ᠳ᠋ᠦᠩᠱᠧᠩ ᠲᠣᠭᠤᠷᠢᠭ ᠤᠨ ᠰᠠᠯᠠᠭᠠᠨ ᠤ ᠲᠠᠰ ᠤᠨ ᠭᠤᠤᠯ ᠤᠳᠤᠷᠢᠳᠬᠤ ᠺᠠᠳ᠋ᠷ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠣᠯᠤᠨ ᠨᠠᠮ ᠤᠨ ᠬᠤᠷᠢᠳᠤᠭᠠᠷ ᠬᠤᠭᠤᠴᠠᠭᠠᠨ ᠤ ᠳᠦᠪ ᠬᠤᠷᠢᠶᠠᠨ ᠤ ᠭᠤᠷᠪᠠᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠤᠱᠯᠠᠭᠤᠯᠬᠤ ᠰᠤᠳᠤᠯᠤᠨ ᠶᠠᠷᠢᠯᠴᠠᠬᠤ ᠠᠩᠭᠢ ᠡᠬᠢᠯᠡᠪᠡ
ᠨᠡᠶᠢᠲᠡᠯᠡᠭᠰᠡᠨ ᠴᠠᠭ᠄
2024/9/12
     9 ᠰᠠᠷ᠎ᠠ ᠶᠢᠨ 11 ᠤ ᠡᠳᠦᠷ᠂ ᠳ᠋ᠦᠩᠱᠧᠩ ᠲᠣᠭᠤᠷᠢᠭ ᠤᠨ ᠰᠠᠯᠠᠭᠠᠨ ᠤ ᠲᠠᠰ ᠤᠨ ᠭᠤᠤᠯ ᠤᠳᠤᠷᠢᠳᠬᠤ ᠺᠠᠳ᠋ᠷ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠣᠯᠤᠨ ᠨᠠᠮ ᠤᠨ ᠬᠤᠷᠢᠳᠤᠭᠠᠷ ᠬᠤᠭᠤᠴᠠᠭᠠᠨ ᠤ ᠳᠦᠪ ᠬᠤᠷᠢᠶᠠᠨ ᠤ ᠭᠤᠷᠪᠠᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠤᠱᠯᠠᠭᠤᠯᠬᠤ ᠰᠤᠳᠤᠯᠤᠨ ᠶᠠᠷᠢᠯᠴᠠᠬᠤ ᠠᠩᠭᠢ ᠡᠬᠢᠯᠡᠪᠡ᠃ ᠣᠷᠳᠣᠰ ᠤᠨ ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠤᠨ ᠨᠡᠭᠡᠭᠡᠯᠲᠡ ᠶᠢᠨ ᠲᠣᠭᠤᠷᠢᠭ ᠤᠨ ᠨᠠᠮ ᠤᠨ ᠠᠵᠢᠯᠯᠠᠬᠤ ᠬᠤᠷᠢᠶ᠎ᠠ ᠶᠢᠨ ᠱᠦᠵᠢ᠂ ᠳ᠋ᠦᠩᠱᠧᠩ ᠲᠣᠭᠤᠷᠢᠭ ᠤᠨ ᠨᠠᠮ ᠤᠨ ᠬᠤᠷᠢᠶ᠎ᠠ ᠶᠢᠨ ᠱᠦᠵᠢ ᠭᠤᠤ ᠢ ᠳ᠋ᠦᠩ ᠬᠤᠷᠠᠯ ᠳᠤ ᠣᠷᠣᠯᠴᠠᠵᠤ ᠶᠠᠷᠢᠶ᠎ᠠ ᠲᠠᠯᠪᠢᠪᠠ᠃ ᠲᠣᠭᠤᠷᠢᠭ ᠤᠨ ᠳᠥᠷᠪᠡᠨ ᠶᠡᠭᠡ ᠤᠳᠤᠷᠢᠳᠬᠤ ᠪᠠᠭ ᠤᠨ ᠰᠢᠶᠠᠨ ᠭᠠᠵᠠᠷ ᠤᠨ ᠲᠠᠰ ᠠᠴᠠ ᠳᠡᠭᠡᠭᠰᠢᠬᠢ ᠪᠠᠶᠢᠭᠤᠯᠭ᠎ᠠ ᠳᠤ ᠪᠠᠨ ᠪᠠᠶᠢᠭ᠎ᠠ ᠤᠳᠤᠷᠢᠳᠤᠯᠭ᠎ᠠ ᠨᠠᠷ ᠬᠤᠷᠠᠯ ᠳᠤ ᠣᠷᠣᠯᠴᠠᠪᠠ᠃     ᠭᠤᠤ ᠢ ᠳ᠋ᠦᠩ᠂ ᠨᠠᠮ ᠤᠨ ᠬᠤᠷᠢᠳᠤᠭᠠᠷ ᠬᠤᠭᠤᠴᠠᠭᠠᠨ ᠤ ᠭᠤᠷᠪᠠᠳᠤᠭᠠᠷ ᠪᠦᠭᠦᠳᠡ ᠬᠤᠷᠠᠯ ᠤᠨ ᠵᠣᠷᠢᠭ ᠰᠠᠨᠠᠭᠠᠨ ᠤ ᠠᠭᠤᠯᠤᠭᠳᠠᠬᠤᠨ ᠡᠯᠪᠡᠭ ᠪᠠᠶᠠᠯᠢᠭ᠂ ᠥᠷᠭᠡᠨ ᠳᠡᠯᠭᠡᠷ ᠭᠦᠨ ᠭᠦᠨᠵᠡᠭᠡᠢ᠂ ᠪᠦᠭᠦᠳᠡ ᠬᠤᠷᠠᠯ ᠠᠴᠠ ᠪᠠᠲᠤᠯᠠᠭᠰᠠᠨ ︽ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠦᠬᠦ ᠲᠠᠯ᠎ᠠ ᠪᠠᠷ ᠭᠦᠨᠵᠡᠭᠡᠶᠢᠷᠡᠭᠦᠯᠵᠦ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠬᠤ ᠲᠤᠬᠠᠢ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠲᠣᠭᠲᠠᠭᠠᠯ︾  ᠳᠤ ᠪᠠᠶᠢᠷᠢᠯᠠᠭᠤᠯᠤᠭᠰᠠᠨ ᠴᠢᠬᠤᠯᠠ ᠶᠡᠭᠡ ᠥᠭᠡᠷᠡᠴᠢᠯᠡᠯᠲᠡ ᠶᠢᠨ ᠡᠯ᠎ᠡ ᠵᠦᠢᠯ ᠤᠨ ᠪᠣᠳᠣᠯᠬᠢᠯᠠᠯ ᠨᠢ ᠴᠥᠮ ᠠᠯᠤᠰ ᠬᠡᠳᠤ ᠶᠢᠨ ᠭᠦᠨ ᠭᠦᠨᠵᠡᠭᠡᠢ ᠪᠠᠶᠢᠵᠤ᠂ ᠪᠦᠬᠦ ᠲᠤᠭᠤᠷᠢᠭ ᠤᠨ ᠡᠯ᠎ᠡ ᠱᠠᠲᠤᠨ ᠤ ᠤᠳᠤᠷᠢᠳᠬᠤ ᠺᠠᠳ᠋ᠷᠴᠤᠳ ᠪᠦᠬᠦ ᠲᠠᠯ᠎ᠠ  ᠪᠠᠷ ᠰᠤᠷᠤᠯᠴᠠᠭᠰᠠᠨ ᠰᠠᠭᠤᠷᠢᠨ ᠳᠡᠭᠡᠷ᠎ᠡ᠂ ᠰᠢ ᠶᠢᠨ ᠫᠢᠩ ᠶᠡᠷᠦᠩᠬᠡᠢ ᠱᠦᠵᠢ ᠶᠢᠨ ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠲᠤᠬᠠᠢ ᠠᠯᠢ ᠤᠯᠠᠨ ᠰᠢᠨ᠎ᠡ ᠦᠵᠡᠯ ᠰᠠᠨᠠᠭ᠎ᠠ᠂ ᠰᠢᠨ᠎ᠡ ᠦᠵᠡᠯᠲᠡ᠂ ᠰᠢᠨ᠎ᠡ ᠨᠤᠲᠠᠯᠠᠯᠲᠠ ᠶᠢᠨ ᠲᠤᠬᠠᠢ ᠣᠶᠢᠯᠠᠭᠠᠯᠲᠠ ᠡᠵᠡᠮᠳᠡᠯ ᠢᠶᠠᠨ ᠭᠦᠨᠵᠡᠭᠡᠶᠢᠷᠡᠭᠦᠯᠵᠦ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠭᠤᠣᠯ ᠰᠡᠳᠦᠪ ᠲᠤ ᠠᠩᠬᠠᠷᠤᠯ ᠢᠶᠠᠨ ᠲᠥᠪᠯᠡᠷᠡᠭᠦᠯᠦᠨ ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠲᠤᠬᠠᠢ ᠣᠶᠢᠯᠠᠭᠠᠯᠲᠠ ᠡᠵᠡᠮᠳᠡᠯ ᠢᠶᠠᠨ ᠭᠦᠨᠵᠡᠭᠡᠶᠢᠷᠡᠭᠦᠯᠵᠦ᠂ ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠲᠤᠬᠠᠢ ᠨᠠᠮ ᠤᠨ ᠲᠥᠪ ᠬᠤᠷᠢᠶᠠᠨ ᠤ ᠪᠠᠶᠢᠷᠢᠯᠠᠭᠤᠯᠤᠯᠲᠠ ᠱᠠᠭᠠᠷᠳᠠᠯᠭ᠎ᠠ ᠶᠢᠨ ᠲᠤᠬᠠᠢ ᠣᠶᠢᠯᠠᠭᠠᠵᠤ ᠡᠵᠡᠮᠰᠢᠬᠦ ᠪᠠᠨ ᠭᠦᠨᠵᠡᠭᠡᠶᠢᠷᠡᠭᠦᠯᠬᠦ ᠬᠡᠷᠡᠭᠲᠡᠢ ᠭᠡᠪᠡ᠃     ᠭᠤᠤ ᠢ ᠳ᠋ᠦᠩ᠂ ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠪᠣᠯ ᠨᠢᠭᠡᠨ ᠤᠳᠠᠭᠠᠨ ᠤ ᠭᠦᠨ ᠭᠦᠨᠵᠡᠭᠡᠢ ᠪᠥᠭᠡᠳ ᠪᠦᠬᠦ ᠲᠠᠯ᠎ᠠ ᠶᠢᠨ ᠨᠡᠶᠢᠭᠡᠮ ᠤᠨ ᠬᠤᠪᠢᠰᠤᠯᠲᠠ ᠮᠥᠨ᠂ ᠪᠠᠰᠠ ᠴᠤ ᠨᠢᠭᠡᠨ ᠪᠤᠳᠤᠯᠢᠶᠠᠨᠲᠠᠢ ᠰᠢᠰᠲ᠋ᠧᠮᠲᠦ ᠢᠨᠵᠧᠨᠧᠷᠢᠩ ᠪᠤᠯᠤᠨ᠎ᠠ᠂ ᠡᠷᠬᠡᠪᠰᠢ ᠵᠥᠪ ᠠᠷᠭ᠎ᠠ ᠶᠢᠨ ᠤᠨᠤᠯ ᠢ ᠪᠠᠷᠢᠮᠲᠠᠯᠠᠵᠤ᠂ ᠵᠥᠪ ᠴᠢᠭᠯᠡᠯ ᠪᠠ ᠥᠭᠡᠷᠡᠴᠢᠯᠡᠯᠲᠡ ᠶᠢᠨ ᠦᠷ᠎ᠡ ᠪᠦᠲᠦᠮᠵᠢ ᠶᠢ ᠦᠨᠡᠨ ᠬᠦ ᠪᠠᠲᠤᠯᠠᠬᠤ ᠬᠡᠷᠡᠭᠲᠡᠢ᠃ ᠨᠠᠮ ᠤᠨ ᠪᠦᠬᠦ ᠲᠠᠯ᠎ᠠ ᠶᠢᠨ ᠤᠳᠤᠷᠢᠳᠤᠯᠭ᠎ᠠ ᠶᠢ ᠪᠠᠷᠢᠮᠲᠠᠯᠠᠨ ᠥᠭᠡᠷᠡᠴᠢᠯᠡᠯᠲᠡ ᠶᠢ ᠨᠠᠶᠢᠳᠠᠪᠤᠷᠢᠵᠢᠭᠤᠯᠬᠤ ᠶᠢ ᠰᠠᠶᠢᠲᠤᠷ ᠠᠳᠬᠤᠵᠤ᠂ ᠨᠠᠮ ᠤᠨ ᠬᠤᠷᠢᠳᠤᠭᠠᠷ ᠬᠤᠭᠤᠴᠠᠭᠠᠨ ᠤ ᠳᠦᠪ ᠬᠤᠷᠢᠶᠠᠨ ᠤ ᠭᠤᠷᠪᠠᠳᠤᠭᠠᠷ ᠪᠥᠬᠦᠳᠡ ᠬᠤᠷᠠᠯ ᠠᠴᠠ ᠳᠤᠷᠠᠳᠤᠭᠰᠠᠨ ᠴᠢᠬᠤᠯᠠ ᠶᠡᠭᠡ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠪᠠ ᠲᠣᠭᠤᠷᠢᠭ ᠤᠨ ᠨᠠᠮ ᠤᠨ ᠬᠤᠷᠢᠶᠠᠨ ᠤ ᠳᠤᠷᠠᠳᠤᠭᠰᠠᠨ ᠪᠣᠳᠠᠲᠠᠶ ᠨᠠᠶᠢᠳᠠᠪᠤᠷᠢᠵᠢᠭᠤᠯᠬᠤ ᠠᠷᠭ᠎ᠠ ᠬᠡᠮᠵᠢᠶ᠎ᠡ ᠶᠢ ᠨᠢᠭᠡᠳ ᠨᠢᠭᠡ ᠪᠠᠷ ᠬᠠᠷᠠᠯᠲᠠ ᠲᠠᠢ ᠪᠠᠷ ᠵᠠᠳᠠᠯᠵᠤ᠂ ᠨᠢᠭᠡ ᠨᠢᠭᠡ ᠡᠭᠦᠷᠭᠡ ᠪᠠᠷ ᠠᠬᠢᠭᠤᠯᠵᠤ᠂ ᠠᠵᠢᠯ ᠤᠨ ᠦᠷ᠎ᠡ ᠪᠦᠲᠦᠮᠵᠢ ᠶᠢ ᠦᠨᠡᠨ ᠪᠣᠳᠠᠲᠠᠶ ᠣᠯᠬᠤ ᠬᠡᠷᠡᠭᠲᠡᠶ᠃ ᠬᠠᠷᠠᠯᠲᠠ ᠪᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠨ ᠥᠭᠡᠷᠡᠴᠢᠯᠡᠯᠲᠡ ᠶᠢᠨ ᠨᠠᠶᠢᠳᠠᠪᠤᠷᠢᠵᠢᠭᠤᠯᠤᠯᠲᠠ ᠶᠢ ᠰᠠᠶᠢᠲᠤᠷ ᠠᠳᠬᠤᠵᠤ᠂ ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠶᠡᠷᠦᠩᠬᠡᠶ ᠬᠠᠷᠠᠯᠲᠠ ᠶᠢ ᠭᠦᠨᠵᠡᠭᠡᠶ ᠤᠶᠢᠯᠠᠭᠠᠨ ᠲᠣᠭᠲᠠᠭᠠᠵᠤ᠂ ᠬᠡᠪᠰᠢᠭᠰᠡᠨ ᠰᠡᠳᠬᠢᠬᠦᠶ ᠪᠠᠨ ᠦᠬᠡᠷᠡᠴᠢᠯᠡᠨ᠂ ᠠᠵᠢᠯᠯᠠᠬᠤ ᠠᠷᠭ᠎ᠠ ᠶᠢᠨ ᠰᠢᠨ᠎ᠡ ᠶᠢ ᠡᠭᠦᠳᠴᠦ᠂ ᠭᠤᠣᠯ ᠠᠵᠢᠯ ᠢ ᠠᠬᠢᠭᠤᠯᠬᠤ ᠳᠤ ᠴᠢᠩᠭ᠎ᠠ ᠬᠦᠴᠦᠲᠡᠢ ᠬᠥᠳᠡᠯᠭᠡᠬᠦ ᠬᠦᠴᠦᠨ ᠨᠡᠮᠡᠷᠢᠯᠡᠵᠦ᠂ ᠬᠦᠴᠦᠳᠠᠢ ᠲᠦᠷᠢᠮ ᠤᠨ ᠪᠠᠲᠤᠯᠠᠭ᠎ᠠ ᠬᠠᠩᠭᠠᠬᠤ ᠬᠡᠷᠡᠭᠲᠡᠶ᠃ ᠠᠵᠤ ᠠᠬᠤᠢ ᠶᠢᠨ ᠪᠠᠶᠢᠭᠤᠯᠤᠮᠵᠢ ᠶᠢᠨ ᠥᠭᠡᠷᠡᠴᠢᠯᠡᠯᠲᠡ ᠪᠠᠷ ᠵᠢᠯᠣᠭᠤᠳᠤᠮᠵᠢ ᠪᠣᠯᠭᠠᠨ ᠥᠭᠡᠷᠡᠴᠢᠯᠡᠯᠲᠡ ᠶᠢᠨ ᠨᠠᠶᠢᠳᠠᠪᠤᠷᠢᠵᠢᠭᠤᠯᠤᠯᠲᠠ ᠶᠢ ᠠᠳᠬᠤᠵᠤ᠂ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠦᠬᠦᠳᠡ ᠬᠤᠷᠠᠯ ᠤᠨ ᠴᠢᠬᠤᠯᠠ ᠶᠡᠭᠡ ᠥᠭᠡᠷᠡᠴᠢᠯᠡᠯᠲᠡ ᠶᠢᠨ ᠪᠠᠶᠢᠷᠢᠯᠠᠭᠤᠯᠤᠯᠲᠠ ᠱᠠᠭᠠᠷᠳᠠᠯᠭ᠎ᠠ ᠶᠢ ᠤᠢᠢᠷ᠎ᠠ ᠲᠡᠭᠦᠷᠭᠡ ᠶᠢᠨ ᠲᠠᠷᠢᠶᠠᠯᠠᠩ ᠤᠨ ᠲᠦᠪᠰᠢᠨ ᠢ ᠳᠡᠭᠡᠭᠰᠢᠯᠡᠭᠦᠯᠬᠦ᠂ ᠠᠵᠤ ᠦᠢᠯᠡᠳᠪᠦᠷᠢ ᠶᠢᠨ ᠬᠦᠴᠦᠷᠬᠡᠭ ᠲᠤᠭᠤᠷᠢᠭ ᠢ ᠪᠠᠶᠢᠭᠤᠯᠬᠤ᠂ ᠦᠢᠯᠡᠴᠢᠯᠡᠭᠡᠨ ᠤ ᠦᠢᠯᠡᠰ ᠤᠨ ᠶᠠᠰᠤ ᠴᠢᠨᠠᠷ ᠢ ᠳᠡᠭᠡᠭᠰᠢᠯᠡᠭᠦᠯᠵᠦ ᠦᠷ᠎ᠡ ᠠᠰᠢᠭ ᠢ ᠨᠡᠮᠡᠭᠳᠡᠭᠦᠯᠬᠦ ᠶᠢ ᠠᠬᠢᠭᠤᠯᠬᠤ᠂ ᠰᠢᠨ᠎ᠡ ᠶᠠᠰᠤ ᠴᠢᠨᠠᠷ ᠤᠨ ᠦᠢᠯᠡᠳᠪᠦᠷᠢᠯᠡᠯ ᠤᠨ ᠬᠦᠴᠦᠨ ᠢ ᠪᠤᠶᠢᠵᠢᠭᠤᠯᠬᠤ ᠵᠡᠷᠭᠡ ᠪᠣᠳᠠᠲᠠᠢ ᠠᠵᠢᠯ ᠳᠤ ᠠᠭᠤᠰᠤᠯᠴᠠᠭᠤᠯᠵᠤ᠂ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠬᠥᠳᠡᠯᠭᠡᠬᠦ ᠬᠦᠴᠦᠨ ᠢ ᠲᠠᠰᠤᠷᠠᠯᠲᠠ ᠦᠭᠡᠢ ᠬᠥᠭᠵᠢᠭᠡᠵᠦ᠂ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠳᠠᠪᠠᠭᠤᠯᠢᠭ ᠢ ᠪᠤᠢ ᠪᠣᠯᠭᠠᠬᠤ ᠬᠡᠷᠡᠭᠲᠡᠢ᠃ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠨ ᠥᠭᠡᠷᠡᠴᠢᠯᠡᠯᠲᠡ ᠶᠢᠨ ᠨᠠᠶᠢᠳᠠᠪᠤᠷᠢᠵᠢᠭᠤᠯᠤᠯᠲᠠ ᠶᠢ ᠰᠠᠶᠢᠲᠤᠷ ᠠᠳᠬᠤᠵᠤ᠂ ᠥᠭᠡᠷᠡᠴᠢᠯᠡᠯᠲᠡ ᠶᠢ ᠬᠥᠭᠵᠢᠯᠲᠡ ᠶᠢᠨ ᠬᠡᠷᠡᠭᠴᠡᠭᠡ᠂ ᠦᠨᠳᠦᠰᠦᠨ ᠱᠠᠲᠤᠨ ᠤ ᠬᠦᠰᠡᠯ᠂ ᠠᠷᠠᠳ ᠤᠨ ᠰᠡᠳᠬᠢᠯ ᠤᠨ ᠬᠠᠨᠳᠤᠰᠢ ᠲᠠᠢ ᠨᠡᠩ ᠰᠠᠶᠢᠲᠤᠷ ᠵᠣᠬᠢᠴᠠᠭᠤᠯᠬᠤ ᠬᠡᠷᠡᠭᠲᠡᠢ᠃ ᠰᠢᠰᠲ᠋ᠧᠮᠲᠦ ᠰᠡᠳᠬᠢᠬᠦᠶ᠂ ᠬᠠᠤᠯᠢᠵᠢᠯ ᠤᠨ ᠰᠡᠳᠬᠢᠬᠦᠶ᠂ ᠬᠤᠷᠢᠭ᠎ᠠ ᠱᠤᠭᠤᠮ ᠤᠨ ᠰᠡᠳᠬᠢᠬᠦᠶ᠂ ᠠᠷᠠᠳ ᠲᠦᠮᠡᠨ ᠤ ᠵᠣᠭᠰᠣᠯᠲᠠ ᠠᠴᠠ ᠥᠭᠡᠷᠡᠴᠢᠯᠡᠯᠲᠡ ᠶᠢᠨ ᠨᠠᠶᠢᠳᠠᠪᠤᠷᠢᠵᠢᠭᠤᠯᠤᠯᠲᠠ ᠶᠢ ᠠᠳᠬᠤᠬᠤ ᠶᠢ ᠪᠠᠷᠢᠮᠲᠠᠯᠠᠵᠤ᠂ ᠴᠢᠨᠠᠷ ᠰᠠᠶᠢᠲᠠᠢ ᠭᠦᠢᠴᠡᠳ ᠠᠵᠢᠯ ᠣᠯᠭᠤᠯᠲᠠ ᠶᠢ ᠯᠠᠪᠳᠠᠭᠤᠨ ᠢᠶᠠᠷ ᠲᠦᠯᠬᠢᠨ ᠠᠬᠢᠭᠤᠯᠵᠤ᠂ ᠴᠢᠨᠠᠷ ᠰᠠᠶᠢᠲᠠᠶ ᠡᠮ ᠡᠮᠨᠡᠯᠭᠡ ᠶᠢᠨ ᠬᠠᠩᠭᠠᠯᠭ᠎ᠠ ᠶᠢ ᠨᠡᠮᠡᠭᠳᠡᠭᠦᠯᠦᠨ᠂ ᠰᠤᠷᠭᠠᠨ ᠬᠥᠮᠦᠵᠢᠯ ᠤᠨ ᠴᠢᠨᠠᠷ ᠰᠠᠶᠢᠲᠠᠶ ᠲᠡᠩᠴᠡᠭᠦᠷᠢᠲᠡᠶ ᠬᠥᠭᠵᠢᠯᠲᠡ ᠶᠢ ᠠᠬᠢᠭᠤᠯᠵᠤ᠂ ᠬᠡᠷ ᠪᠠᠶᠢᠰᠢᠩ ᠭᠠᠵᠠᠷ ᠬᠥᠷᠥᠩᠭᠡ ᠶᠢᠨ ᠵᠠᠬ᠎ᠠ ᠳᠡᠯᠭᠡᠭᠦᠷ ᠤᠨ ᠡᠷᠡᠭᠦᠯ ᠪᠥᠭᠡᠳ ᠡᠮᠬᠢ ᠵᠢᠷᠤᠮ ᠲᠠᠢ ᠬᠥᠭᠵᠢᠯᠲᠡ ᠶᠢ ᠠᠬᠢᠭᠤᠯᠵᠤ᠂ ︽ᠨᠠᠰᠤᠲᠠᠶᠢᠴᠤᠳ ᠪᠠ ᠨᠢᠯᠬᠠᠰ︾ ᠤᠨ ᠠᠵᠤ ᠦᠢᠯᠡᠰ ᠤᠨ ᠲᠦᠪᠰᠢᠨ ᠢ ᠦᠷᠭᠦᠯᠵᠢᠯᠡᠨ ᠳᠡᠭᠡᠭᠰᠢᠯᠡᠭᠦᠯᠵᠦ᠂ ᠠᠷᠠᠳ ᠲᠦᠮᠡᠨ ᠤ ᠬᠠᠮᠤᠭ ᠠᠴᠠ ᠠᠩᠬᠠᠷᠴᠤ ᠪᠠᠶᠢᠭ᠎ᠠ ᠬᠠᠮᠤᠭ ᠤᠨ ᠰᠢᠭᠤᠳ ᠬᠠᠮᠤᠭ ᠤᠨ ᠪᠣᠳᠠᠲᠠᠶ ᠠᠰᠢᠭ ᠲᠤᠰᠠ ᠶᠢᠨ ᠠᠰᠠᠭᠤᠳᠠᠯ ᠢ ᠦᠨᠡᠨ ᠬᠦ ᠰᠠᠶᠢᠲᠤᠷ ᠰᠢᠢᠳᠪᠤᠷᠢᠯᠡᠬᠦ ᠬᠡᠷᠡᠭᠲᠡᠶ᠃ ᠬᠠᠳᠠᠭᠠᠰᠤ ᠬᠠᠳᠠᠬᠤ ᠵᠣᠷᠢᠭ ᠰᠠᠨᠠᠭ᠎ᠠ ᠪᠠᠷ ᠥᠭᠡᠷᠡᠴᠢᠯᠡᠯᠲᠡ ᠶᠢ ᠨᠠᠶᠢᠳᠠᠪᠤᠷᠢᠵᠢᠭᠤᠯᠬᠤ ᠶᠢ ᠠᠳᠬᠤᠵᠤ᠂ ᠰᠢᠨ᠎ᠡ ᠴᠠᠭ ᠦᠶ᠎ᠡ ᠶᠢᠨ ᠨᠠᠮ ᠤᠨ ᠵᠣᠬᠢᠶᠠᠨ ᠪᠠᠶᠢᠭᠤᠯᠤᠯᠲᠠ ᠶᠢᠨ ᠱᠤᠭᠤᠮ ᠢ ᠲᠤᠤᠱᠯᠠᠭᠤᠯᠵᠤ᠂ ᠰᠢᠨ᠎ᠡ ᠴᠠᠭ ᠦᠶ᠎ᠡ ᠶᠢᠨ ᠰᠠᠶᠢᠨ ᠺᠠᠳ᠋ᠷ ᠤᠨ ᠪᠠᠷᠢᠮᠵᠢᠶ᠎ᠠ ᠶᠢ ᠨᠠᠶᠢᠳᠠᠪᠤᠷᠢᠵᠢᠭᠤᠯᠵᠤ᠂ ᠴᠢᠩᠭ᠎ᠠ ᠬᠠᠮᠢᠶᠠᠷᠬᠤ ᠪᠠ ᠭᠦᠨ ᠬᠠᠶᠢᠷᠠᠯᠠᠬᠤ ᠶᠢ ᠤᠶᠠᠯᠳᠤᠭᠤᠯᠬᠤ ᠶᠢ ᠪᠠᠷᠢᠮᠲᠠᠯᠠᠵᠤ᠂ ᠬᠡᠯᠪᠡᠷᠢᠴᠢ ᠦᠵᠡᠯ ᠢ ᠴᠡᠭᠴᠡᠯᠡᠨ ᠵᠠᠰᠠᠵᠤ ᠦᠨᠳᠦᠰᠦᠨ ᠱᠠᠲᠤᠨ ᠤ ᠳᠠᠷᠤᠭᠠᠰᠤ ᠶᠢ ᠬᠥᠩᠭᠡᠷᠡᠭᠦᠯᠬᠦ ᠠᠵᠢᠯ ᠢ ᠭᠦᠨᠵᠡᠭᠡᠶᠢᠷᠡᠭᠦᠯᠵᠦ᠂ ᠡᠯ᠎ᠡ ᠵᠦᠢᠯ ᠤᠨ ᠥᠭᠡᠷᠡᠴᠢᠯᠡᠯᠲᠡ ᠶᠢᠨ ᠠᠷᠭ᠎ᠠ ᠬᠡᠮᠵᠢᠶ᠎ᠡ ᠶᠢ ᠨᠠᠷᠢᠯᠢᠭ ᠪᠦᠬᠡᠳ ᠯᠠᠪᠳᠠᠭᠤᠨ ᠨᠠᠶᠢᠳᠠᠪᠤᠷᠢᠵᠢᠭᠤᠯᠬᠤ ᠶᠢ ᠦᠨᠡᠨ ᠬᠦ ᠪᠠᠲᠤᠯᠠᠬᠤ ᠬᠡᠷᠡᠭᠲᠡᠶ ᠭᠡᠪᠡ᠃     ᠲᠣᠰ ᠤᠳᠠᠭᠠᠨ ᠤ ᠰᠤᠳᠤᠯᠤᠨ ᠶᠠᠷᠢᠯᠴᠠᠬᠤ ᠠᠩᠭᠢ ᠭᠤᠷᠪᠠᠨ ᠡᠳᠦᠷ ᠤᠨ ᠬᠤᠭᠤᠴᠠᠭ᠎ᠠ ᠲᠠᠢ ᠶᠠᠪᠤᠭᠳᠠᠵᠤ᠂ ᠡᠨᠡ ᠬᠤᠭᠤᠴᠠᠭᠠᠨ ᠳᠤ ᠲᠤᠰᠬᠠᠶ ᠮᠡᠷᠭᠡᠵᠢᠯᠲᠡᠨ ᠢ ᠤᠷᠢᠵᠤ ᠬᠢᠴᠢᠶᠡᠯᠯᠡᠭᠦᠯᠬᠦ ᠶᠢᠨ ᠬᠠᠮᠲᠤ ᠳᠤᠭᠤᠶᠢᠯᠠᠩ ᠬᠤᠪᠢᠶᠠᠨ ᠰᠤᠳᠤᠯᠤᠨ ᠶᠠᠷᠢᠯᠴᠠᠬᠤ ᠵᠡᠷᠭᠡ ᠠᠵᠢᠯᠯᠠᠭ᠎ᠠ ᠦᠷᠨᠢᠬᠦᠯᠦᠨ᠎ᠡ᠃
ᠢᠷᠡᠯᠲᠡ᠄ ᠳ᠋ᠦᠩᠱᠧᠩ ᠳᠤᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ