ᠨᠠᠮᠤᠷ ᠤᠨ ᠤᠯᠠᠷᠢᠯ ᠳᠤ ᠤᠷᠮᠠᠰ ᠰᠡᠳᠬᠢᠯᠬᠡ ᠪᠠᠨ ᠵᠤᠬᠢᠴᠠᠭᠤᠯᠤᠶ᠎ᠠ
ᠨᠡᠶᠢᠲᠡᠯᠡᠭᠰᠡᠨ ᠴᠠᠭ᠄
2024/9/10
      ᠨᠠᠮᠤᠷ ᠤᠨ ᠤᠯᠠᠷᠢᠯ ᠪᠤᠯᠪᠠᠯ ᠡᠪᠡᠰᠤ ᠮᠤᠳᠤ ᠰᠢᠷᠠᠯᠠᠨ᠂ ᠮᠤᠳᠤᠨ ᠤ ᠨᠠᠪᠴᠢ ᠰᠠᠯᠬᠢᠨ ᠤ ᠠᠶ᠎ᠠ ᠪᠠᠷ ᠬᠡᠶᠢᠰᠬᠦ ᠦᠶᠡᠰ᠂ ᠬᠦᠮᠦᠰ ᠠᠮᠠᠷᠬᠠᠨ ᠰᠡᠳᠬᠢᠯ ᠰᠠᠨᠠᠭ᠎ᠠ ᠵᠤᠪᠠᠨᠢᠬᠤ᠂ ᠠᠭᠤᠷᠯᠠᠬᠤ᠂ ᠪᠤᠬᠢᠨᠢᠳᠤᠬᠤ᠂ ᠭᠠᠩᠰᠠᠷᠠᠬᠤ ᠵᠡᠷᠬᠡ ᠰᠡᠳᠬᠢᠴᠡ ᠶᠢᠨ ᠳᠠᠯ᠎ᠠ ᠶᠢᠨ ᠪᠠᠶᠢᠳᠠᠯ ᠢᠯᠡᠷᠡᠳᠡᠭ᠃ ᠡᠨᠡ ᠦᠶ᠎ᠡ ᠳᠤ ᠬᠦᠮᠦᠰ ᠤᠷᠮᠠᠰ ᠰᠡᠳᠬᠢᠯᠬᠡ ᠪᠠᠨ ᠵᠤᠬᠢᠴᠠᠭᠤᠯᠵᠤ ᠡᠵᠡᠮᠳᠡᠬᠦ ᠨᠢ ᠮᠠᠰᠢ ᠴᠢᠬᠤᠯᠠ ᠪᠠᠶᠢᠳᠠᠭ᠃       ᠡᠷᠳᠡ ᠤᠨᠳᠠᠵᠤ ᠡᠷᠳᠡ ᠪᠤᠰᠬᠤ ᠶᠢ ᠪᠠᠷᠢᠮᠳᠠᠯᠠᠨ᠂ ᠨᠤᠶᠢᠷ ᠬᠦᠢᠴᠡᠳ ᠪᠠᠶᠢᠬᠤ ᠶᠢ ᠪᠠᠳᠤᠯᠠᠨ᠎ᠠ᠃       ᠪᠡᠶ᠎ᠡ ᠳᠤ ᠪᠠᠨ ᠳᠤᠬᠢᠷᠠᠭᠰᠠᠨ ᠳᠠᠮᠢᠷ ᠤᠨ ᠬᠦᠳᠡᠯᠬᠡᠬᠡᠨ ᠳᠤ ᠢᠯᠡᠬᠦᠬᠡᠨ ᠤᠷᠤᠯᠴᠠᠨ᠎ᠠ᠃       ᠤᠭᠤᠷᠠᠭ ᠡᠯᠪᠡᠭ ᠠᠭᠤᠯᠤᠭᠰᠠᠨ ᠢᠳᠡᠬᠡᠨ ᠤ ᠵᠦᠢᠯ ᠢ ᠢᠯᠡᠬᠦᠬᠡᠨ ᠢᠳᠡᠪᠡᠯ ᠵᠤᠬᠢᠨ᠎ᠠ᠃       ᠦᠪᠡᠷ ᠤᠨ ᠰᠡᠳᠬᠢᠴᠡ ᠶᠢᠨ ᠳᠤᠬᠢᠷᠠᠭᠤᠯᠭ᠎ᠠ ᠶᠢ ᠢᠳᠡᠪᠬᠢᠳᠡᠢ ᠬᠢᠨ᠎ᠡ᠃
ᠢᠷᠡᠯᠲᠡ᠄ ︽ᠦᠪᠦᠷ ᠮᠤᠩᠭᠤᠯ ᠤᠨ ᠡᠮᠡᠭᠳᠡᠶᠢᠴᠤᠳ︾ ᠰᠡᠳᠬᠦᠯ