᠎ᠡ ᠭᠡᠵᠦ ᠢᠯᠡᠳᠬᠡᠵᠡᠭᠡᠪᠡ᠃ 
ᠢᠷᠡᠯᠲᠡ᠄ ᠳ᠋ᠦᠩᠱᠧᠩ ᠳᠤᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ