ᠲᠠᠭᠤᠯᠠᠬᠤ ᠰᠠᠶᠢᠬᠠᠨ ᠠᠯᠳᠠᠷ ᠂ ᠲᠠᠭᠤᠷᠢᠰᠬᠤ ᠰᠠᠶᠢᠬᠠᠨ ᠴᠤᠯᠠ — ᠪᠠᠭᠰᠢ ᠶᠢᠨ ᠪᠠᠶᠠᠷ ᠢ ᠪᠡᠯᠬᠡᠯᠡᠬᠦ ᠠᠵᠢᠯᠯᠠᠭ᠎ᠠ ᠶᠢ ᠲᠡᠮᠳᠡᠭᠯᠡᠪᠠ
ᠨᠡᠶᠢᠲᠡᠯᠡᠭᠰᠡᠨ ᠴᠠᠭ᠄
2024/9/10
       9 ᠰᠠᠷ᠎ᠠ ᠶᠢᠨ 9  ᠤ ᠡᠳᠦᠷ᠂ ᠳ᠋ᠦᠩᠱᠧᠩ ᠲᠣᠭᠤᠷᠢᠭ ᠲᠦᠴᠢᠳᠡᠬᠢ ᠪᠠᠭᠰᠢ ᠶᠢᠨ ᠪᠠᠶᠠᠷ ᠢ ᠪᠡᠯᠭᠡᠯᠡᠬᠦ ᠠᠵᠢᠯᠯᠠᠭ᠎ᠠ ᠥᠷᠨᠢᠭᠦᠯᠪᠡ᠃ ᠲᠤᠰ ᠤᠳᠠᠭ᠎ᠠ ᠶᠢᠨ ᠠᠵᠢᠯᠯᠠᠭ᠎ᠠ ᠨᠢ ︽ᠰᠤᠷᠭᠠᠨ ᠬᠥᠮᠦᠵᠢᠯ ᠤᠨ ᠵᠢᠳᠬᠦᠯᠲᠡᠨ ᠤ ᠵᠣᠷᠢᠭ ᠰᠠᠨᠠᠭ᠎ᠠ ᠶᠢ ᠪᠠᠳᠠᠷᠠᠭᠤᠯᠵᠤ    ᠴᠠᠭ ᠦᠶ᠎ᠡ ᠶᠢᠨ ᠶᠡᠭᠡ ᠪᠠᠭᠰᠢᠳᠠᠨ ᠪᠣᠯᠬᠤ ᠪᠠᠷ ᠲᠡᠮᠡᠴᠡᠬᠦ︾ ᠪᠠᠷ ᠭᠤᠣᠯ ᠰᠡᠳᠦᠪ ᠪᠣᠯᠭᠠᠵᠤ᠂ ᠭᠤᠶᠢᠳᠠ ᠰᠠᠶᠢᠬᠠᠨ ᠲᠣᠭᠯᠠᠯᠲᠠ ᠪᠠᠷ ᠳᠠᠮᠵᠢᠨ ᠰᠤᠷᠭᠠᠨ ᠬᠥᠮᠦᠵᠢᠯ ᠤᠨ ᠡᠮᠦᠨ᠎ᠡ ᠹᠷᠣᠨᠲ ᠲᠤ ᠰᠢᠷᠭᠠᠭᠤ ᠬᠠᠲᠠᠭᠤᠵᠢᠯᠲᠠᠢ ᠠᠵᠢᠯᠯᠠᠵᠤ ᠪᠠᠶᠢᠭ᠎ᠠ ᠥᠷᠭᠡᠨ ᠤᠯᠠᠨ ᠪᠠᠭᠰᠢ ᠨᠠᠷ ᠲᠤ ᠬᠠᠮᠤᠭ ᠤᠨ ᠡᠷᠬᠢᠮ ᠳᠡᠭᠡᠳᠦ ᠬᠦᠨᠳᠦᠳᠬᠡᠯ ᠪᠠ ᠴᠢᠩ ᠰᠡᠳᠬᠢᠯ ᠤᠨ ᠪᠠᠶᠠᠷ ᠤᠨ ᠡᠳᠦᠷ ᠤᠨ ᠵᠥᠩᠨᠡᠯ ᠳᠡᠪᠰᠢᠭᠦᠯᠵᠡᠢ᠃ 
1.jpg
    ᠠᠵᠢᠯᠯᠠᠭ᠎ᠠ ᠶᠢᠨ ᠳᠤᠮᠳᠠ᠂ ︽  ᠳ᠋ᠦᠩᠱᠧᠩ ᠳᠤ ᠴᠢᠳᠠᠪᠤᠷᠢᠲᠠᠨ ᠴᠤᠭᠯᠠᠷᠠᠵᠤ · ᠲᠦᠭ ᠲᠦᠮᠡᠨ ᠪᠠᠭᠰᠢ ᠳᠤ ᠬᠦᠨᠳᠦᠳᠬᠡᠯ ᠲᠡᠪᠰᠢᠬᠦᠯᠬᠦ︾ ᠳ᠋ᠦᠩᠱᠧᠩ ᠲᠣᠭᠤᠷᠢᠭ ᠤᠨ ᠲᠦᠴᠢᠳᠡᠬᠢ ᠪᠠᠭᠰᠢ ᠶᠢᠨ ᠪᠠᠶᠠᠷ ᠢ ᠪᠡᠯᠭᠡᠯᠡᠬᠦ ︽ᠠᠷᠪᠠᠨ ᠶᠡᠭᠡ ᠬᠦᠨᠳᠦᠳᠬᠡᠯ ᠶᠤᠰᠤ︾ ᠶᠢ ᠵᠢᠩᠬᠢᠨᠢ ᠪᠠᠷ ᠨᠡᠶᠢᠲᠡᠯᠡᠪᠡ᠃ ︽ᠠᠷᠪᠠᠨ ᠶᠡᠭᠡ ᠬᠦᠨᠳᠦᠳᠬᠡᠯ ᠶᠤᠰᠤ︾ ᠨᠢ ᠪᠠᠭᠰᠢ ᠶᠢᠨ ᠬᠠᠷᠠᠭᠠᠯᠵᠠᠯ ᠢ ᠳᠡᠭᠡᠭᠰᠢᠯᠡᠭᠦᠯᠬᠦ᠂ ᠰᠤᠷᠭᠠᠨ ᠬᠥᠮᠦᠵᠢᠯ ᠤᠨ ᠣᠷᠴᠢᠨ ᠲᠣᠭᠤᠷᠢᠨ ᠢ ᠰᠢᠯᠢᠳᠡᠭᠵᠢᠭᠦᠯᠬᠦ᠂ ᠪᠠᠭᠰᠢ ᠶᠢᠨ ᠪᠣᠯᠪᠠᠰᠤᠷᠠᠭᠤᠯᠤᠯ ᠢ ᠴᠢᠩᠭᠠᠳᠬᠠᠬᠤ ᠵᠡᠷᠭᠡ ᠣᠯᠠᠨ ᠲᠠᠯ᠎ᠠ ᠶᠢ ᠬᠠᠮᠤᠷᠴᠤ᠂ ᠪᠠᠭᠰᠢ ᠶᠢᠨ ᠨᠡᠶᠢᠭᠡᠮ ᠤᠨ ᠪᠠᠶᠢᠷᠢ ᠰᠠᠭᠤᠷᠢ ᠪᠠ ᠵᠣᠯ ᠵᠢᠷᠭᠠᠯ ᠤᠨ ᠲᠥᠷᠥᠭᠳᠡᠯ ᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠥᠷᠭᠡᠨ ᠣᠯᠠᠨ ᠪᠠᠭᠰᠢ ᠶᠢ ᠰᠠᠨᠠᠭ᠎ᠠ ᠠᠮᠤᠷ ᠵᠢᠭᠠᠨ ᠰᠤᠷᠭᠠᠬᠤ᠂ ᠬᠠᠯᠠᠭᠤᠨ ᠰᠡᠳᠬᠢᠯ ᠢᠶᠠᠷ ᠵᠢᠭᠠᠨ ᠰᠤᠷᠭᠠᠬᠤ᠂ ᠠᠭᠤᠵᠢᠭᠤ ᠲᠠᠯᠪᠢᠭᠤ ᠵᠢᠭᠠᠨ ᠰᠤᠷᠭᠠᠬᠤ᠂ ᠣᠷᠳᠣ ᠬᠤᠭᠤᠴᠠᠭ᠎ᠠ ᠪᠠᠷ ᠵᠢᠭᠠᠨ ᠰᠤᠷᠭᠠᠬᠤ  ᠪᠠᠷ ᠵᠣᠷᠢᠯᠭ᠎ᠠ ᠪᠠᠨ ᠪᠣᠯᠭᠠᠵᠠᠢ᠃      ᠡᠭᠦᠨ ᠤ ᠬᠠᠮᠲᠤ ᠪᠠᠰᠠ 2024 ᠣᠨ ᠤ ᠳ᠋ᠦᠩᠱᠧᠩ ᠲᠣᠭᠤᠷᠢᠭ ᠤᠨ ᠪᠠᠭᠰᠢ ᠶᠢ ᠬᠦᠨᠳᠦᠳᠬᠡᠵᠦ ᠰᠤᠷᠭᠠᠨ ᠬᠥᠮᠦᠵᠢᠯ ᠢ ᠴᠢᠬᠤᠯᠠᠴᠢᠯᠠᠭᠰᠡᠨ ᠠᠵᠤ ᠠᠬᠤᠶᠢᠯᠠᠯ ᠤᠨ ᠨᠡᠷᠡᠰ ᠢ ᠤᠩᠰᠢᠨ ᠨᠡᠶᠢᠲᠡᠯᠡᠪᠡ᠃ ᠡᠳᠡᠭᠡᠷ ᠠᠵᠤ ᠠᠬᠤᠶᠢᠯᠠᠯ  ᠨᠢ ᠪᠣᠳᠠᠲᠤ ᠠᠵᠢᠯᠯᠠᠭ᠎ᠠ ᠪᠠᠷ ᠢᠶᠠᠨ ᠪᠠᠭᠰᠢ ᠶᠢ ᠬᠦᠨᠳᠦᠳᠬᠡᠵᠦ ᠰᠤᠷᠭᠠᠨ ᠬᠥᠮᠦᠵᠢᠯ ᠢ ᠴᠢᠬᠤᠯᠠᠴᠢᠯᠠᠬᠤ ᠰᠢᠯᠢᠳᠡᠭ ᠤᠯᠠᠮᠵᠢᠯᠠᠯ ᠢ ᠦᠢᠯᠡᠳᠦᠯᠭᠡᠵᠢᠭᠦᠯᠵᠦ᠂ ᠳ᠋ᠦᠩᠱᠧᠩ ᠲᠣᠭᠤᠷᠢᠭ ᠤᠨ ᠰᠤᠷᠭᠠᠨ ᠬᠥᠮᠦᠵᠢᠯ ᠤᠨ ᠦᠢᠯᠡᠰ ᠤᠨ ᠬᠥᠭᠵᠢᠯᠲᠡ ᠳᠤ ᠴᠢᠬᠤᠯᠠ ᠬᠤᠪᠢ ᠨᠡᠮᠡᠷᠢ ᠦᠵᠡᠭᠦᠯᠪᠡ᠃ ᠲᠡᠳᠡᠨ ᠤ ᠦᠯᠢᠭᠡᠷ ᠳᠠᠭᠤᠷᠢᠶᠠᠯ ᠨᠢ ᠨᠡᠩ ᠤᠯᠠᠨ ᠬᠥᠮᠥᠰ ᠤᠨ ᠰᠤᠷᠭᠠᠨ ᠬᠥᠮᠦᠵᠢᠯ ᠤᠨ ᠦᠢᠯᠡᠰ ᠲᠤ ᠣᠷᠣᠯᠴᠠᠬᠤ ᠶᠢ ᠵᠣᠷᠢᠭᠵᠢᠭᠤᠯᠵᠤ᠂ ᠳ᠋ᠦᠩᠱᠧᠩ ᠲᠣᠭᠤᠷᠢᠭ ᠤᠨ ᠰᠤᠷᠭᠠᠨ ᠬᠥᠮᠦᠵᠢᠯ ᠤᠨ ᠦᠢᠯᠡᠰ ᠤᠨ ᠥᠷᠨᠢᠩᠭᠦᠢ ᠬᠥᠭᠵᠢᠯᠲᠡ ᠶᠢ ᠬᠠᠮᠲᠤᠪᠠᠷ ᠠᠬᠢᠭᠤᠯᠬᠤ ᠪᠣᠯᠣᠨ᠎ᠠ᠃    
9.jpg
     ︽ᠰᠤᠷᠭᠠᠨ ᠬᠥᠮᠦᠵᠢᠯ ᠤᠨ ᠠᠵᠢᠯᠲᠠᠨ ᠪᠣᠯᠤᠭᠰᠠᠨ ᠤ ᠬᠤᠪᠢ ᠳᠤ᠂ ᠪᠡᠶ᠎ᠡ ᠳᠤ ᠪᠠᠨ ᠪᠠᠲᠤ ᠴᠢᠩᠭ᠎ᠠ ᠰᠤᠷᠭᠠᠨ ᠬᠥᠮᠦᠵᠢᠯ ᠤᠨ ᠬᠦᠰᠡᠯᠡᠩ ᠪᠠ ᠢᠲᠡᠭᠡᠯ ᠵᠣᠷᠢᠭ ᠲᠠᠢ ᠪᠠᠶᠢᠬᠤ ᠬᠡᠷᠡᠭᠲᠡᠢ᠂ ᠬᠡᠳᠦᠢ ᠶᠡᠭᠡ ᠬᠦᠴᠢᠷᠳᠡᠯ ᠪᠠ ᠰᠢᠯᠭᠠᠯᠲᠠ ᠳᠤ ᠲᠤᠯᠭᠠᠷᠠᠭᠰᠠᠨ ᠴᠤ ᠴᠥᠮ ᠰᠤᠷᠭᠠᠨ ᠬᠥᠮᠦᠵᠢᠯ ᠤᠨ ᠤᠭ ᠰᠠᠨᠠᠭ᠎ᠠ ᠪᠠᠨ ᠪᠠᠲᠤ ᠴᠡᠬᠡᠵᠢᠯᠡᠵᠤ᠂ ᠨᠢᠭᠡ ᠠᠵᠢᠯ ᠢ ᠰᠤᠩᠭᠤᠪᠠᠯ ᠨᠢᠭᠡ ᠨᠠᠰᠤᠨ ᠳᠠᠭᠠᠨ ᠭᠤᠤᠯᠴᠢ ᠪᠠᠷ ᠵᠢᠳᠬᠦᠨ᠎ᠠ︾᠃           ᠳ᠋ᠦᠩᠱᠧᠩ ᠲᠣᠭᠤᠷᠢᠭ ᠤᠨ ᠲᠡᠮᠦᠷ ᠵᠠᠮ ᠤᠨ ᠰᠤᠷᠭᠠᠭᠤᠯᠢ ᠶᠢᠨ ᠵᠠᠬᠢᠷᠤᠯ      ᠶᠠᠨ ᠯᠢ ᠷᠦᠩ 
10.jpg
     ︽ᠴᠡᠴᠡᠷᠯᠢᠭ ᠤᠨ ᠵᠠᠬᠢᠷᠤᠯ ᠤᠨ ᠠᠵᠢᠯᠯᠠᠬᠤ ᠲᠠᠰᠤᠭ ᠤᠨ ᠨᠢᠭᠡ ᠭᠡᠰᠢᠭᠦᠨ ᠪᠣᠯᠤᠭᠰᠠᠨ ᠤ ᠬᠤᠪᠢ ᠳᠤ᠂ ᠲᠠᠷᠠᠭᠠᠴᠢ ᠶᠢᠨ ᠠᠯᠬᠤᠮ ᠳᠤ ᠪᠢ ᠰᠤᠷᠭᠠᠨ ᠬᠥᠮᠥᠵᠢᠭᠦᠯᠦᠭᠴᠢ ᠶᠢᠨ ᠵᠣᠷᠢᠭ ᠰᠠᠨᠠᠭ᠎ᠠ ᠶᠢ ᠦᠷᠭᠦᠯᠵᠢᠯᠡᠨ ᠦᠢᠯᠡᠳᠦᠯᠭᠡᠵᠢᠭᠦᠯᠵᠦ᠂ ᠴᠡᠴᠡᠷᠯᠢᠭ ᠤᠨ ᠵᠠᠬᠢᠷᠤᠯ ᠤᠨ ᠠᠵᠢᠯᠯᠠᠬᠤ ᠲᠠᠰᠤᠭ ᠢ ᠬᠥᠲᠥᠯᠥᠨ ᠳᠠᠭᠠᠭᠤᠯᠵᠤ ᠲᠠᠰᠤᠷᠠᠯᠲᠠ ᠦᠭᠡᠢ ᠤᠷᠤᠭᠰᠢ ᠬᠥᠭᠵᠢᠭᠦᠯᠦᠨ᠎ᠡ︾᠃            ᠳ᠋ᠦᠩᠱᠧᠩ ᠲᠣᠭᠤᠷᠢᠭ ᠤᠨ ᠲᠡᠮᠦᠷ ᠵᠠᠮ ᠤᠨ ᠪᠠᠷᠠᠭᠤᠨᠳᠡᠬᠢ ᠲᠤᠷᠰᠢᠯᠲᠠ ᠶᠢᠨ ᠬᠡᠦᠬᠡᠳ ᠤᠨ ᠴᠡᠴᠡᠷᠯᠢᠭ ᠤᠨ ᠵᠠᠬᠢᠷᠤᠯ      ᠴᠠᠢ ᠹᠧᠩ ᠶᠢᠩ 
11.jpg
     ︽ᠳᠠᠭᠤᠤ ᠬᠥᠭᠵᠢᠮ ᠤᠨ ᠪᠠᠭᠰᠢ ᠪᠣᠯᠤᠭᠰᠠᠨ ᠤ ᠬᠤᠪᠢ ᠳᠤ᠂ ᠪᠢ ᠬᠡᠦᠬᠡᠳ ᠲᠤ ᠪᠠᠨ ᠳᠠᠭᠤᠤ ᠬᠥᠭᠵᠢᠮ ᠤᠨ ᠬᠦᠰᠡᠯ ᠤᠨ ᠵᠢᠭᠦᠷ ᠤᠷᠭᠤᠭᠤᠯᠬᠤ ᠶᠢ ᠬᠦᠰᠡᠵᠦ ᠪᠠᠶᠢᠨ᠎ᠠ︔ ᠶᠣᠰᠣ ᠰᠤᠷᠲᠠᠬᠤᠨ ᠤ ᠬᠥᠮᠦᠵᠢᠯ ᠤᠨ ᠠᠵᠢᠯᠲᠠᠨ ᠪᠣᠯᠤᠭᠰᠠᠨ ᠤ ᠬᠤᠪᠢ ᠳᠤ᠂ ᠬᠡᠦᠬᠡᠳ ᠤᠨ ᠢᠶᠠᠨ ᠨᠢᠭᠡ ᠨᠠᠰᠤᠨ ᠳᠤ ᠰᠠᠶᠢᠨ ᠰᠠᠭᠤᠷᠢ ᠲᠠᠯᠪᠢᠵᠤ᠂ ᠲᠡᠳᠡᠨ ᠢ ᠰᠠᠶᠢᠨ ᠰᠠᠶᠢᠬᠠᠨ ᠦᠶᠯᠡ ᠠᠵᠢᠯᠯᠠᠭᠠᠨ ᠤ ᠳᠠᠳᠬᠠᠯ ᠲᠠᠢ ᠪᠣᠯᠭᠠᠵᠤ᠂ ᠲᠡᠳᠡᠨ ᠢ ᠶᠣᠰᠣ ᠰᠤᠷᠲᠠᠬᠤᠨ ᠣᠶᠤᠨ ᠤᠬᠠᠭᠠᠨ ᠪᠡᠶ᠎ᠡ ᠮᠠᠬᠠᠪᠤᠳ ᠭᠤᠸ᠎ᠠ ᠬᠥᠳᠡᠯᠮᠦᠷᠢ ᠵᠡᠷᠬᠡ ᠪᠥᠬᠦ ᠲᠠᠯ᠎ᠠ ᠪᠠᠷ ᠬᠥᠭᠵᠢᠭᠦᠯᠬᠦ ᠶᠢ ᠬᠦᠰᠡᠵᠦ ᠪᠠᠶᠢᠨ᠎ᠠ︾᠃            ᠳ᠋ᠦᠩᠱᠧᠩ ᠲᠣᠭᠤᠷᠢᠭ ᠤᠨ ᠳᠥᠷᠪᠡᠳᠦᠭᠡᠷ ᠪᠠᠭ᠎ᠠ ᠰᠤᠷᠭᠠᠭᠤᠯᠢ ᠶᠢᠨ ᠶᠣᠰᠣ ᠰᠤᠷᠲᠠᠬᠤᠨ ᠤ ᠬᠥᠮᠦᠵᠢᠯ ᠤᠨ ᠳᠡᠳ᠋ ᠵᠠᠬᠢᠷᠤᠯ   ᠼᠤᠤ ᠴᠦ ᠰᠢ
12.jpg
    ︽ᠶᠣᠰᠣ ᠰᠤᠷᠲᠠᠬᠤᠨ ᠤ ᠬᠥᠮᠦᠵᠢᠯ ᠤᠨ ᠵᠠᠯᠠᠭᠤ ᠪᠠᠭᠰᠢ ᠪᠣᠯᠤᠭᠰᠠᠨ ᠤ ᠬᠤᠪᠢ ᠳᠤ᠂ ᠪᠢ ᠬᠤᠶᠢᠰᠢᠳᠠ ᠶᠢᠨ ᠠᠵᠢᠯ ᠳᠤᠮᠳᠠ ᠪᠠᠨ ᠰᠤᠷᠭᠠᠨ ᠬᠥᠮᠦᠵᠢᠯ ᠤᠨ ᠵᠢᠳᠬᠦᠯᠲᠡᠨ ᠤ ᠵᠣᠷᠢᠭ ᠰᠠᠨᠠᠭ᠎ᠠ ᠶᠢ ᠦᠷᠭᠦᠯᠵᠢᠯᠡᠨ ᠪᠠᠳᠠᠷᠠᠭᠤᠯᠵᠤ᠂ ᠪᠢᠴᠢᠭ ᠵᠢᠭᠠᠬᠤ ᠡᠭᠦᠷᠭᠡ ᠪᠠᠨ ᠦᠯᠦ ᠮᠠᠷᠳᠠᠨ᠂ ᠬᠥᠮᠥᠨ ᠬᠥᠮᠥᠵᠢᠭᠦᠯᠬᠦ ᠤᠭ ᠰᠠᠨᠠᠭ᠎ᠠ ᠪᠠᠨ ᠪᠠᠲᠤ ᠴᠡᠭᠡᠵᠢᠯᠡᠨ᠎ᠡ︾᠃       ᠳ᠋ᠦᠩᠱᠧᠩ ᠲᠣᠭᠤᠷᠢᠭ ᠤᠨ ᠲᠤᠷᠰᠢᠯᠲᠠ ᠶᠢᠨ ᠳᠤᠮᠳᠠᠳᠤ ᠰᠤᠷᠭᠠᠭᠤᠯᠢ ᠶᠢᠨ ᠪᠠᠭᠰᠢ ᠵᠠᠩ ᠰᠢᠶᠦ᠋ᠩ ᠯᠦᠩ
5.jpg
8.jpg
7.jpg
 
ᠢᠷᠡᠯᠲᠡ᠄ ᠳ᠋ᠦᠩᠱᠧᠩ ᠳᠤᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ