【ᠰᠢᠨ᠎ᠡ ᠴᠠᠭ ᠦᠶ᠎ᠡ ᠶᠢᠨ ᠬᠤᠶᠠᠷ ᠢ ᠬᠦᠷᠢᠶᠡᠯᠡᠬᠦ ᠠᠵᠢᠯ ᠤᠨ ᠰᠢᠨ᠎ᠡ ᠬᠠᠭᠤᠳᠠᠰᠤ ᠶᠢ ᠪᠢᠴᠢᠭᠯᠡᠨᠡᠮ】ᠦᠩᠬᠡ ᠬᠡᠷᠡᠯᠳᠤ ᠳ᠋ᠦᠩᠱᠧᠩ — ︽ᠴᠡᠷᠢᠭ ᠠᠷᠠᠳ ᠤᠨ ᠨᠥᠬᠦᠷᠯᠡᠯ︾
ᠨᠡᠶᠢᠲᠡᠯᠡᠭᠰᠡᠨ ᠴᠠᠭ᠄
2024/9/11
     ᠤᠢᠢᠷ᠎ᠠ ᠶᠢᠨ ᠵᠢᠯ ᠠᠴᠠ᠂ ᠳ᠋ᠦᠩᠱᠧᠩ ᠲᠣᠭᠤᠷᠢᠭ ︽ᠥᠷᠭᠡᠨ ᠤᠯᠠᠨ ᠠᠰᠠᠷᠠᠨ ᠬᠠᠷᠠᠭᠠᠯᠵᠠᠬᠤ ᠡᠲᠡᠭᠡᠳ ᠲᠤ ᠬᠦᠷᠲᠡᠮᠵᠢ ᠶᠢᠨ ᠲᠦᠷᠦᠭᠳᠡᠯ᠂ ᠢᠷᠠᠭᠤ ᠠᠯᠳᠠᠷ ᠤᠨ ᠲᠦᠷᠦᠭᠳᠡᠯ᠂ ᠬᠦᠨᠳᠦᠳᠬᠡᠯ ᠤᠨ ᠲᠥᠷᠥᠭᠳᠡᠯ ᠢ ᠦᠨᠡᠨᠬᠦ ᠮᠡᠳᠡᠷᠡᠭᠦᠯᠬᠦ︾ ᠤᠢᠢᠯᠠᠭᠠᠭᠳᠠᠬᠤᠨ ᠢ ᠢᠮᠠᠭᠲᠠ ᠦᠢᠯᠡᠳᠦᠯᠭᠡᠵᠢᠭᠦᠯᠵᠦ᠂ ︽ᠴᠡᠷᠢᠭ ᠪᠤᠯᠬᠤ  ᠶᠢ ᠪᠦᠬᠦ ᠨᠡᠶᠢᠭᠡᠮ ᠢᠶᠠᠷ ᠢᠶᠠᠨ ᠳᠡᠭᠡᠳᠦᠯᠡᠬᠦ ᠠᠵᠢᠯ ᠮᠡᠷᠭᠡᠵᠢᠯ︾ ᠤᠨ ᠬᠠᠷᠠᠯᠲᠠ ᠪᠣᠯᠭᠠᠬᠤ ᠶᠢ ᠪᠠᠷᠢᠮᠲᠠᠯᠠᠵᠤ᠂ ᠴᠡᠷᠢᠭ ᠠᠩᠭᠢ ᠪᠠ ᠣᠷᠣᠨ ᠨᠤᠲᠤᠭ ᠬᠤᠶᠠᠷ ᠲᠠᠯ᠎ᠠ ᠪᠠᠷ ᠢᠶᠠᠨ ᠡᠶ᠎ᠡ ᠵᠣᠬᠢᠴᠠᠩᠭᠤᠢ ᠴᠡᠷᠢᠭ ᠵᠠᠰᠠᠭ ᠴᠡᠷᠢᠭ ᠠᠷᠠᠳ ᠤᠨ ᠬᠠᠷᠢᠴᠠᠭ᠎ᠠ ᠶᠢ ᠪᠠᠶᠢᠭᠤᠯᠬᠤ ᠪᠠᠷ ᠭᠤᠣᠯ ᠰᠢᠵᠢᠮ ᠪᠣᠯᠭᠠᠵᠤ᠂ ᠬᠤᠶᠠᠷ ᠢ ᠬᠦᠷᠢᠶᠡᠯᠡᠬᠦ ᠵᠢᠱᠢᠶᠡᠴᠢ ᠬᠤᠳᠠ ᠶᠢ ᠡᠭᠦᠳᠦᠨ ᠪᠠᠶᠢᠭᠤᠯᠬᠤ ᠠᠵᠢᠯᠯᠠᠭ᠎ᠠ ᠶᠢ ᠥᠷᠭᠡᠨ ᠳᠡᠯᠭᠡᠷ᠂ ᠭᠦᠨᠵᠡᠭᠡᠢ᠂ ᠤᠳᠠᠭᠠᠨ ᠳᠠᠭᠠᠭᠠᠮᠠᠭᠠᠢ ᠥᠷᠨᠢᠭᠦᠯᠵᠦ᠂ ᠬᠠᠳᠠ ᠴᠢᠯᠠᠭᠤ ᠮᠡᠲᠦ ᠪᠠᠲᠤ ᠪᠠᠬᠢ ᠴᠡᠷᠢᠭ ᠠᠷᠠᠳ ᠤᠨ ᠬᠠᠷᠢᠴᠠᠭ᠎ᠠ ᠶᠢ ᠲᠠᠰᠤᠷᠠᠯᠲᠠ ᠦᠭᠡᠢ ᠪᠠᠬᠢᠵᠢᠭᠦᠯᠦᠨ ᠬᠥᠭᠵᠢᠭᠦᠯᠵᠦ᠂ ᠤᠯᠤᠰ ᠢᠶᠠᠨ ᠬᠦᠴᠦᠷᠬᠡᠭᠵᠢᠭᠦᠯᠦᠨ ᠴᠡᠷᠢᠭ ᠢᠶᠠᠨ ᠮᠠᠨᠳᠤᠭᠤᠯᠬᠤ ᠰᠦᠷ ᠳᠠᠯᠠᠶᠢᠴᠠᠲᠠᠢ ᠬᠦᠴᠦᠨ ᠢ ᠬᠤᠷᠠᠮᠳᠤᠭᠤᠯᠤᠨ᠂ ᠬᠤᠶᠠᠷ ᠢ ᠬᠦᠷᠢᠶᠡᠯᠡᠬᠦ ᠠᠵᠢᠯ ᠤᠨ ᠰᠢᠨ᠎ᠡ ᠪᠠᠶᠢᠳᠠᠯ ᠢ ᠴᠢᠷᠮᠠᠶᠢᠨ ᠪᠤᠢ ᠪᠣᠯᠭᠠᠪᠠ᠃     01 ᠲᠣᠭᠲᠠᠴᠠ ᠶᠢᠨ ᠪᠠᠶᠢᠭᠤᠯᠤᠯᠲᠠ ᠶᠢ ᠪᠦᠷᠢᠨᠰᠢᠬᠦᠯᠵᠤ᠂ ᠴᠡᠷᠢᠭ ᠢ ᠬᠦᠷᠢᠶᠡᠯᠡᠨ ᠭᠡᠷ ᠪᠦᠯᠢ ᠶᠢ ᠨᠢ ᠬᠠᠷᠠᠭᠠᠯᠵᠠᠬᠤ ᠦᠢᠯᠡᠴᠢᠯᠡᠭᠡᠨ ᠤ ᠴᠢᠳᠠᠪᠤᠷᠢ ᠳᠡᠭᠡᠭᠰᠢᠯᠡᠪᠡ    ᠳᠦᠷᠢᠮ ᠤᠨ ᠪᠠᠲᠤᠯᠠᠭ᠎ᠠ ᠶᠢ ᠴᠢᠩᠭᠠᠳᠬᠠᠵᠤ᠂ ︽ᠬᠤᠶᠠᠷ ᠢ ᠬᠦᠷᠢᠶᠡᠯᠡᠬᠦ ᠠᠵᠢᠯ ᠤᠨ ᠳᠦᠷᠢᠮ ᠤᠨ ᠡᠮᠬᠢᠳᠬᠡᠯ︾᠂ ︽ᠴᠡᠷᠢᠭ ᠠᠩᠭᠢ ᠪᠠ ᠣᠷᠣᠨ ᠨᠤᠲᠤᠭ ᠤᠨ ᠬᠠᠮᠲᠤᠷᠠᠭᠰᠠᠨ ᠬᠤᠷᠠᠯ︾ ᠵᠡᠷᠭᠡ 15 ᠬᠠᠮᠢᠶ᠎ᠠ ᠪᠦᠬᠦᠢ ᠳᠦᠷᠢᠮ ᠢ ᠨᠠᠶᠢᠷᠠᠭᠤᠯᠤᠨ ᠳᠠᠷᠤᠮᠠᠯᠯᠠᠵᠤ᠂ ᠴᠡᠷᠢᠭ ᠠᠷᠠᠳ ᠬᠠᠮᠲᠤ ᠪᠠᠷ ᠪᠠᠶᠢᠭᠤᠯᠬᠤ᠂ ᠲᠣᠬᠤᠨᠢᠭᠤᠯᠤᠨ ᠰᠤᠷᠪᠤᠯᠵᠢᠯᠠᠬᠤ᠂ ᠴᠡᠷᠢᠭ ᠠᠩᠭᠢ ᠪᠠ ᠣᠷᠣᠨ ᠨᠤᠲᠤᠭ ᠬᠠᠮᠲᠤᠷᠠᠨ ᠠᠵᠢᠯᠯᠠᠬᠤ᠂ ᠬᠤᠶᠠᠷ ᠢ ᠬᠦᠷᠢᠶᠡᠯᠡᠬᠦ ᠬᠠᠮᠲᠤᠷᠠᠭᠰᠠᠨ ᠬᠤᠷᠠᠯ᠂ ᠴᠡᠷᠢᠭ ᠵᠠᠰᠠᠭ ᠤᠨ ᠶᠠᠷᠢᠯᠴᠠᠬᠤ ᠬᠤᠷᠠᠯ ᠵᠡᠷᠭᠡ ᠲᠣᠭᠲᠠᠴᠠ ᠶᠢ ᠤᠯᠠᠮ ᠨᠢᠭᠡ ᠠᠯᠬᠤᠮ ᠲᠣᠳᠣᠷᠬᠠᠶᠢᠯᠠᠵᠤ᠂ ᠴᠡᠷᠢᠭ ᠠᠩᠭᠢ ᠪᠠ ᠣᠷᠣᠨ ᠨᠤᠲᠤᠭ ᠤᠨ ᠬᠠᠮᠲᠤᠷᠠᠭᠰᠠᠨ ᠬᠤᠷᠠᠯ ᠤᠨ ᠳᠦᠷᠢᠮ ᠤᠨ ᠦᠢᠯᠡᠳᠦᠯ ᠢ ᠭᠦᠢᠴᠡᠳ ᠪᠠᠳᠠᠷᠠᠭᠤᠯᠤᠨ᠂ ᠴᠡᠷᠢᠭ ᠠᠩᠭᠢ ᠪᠠ ᠣᠷᠣᠨ ᠨᠤᠲᠤᠭ ᠤᠨ ᠰᠠᠶᠢᠨ ᠰᠠᠶᠢᠬᠠᠨ ᠬᠠᠷᠢᠯᠴᠠᠨ ᠬᠥᠳᠡᠯᠦᠯᠴᠡᠬᠦ ᠠᠵᠢᠯ ᠤᠨ ᠪᠠᠶᠢᠷᠢᠰᠢᠯ ᠢ ᠪᠣᠶ ᠪᠣᠯᠭᠠᠵᠤ᠂ ᠬᠤᠶᠠᠷ ᠢ ᠬᠦᠷᠢᠶᠡᠯᠡᠬᠦ ᠠᠵᠢᠯ ᠢ ᠥᠨᠳᠥᠷ ᠪᠦᠲᠦᠮᠵᠢᠲᠡᠶ ᠪᠠᠷ ᠥᠷᠨᠢᠭᠦᠯᠬᠦ ᠳᠤ ᠳᠦᠷᠢᠮ ᠤᠨ ᠲᠤᠯᠭᠠᠭᠤᠷᠢᠯᠠᠯ ᠬᠠᠩᠭᠠᠪᠠ᠃ ᠪᠠᠶᠢᠭᠤᠯᠤᠮᠵᠢ ᠶᠢᠨ ᠪᠠᠶᠢᠭᠤᠯᠤᠯᠲᠠ ᠶᠢ ᠴᠢᠩᠭᠠᠳᠬᠠᠨ᠂ ᠴᠡᠷᠢᠭ ᠤᠨ ᠠᠯᠪᠠ ᠠᠴᠠ ᠬᠠᠯᠠᠭᠳᠠᠭᠰᠠᠳ ᠤᠨ ᠶᠠᠪᠤᠳᠠᠯ ᠤᠨ ᠲᠣᠪᠴᠢᠶ᠎ᠠ ᠶᠢ ᠪᠠᠶᠢᠭᠤᠯᠵᠤ᠂ ᠲᠤᠭᠤᠷᠢᠭ  ᠤᠨ ᠳᠡᠰ ᠤᠨ ᠦᠢᠯᠡᠴᠢᠯᠡᠭᠡᠨ ᠤ ᠲᠥᠪ 1᠂ ᠪᠠᠯᠭᠠᠰᠤ ︵ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ︶ ᠶᠢᠨ ᠦᠢᠯᠡᠴᠢᠯᠡᠭᠡᠨ ᠤ ᠥᠷᠲᠡᠭᠡ 15᠂ ᠲᠣᠰᠬᠤᠨ ︵ᠨᠡᠶᠢᠭᠡᠮ ᠲᠣᠭᠤᠷᠢᠭ︶ ᠤ ᠦᠢᠯᠡᠴᠢᠯᠡᠭᠡᠨ ᠤ ᠥᠷᠲᠡᠭᠡ 106 ︵ᠡᠭᠦᠨ ᠳᠤ ᠪᠥᠬᠦ ᠤᠯᠤᠰ ᠤᠨ ᠵᠢᠱᠢᠶ᠎ᠡ ᠦᠵᠡᠭᠦᠯᠬᠦ ᠬᠡᠯᠪᠡᠷᠢ ᠶᠢᠨ ᠴᠡᠷᠢᠭ ᠤᠨ ᠠᠯᠪᠠ ᠠᠴᠠ ᠬᠠᠯᠠᠭᠳᠠᠭᠰᠠᠳ ᠤᠨ ᠦᠢᠯᠡᠴᠢᠯᠡᠭᠡᠨ ᠤ ᠥᠷᠲᠡᠭᠡ 16᠂ ᠥᠪᠡᠷᠲᠡᠭᠡᠨ ᠵᠠᠰᠠᠬᠤ ᠣᠷᠣᠨ ᠤ ᠵᠠᠭᠤᠨ ᠴᠡᠷᠢᠭ ᠤᠨ ᠠᠯᠪᠠ ᠠᠴᠠ ᠬᠠᠯᠠᠭᠳᠠᠭᠰᠠᠳ ᠤᠨ ᠦᠢᠯᠡᠴᠢᠯᠡᠭᠡᠨ ᠤ ᠥᠷᠲᠡᠭᠡ 1︶ ᠶᠢ ᠪᠠᠶᠢᠭᠤᠯᠬᠤ ᠶᠢᠨ ᠬᠠᠮᠲᠤ 175 ᠲᠤᠰᠬᠠᠢ ᠪᠠ ᠲᠤᠰᠢᠶᠠᠯ ᠬᠠᠪᠰᠤᠷᠭᠠᠭᠰᠠᠨ ᠠᠵᠢᠯᠲᠠᠨ ᠲᠣᠬᠢᠷᠠᠭᠤᠯᠪᠠ᠃
1.jpeg
2.jpeg
     02 ᠪᠡᠯᠡ ᠣᠷᠣᠭᠤᠯᠤᠯᠲᠠ ᠶᠢᠨ ᠡᠷᠴᠢᠮ ᠢ ᠴᠢᠩᠭᠠᠷᠠᠭᠤᠯᠵᠤ᠂ ᠦᠢᠯᠡᠴᠢᠯᠡᠭᠡᠨ ᠤ ᠪᠠᠲᠤᠯᠠᠭ᠎ᠠ ᠶᠢᠨ ᠬᠢᠷᠢ ᠲᠦᠪᠰᠢᠨ ᠢ ᠲᠠᠰᠤᠷᠠᠯᠲᠠ ᠦᠭᠡᠢ ᠳᠡᠭᠡᠭᠰᠢᠯᠡᠭᠦᠯᠪᠡ      ᠤᠯᠤᠰ ᠤᠨ ᠪᠠᠲᠤᠯᠠᠨ ᠬᠠᠮᠠᠭᠠᠯᠠᠯᠲᠠ ᠪᠠ ᠴᠡᠷᠢᠭ ᠠᠩᠭᠢ ᠶᠢᠨ ᠪᠦᠲᠦᠭᠡᠨ ᠪᠠᠶᠢᠭᠤᠯᠤᠯᠲᠠ ᠶᠢ ᠪᠥᠬᠦ ᠬᠦᠴᠦᠨ ᠢᠶᠠᠷ ᠳᠡᠮᠵᠢᠵᠦ᠂ ᠴᠡᠷᠢᠭ ᠠᠩᠭᠢ ᠪᠠ ᠣᠷᠣᠨ ᠨᠤᠲᠤᠭ ᠤᠨ ᠬᠡᠷᠡᠭᠴᠡᠭᠡ ᠱᠠᠭᠠᠷᠳᠠᠯᠭ᠎ᠠ ᠶᠢ ᠬᠠᠷᠢᠯᠴᠠᠨ ᠳᠡᠭᠡᠭᠰᠢᠯᠡᠭᠦᠯᠬᠦ ︽ᠬᠤᠣᠰ ᠨᠠᠷᠢᠨ ᠲᠠᠩᠰᠠ︾ ᠶᠢᠨ ᠱᠠᠭᠠᠷᠳᠠᠯᠭ᠎ᠠ ᠶᠢ ᠨᠠᠶᠢᠳᠠᠪᠤᠷᠢᠵᠢᠭᠤᠯᠤᠨ᠂ 2020 ᠣᠨ ᠠᠴᠠ ᠨᠠᠰᠢ᠂ ᠨᠡᠶᠢᠲᠡ 2000 ᠭᠠᠷᠤᠢ ᠲᠦᠮᠡᠨ ᠲᠥᠭᠦᠷᠢᠭ ᠤᠨ ᠪᠠᠯᠠ ᠣᠷᠣᠭᠤᠯᠵᠤ ᠴᠡᠷᠢᠭ ᠠᠩᠭᠢ ᠶᠢᠨ ᠰᠠᠭᠤᠷᠢ ᠲᠥᠬᠦᠭᠡᠷᠦᠮᠵᠢ ᠶᠢᠨ ᠪᠥᠲᠥᠭᠡᠨ ᠪᠠᠶᠢᠭᠤᠯᠤᠯᠲᠠ ᠶᠢ ᠴᠢᠩᠭᠠᠳᠬᠠᠬᠤ ᠳᠤ ᠬᠡᠷᠡᠭᠯᠡᠪᠡ᠃ ᠡᠭᠦᠨ ᠳᠤ 600 ᠲᠦᠮᠡᠨ ᠲᠥᠭᠦᠷᠢᠭ ᠤᠨ ᠪᠠᠯᠠ ᠣᠷᠣᠭᠤᠯᠵᠤ ᠠᠷᠠᠳ ᠤᠨ ᠵᠡᠪᠰᠡᠭᠲᠦ ᠬᠦᠴᠦᠨ ᠤ ᠬᠡᠯᠲᠡᠰ ᠪᠠ ᠡᠷᠦᠬᠡ ᠶᠢᠨ ᠴᠡᠷᠢᠭ ᠤᠨ ᠴᠡᠷᠢᠭ ᠤᠨ ᠶᠠᠪᠤᠳᠠᠯ ᠤᠨ ᠪᠣᠯᠪᠠᠰᠤᠷᠠᠯ ᠤᠨ ᠰᠠᠭᠤᠷᠢᠨ ᠭᠠᠵᠠᠷ ᠢ ᠰᠡᠯᠪᠢᠨ ᠵᠠᠰᠠᠵᠤ ᠥᠭᠡᠷᠡᠴᠢᠯᠡᠪᠡ︔ 200 ᠭᠠᠷᠤᠢ ᠲᠦᠮᠡᠨ ᠲᠥᠭᠦᠷᠢᠭ ᠤᠨ ᠪᠠᠯᠠ ᠣᠷᠣᠭᠤᠯᠵᠤ ᠠᠷᠠᠳ ᠤᠨ ᠵᠡᠪᠰᠡᠭᠲᠦ ᠬᠦᠴᠦᠨ ᠤ ᠬᠡᠯᠲᠡᠰ ᠪᠠ 15 ᠪᠠᠯᠭᠠᠰᠤ᠂ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠤᠨ ᠵᠡᠪᠰᠡᠭᠲᠦ ᠬᠦᠴᠦᠨ ᠤ ᠬᠡᠯᠲᠡᠰ ᠤᠨ ᠪᠠᠴᠢᠮ ᠪᠠᠶᠢᠳᠠᠯ ᠢ ᠠᠷᠭᠠᠴᠠᠬᠤ ᠲᠣᠨᠤᠭ ᠲᠥᠬᠦᠭᠡᠷᠦᠮᠵᠢ ᠶᠢ ᠢᠵᠢ ᠪᠦᠷᠢᠳᠦᠬᠦᠯᠪᠡ︔ 800 ᠭᠠᠷᠤᠶ ᠲᠦᠮᠡᠨ ᠲᠥᠭᠦᠷᠢᠭ ᠤᠨ ᠪᠠᠯᠠ ᠣᠷᠣᠭᠤᠯᠵᠤ ᠵᠡᠪᠰᠡᠭᠲᠦ ᠴᠠᠭᠳᠠᠭ᠎ᠠ ᠶᠢᠨ ᠳ᠋ᠦᠩᠱᠧᠩ ᠤᠨ ᠳᠤᠮᠳᠠ ᠠᠩᠭᠢ ᠳᠤ ᠣᠶᠤᠨᠴᠢ ᠰᠢᠰᠲ᠋ᠧᠮ ᠵᠢᠴᠢ ᠠᠯᠪᠠᠯᠠᠬᠤ ᠬᠠᠷᠢᠶᠠᠲᠤ ᠠᠰᠠᠷ ᠢ ᠰᠢᠨ᠎ᠡ ᠪᠠᠷ ᠪᠠᠶᠢᠭᠤᠯᠪᠠ︔ 100 ᠭᠠᠷᠤᠶ ᠲᠦᠮᠡᠨ ᠲᠥᠭᠦᠷᠢᠭ ᠤᠨ ᠪᠠᠯᠠ ᠣᠷᠣᠭᠤᠯᠵᠤ ᠵᠡᠪᠰᠡᠭᠲᠦ ᠴᠠᠭᠳᠠᠭ᠎ᠠ ᠶᠢᠨ 2 ᠳᠤᠮᠳᠠ ᠠᠩᠭᠢ ᠳᠤ ᠲᠠᠮᠢᠷ ᠤᠨ ᠲᠠᠯᠠᠪᠠᠢ ᠶᠢ ᠰᠢᠨ᠎ᠡ ᠪᠠᠷ ᠪᠠᠶᠢᠭᠤᠯᠵᠤ᠂ ᠷᠠᠳᠠᠷ ᠤᠨ ᠦᠷᠳᠡᠭᠡ ᠶᠢᠨ ᠳᠣᠲᠣᠭᠠᠳᠤ ᠵᠠᠮ ᠢ ᠰᠡᠯᠪᠢᠨ ᠵᠠᠰᠠᠵᠤ᠂ ᠴᠡᠷᠢᠭ ᠤᠨ ᠬᠤᠸᠠᠷᠠᠨ ᠤ ᠪᠦᠬᠦᠯᠢ ᠴᠣᠭᠴᠠ ᠶᠢᠨ ᠣᠷᠴᠢᠨ ᠨᠦᠬᠦᠴᠡᠯ ᠢ ᠶᠡᠭᠡ ᠪᠠᠷ ᠰᠠᠶᠢᠵᠢᠷᠠᠭᠤᠯᠪᠠ᠃
3.png
     03 ᠰᠡᠳᠬᠢᠯ ᠵᠢᠷᠦᠬᠡ ᠶᠢ ᠳᠤᠯᠠᠭᠠᠴᠠᠭᠤᠯᠤᠭᠰᠠᠨ ᠪᠣᠳᠠᠲᠤ ᠶᠠᠪᠤᠳᠠᠯ ᠤᠯᠠᠨ ᠪᠠᠶᠢᠵᠤ᠂ ᠴᠡᠷᠢᠭ ᠠᠷᠠᠳ ᠤᠨ ᠨᠢᠭᠳᠠ ᠨᠦᠬᠦᠷᠯᠡᠯ ᠨᠢ ᠳ᠋ᠦᠩᠱᠧᠩ ᠢ ᠤᠯᠠᠮ ᠦᠩᠬᠡ ᠬᠡᠷᠡᠯᠳᠠᠢ ᠪᠤᠯᠭᠠᠪᠠ     ᠳ᠋ᠦᠩᠱᠧᠩ ᠲᠣᠭᠤᠷᠢᠭ ᠰᠠᠭᠤᠭ᠎ᠠ ᠴᠡᠷᠢᠭ ᠠᠩᠭᠢ ᠶᠢ ᠵᠣᠬᠢᠴᠠᠭᠤᠯᠬᠤ ᠪᠠ ᠵᠣᠬᠢᠶᠠᠨ ᠪᠠᠶᠢᠭᠤᠯᠵᠤ ᠠᠵᠤ ᠠᠬᠤᠶ ᠨᠡᠶᠢᠭᠡᠮ ᠤᠨ ᠪᠥᠲᠥᠭᠡᠨ ᠪᠠᠶᠢᠭᠤᠯᠤᠯᠲᠠ ᠳᠤ ᠣᠷᠣᠯᠴᠠᠭᠤᠯᠵᠤ᠂ ᠢᠯᠠᠩᠭᠤᠶ᠎ᠠ ᠪᠠᠴᠢᠮ ᠪᠠᠶᠢᠳᠠᠯ ᠢ ᠠᠷᠭᠠᠴᠠᠵᠤ ᠠᠶᠤᠯ ᠠᠴᠠ ᠠᠪᠤᠷᠠᠬᠤ᠂ ᠠᠮᠢ ᠠᠬᠤᠶ ᠶᠢᠨ ᠪᠥᠲᠥᠭᠡᠨ ᠪᠠᠶᠢᠭᠤᠯᠤᠯᠲᠠ ᠵᠡᠷᠭᠡ ᠪᠠᠴᠢᠮ ᠪᠡᠷᠬᠡ ᠠᠶᠤᠯᠲᠠᠶ ᠬᠦᠨᠳᠦ ᠡᠭᠦᠷᠭᠡ ᠶᠢᠨ ᠡᠮᠤᠨ᠎ᠡ ᠳᠠᠷᠤᠭ᠎ᠠ ᠪᠠᠶᠢᠯᠳᠤᠭᠴᠢ ᠪᠣᠯᠤᠨ ᠥᠷᠭᠡᠨ ᠣᠯᠠᠨ ᠡᠷᠦᠬᠡ ᠶᠢᠨ ᠴᠡᠷᠢᠭ ᠰᠢᠨ᠎ᠡ ᠬᠦᠴᠦᠨ ᠪᠠ ᠭᠠᠪᠰᠢᠭᠠᠶ ᠠᠩᠭᠢ ᠶᠢᠨ ᠦᠢᠯᠡᠳᠦᠯ ᠢ ᠪᠠᠳᠠᠷᠠᠭᠤᠯᠪᠠ᠃ 2020 ᠣᠨ ᠠᠴᠠ ᠨᠠᠰᠢ᠂ 3000 ᠭᠠᠷᠤᠶ ᠬᠥᠮᠦᠨ 20 ᠤᠳᠠᠭ᠎ᠠ ᠬᠦᠨᠳᠦ ᠶᠡᠭᠡ ᠠᠶᠤᠯ ᠲᠦᠭᠰᠢᠭᠦᠷᠢ ᠶᠢᠨ ᠪᠠᠶᠢᠳᠠᠯ ᠤᠨ ᠠᠪᠤᠷᠠᠨ ᠲᠤᠰᠠᠯᠠᠯᠲᠠ ᠪᠠ ᠴᠢᠬᠤᠯᠠ ᠠᠵᠢᠯᠯᠠᠭ᠎ᠠ ᠶᠢᠨ ᠠᠮᠤᠷ ᠢ ᠬᠠᠮᠠᠭᠠᠯᠠᠬᠤ ᠳᠤ ᠤᠷᠤᠯᠴᠠᠨ᠂ 18 ᠤᠳᠠᠭ᠎ᠠ ᠡᠯ᠎ᠡ ᠲᠥᠷᠥᠯ ᠤᠨ ᠠᠶᠤᠯ ᠲᠦᠭᠰᠢᠭᠦᠷᠢ ᠶᠢ ᠠᠷᠢᠯᠭᠠᠵᠤ᠂ ᠲᠣᠭᠤᠷᠢᠭ ᠲᠤ ᠰᠠᠭᠤᠭ᠎ᠠ 370 ᠭᠠᠷᠤᠢ ᠳᠠᠷᠤᠭ᠎ᠠ ᠪᠠᠶᠢᠯᠳᠤᠭᠴᠢ ᠪᠣᠯᠣᠨ ᠡᠷᠦᠬᠡ ᠶᠢᠨ ᠴᠡᠷᠢᠭ ᠦᠶᠡᠷ ᠲᠠᠢ ᠲᠡᠮᠡᠴᠡᠨ ᠠᠶᠤᠯ ᠠᠴᠠ ᠠᠪᠤᠷᠠᠬᠤ ᠡᠭᠦᠷᠭᠡ ᠳᠤ ᠤᠷᠤᠯᠴᠠᠨ᠂ 75 ᠬᠥᠮᠦᠨ ᠢ ᠠᠪᠤᠷᠠᠪᠠ᠃ ᠬᠢᠵᠢᠭ ᠤᠨ ᠪᠠᠶᠢᠳᠠᠯ ᠤᠨ ᠬᠤᠭᠤᠴᠠᠭᠠᠨ ᠳᠤ᠂ ᠰᠢᠯᠢᠳᠡᠭ ᠡᠷᠦᠬᠡ ᠶᠢᠨ ᠴᠡᠷᠢᠭ ᠤᠨ ᠵᠢᠯᠣᠭᠤᠴᠢ ᠶᠢ ᠰᠣᠩᠭᠤᠨ ᠲᠣᠮᠢᠯᠠᠵᠤ᠂ ᠳ᠋ᠦᠩᠱᠧᠩ ᠲᠣᠭᠤᠷᠢᠭ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ︽ᠡᠷᠦᠬᠡ ᠶᠢᠨ ᠴᠡᠷᠢᠭ ᠨᠡᠷᠡᠮᠵᠢᠲᠦ︾ ᠲᠡᠭᠡᠭᠡᠪᠦᠷᠢ ᠶᠢᠨ ᠬᠤᠪᠢᠶᠠᠷᠢ ᠠᠩᠭᠢ ᠶᠢ ᠪᠠᠶᠢᠭᠤᠯᠵᠤ᠂ ᠨᠡᠶᠢᠲᠡ 5800 ᠭᠠᠷᠤᠶ ᠲᠡᠷᠭᠡ᠂ 9 ᠲᠦᠮᠡ ᠰᠢᠬᠠᠮ ᠺᠢᠯᠣᠮᠧᠲᠷ ᠠᠶᠠᠯᠠᠵᠤ᠂ 2.2 ᠲᠦᠮᠡ ᠭᠠᠷᠤᠶ ᠬᠥᠮᠦᠨ ᠢ ᠳᠡᠭᠡᠭᠡᠪᠤᠷᠢᠯᠡᠪᠡ᠃ ᠮᠣᠳᠣ ᠲᠠᠷᠢᠵᠤ ᠣᠶᠢᠵᠢᠭᠤᠯᠬᠤ ᠠᠵᠢᠯ ᠢ ᠯᠠᠪᠳᠠᠭᠤᠨ ᠪᠠᠲᠤᠲᠠᠶ ᠥᠷᠨᠢᠭᠦᠯᠵᠦ᠂ ᠲᠤᠭᠤᠷᠢᠭ ᠲᠤ ᠰᠠᠭᠤᠭ᠎ᠠ ᠳᠠᠷᠤᠭ᠎ᠠ ᠪᠠᠶᠢᠯᠳᠤᠭᠴᠢ ᠪᠣᠯᠤᠨ ᠡᠷᠦᠬᠡ ᠶᠢᠨ ᠴᠡᠷᠢᠭ ᠠᠮᠢ ᠠᠬᠤᠶ ᠶᠢᠨ ᠪᠥᠲᠥᠭᠡᠨ ᠪᠠᠶᠢᠭᠤᠯᠤᠯᠲᠠ ᠳᠤ ᠰᠠᠨᠠᠭᠠᠴᠢᠯᠠᠭ᠎ᠠ ᠠᠴᠠ ᠪᠠᠨ ᠣᠷᠣᠯᠴᠠᠵᠤ᠂ ᠨᠡᠶᠢᠲᠡ 220 ᠭᠠᠷᠤᠶ ᠲᠦᠮᠡᠨ ᠰᠠᠭᠤᠷᠢ ᠮᠣᠳᠣ ᠳᠠᠷᠢᠵᠤ᠂ ᠵᠢᠭᠤᠯᠴᠢᠯᠠᠯ ᠤᠨ ᠵᠠᠮ ᠳᠠᠭᠠᠤ ᠶᠢᠨ 3.2 ᠲᠦᠮᠡᠨ ᠮᠦ ᠤᠯᠤᠰ ᠤᠨ ᠬᠠᠮᠠᠭᠠᠯᠠᠯᠲᠠ ᠶᠢᠨ ᠣᠶ ᠶᠢᠨ ᠨᠣᠭᠤᠭᠠᠷᠠᠭᠤᠯᠤᠯᠲᠠ ᠶᠢᠨ ᠪᠦᠰᠡ ᠶᠢ ᠪᠦᠳᠦᠬᠡᠨ ᠪᠠᠶᠢᠭᠤᠯᠪᠠ᠃ ᠵᠢᠯ ᠪᠦᠷᠢ ︽ᠪᠠᠭᠠᠴᠤᠳ ᠤᠨ ᠴᠡᠷᠢᠭ ᠤᠨ ᠰᠤᠷᠭᠠᠭᠤᠯᠢ︾ ᠶᠢᠨ ᠲᠡᠭᠦᠰᠬᠦ ᠠᠩᠭᠢ ᠶᠢᠨ ᠰᠤᠷᠤᠭᠴᠢᠳ ᠢ ᠵᠣᠬᠢᠶᠠᠨ ᠪᠠᠶᠢᠭᠤᠯᠵᠤ ᠤᠯᠤᠰ ᠤᠨ ᠪᠠᠲᠤᠯᠠᠨ ᠬᠠᠮᠠᠭᠠᠯᠠᠯᠲᠠ ᠶᠢᠨ ᠣᠶ ᠶᠢᠨ ᠠᠮᠢ ᠠᠬᠤᠶ ᠶᠢᠨ ᠪᠥᠲᠥᠭᠡᠨ ᠪᠠᠶᠢᠭᠤᠯᠤᠯᠲᠠ ᠶᠢᠨ ᠰᠠᠭᠤᠷᠢᠨ ᠭᠠᠵᠠᠷ ᠲᠤ ᠣᠴᠢᠭᠤᠯᠵᠤ ︽ᠬᠦᠰᠡᠯ ᠤᠨ ᠣᠶ︾ ᠶᠢᠨ ᠮᠣᠳᠣ ᠳᠠᠷᠢᠬᠤ ᠠᠵᠢᠯᠯᠠᠭ᠎ᠠ ᠶᠢ ᠥᠷᠨᠢᠭᠦᠯᠵᠦ᠂ 4000 ᠭᠠᠷᠤᠢ ᠵᠢᠭᠠᠷᠲᠤ ᠨᠠᠷᠠᠰᠤ ᠶᠢ ᠲᠠᠷᠢᠪᠠ᠃
4.jpeg
5.jpeg
6.png
ᠢᠷᠡᠯᠲᠡ᠄ ᠳ᠋ᠦᠩᠱᠧᠩ ᠳᠤᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ