ᠡᠳᠤᠷ ᠪᠦᠷᠢ ᠨᠢᠬᠡ ᠳᠠᠬᠢᠶᠠᠨ ᠦᠨᠳᠡᠭᠡ ᠢᠳᠡᠪᠡᠯ ᠪᠡᠶ᠎ᠡ ᠳᠤ ᠶᠠᠮᠠᠷ ᠬᠤᠪᠢᠷᠠᠯᠳᠠ ᠭᠠᠷᠬᠤ ᠪᠤᠢ︖
ᠨᠡᠶᠢᠲᠡᠯᠡᠭᠰᠡᠨ ᠴᠠᠭ᠄
2024/9/15
     1. ᠴᠢᠰᠤᠨ ᠤ ᠦᠬᠡᠬᠦ ᠶᠢ ᠳᠤᠬᠢᠷᠠᠭᠤᠯᠤᠨ᠂ ᠵᠢᠷᠦᠬᠡ ᠴᠢᠰᠤᠨ ᠰᠤᠳᠠᠯ ᠤᠨ ᠡᠪᠡᠳᠴᠢᠨ ᠳᠤ ᠨᠡᠷᠪᠡᠭᠳᠡᠬᠦ ᠨᠤᠷᠮ᠎ᠠ ᠶᠢ ᠪᠠᠭᠤᠷᠠᠭᠤᠯᠤᠨ᠎ᠠ        ᠳᠠᠬᠢᠶᠠᠨ ᠦᠨᠳᠡᠬᠡᠨ ᠳᠤ ᠠᠭᠤᠯᠤᠭᠳᠠᠬᠤ ᠦᠨᠳᠡᠬᠡᠨ ᠹᠤᠰᠹᠤᠷᠲ ᠦᠬᠡᠬᠦ ᠨᠢ ᠦᠬᠡᠬᠦ ᠶᠢᠨ ᠰᠢᠩᠬᠡᠬᠡᠯᠳᠡ᠂ ᠰᠤᠯᠢᠯᠴᠠᠭ᠎ᠠ ᠶᠢ ᠵᠤᠬᠢᠴᠠᠭᠤᠯᠬᠤ ᠦᠢᠯᠡᠳᠤᠯ ᠲᠠᠢ ᠪᠠᠶᠢᠳᠠᠭ ᠠᠴᠠ ᠡᠳᠤᠷ ᠪᠦᠷᠢ ᠨᠢᠬᠡ ᠳᠠᠬᠢᠶᠠᠨ ᠦᠨᠳᠡᠭᠡ ᠢᠳᠡᠬᠦ  ᠨᠢ ᠵᠢᠷᠦᠬᠡ ᠴᠢᠰᠤᠨ ᠰᠤᠳᠠᠯ ᠤᠨ ᠡᠷᠡᠬᠦᠯ ᠮᠡᠨᠳᠤ ᠳᠤ ᠠᠰᠢᠭᠳᠠᠢ ᠪᠠᠶᠢᠳᠠᠭ᠃      2. ᠰᠢᠬᠢᠷ ᠰᠢᠵᠢᠩ ᠡᠪᠡᠳᠴᠢᠨ ᠳᠤ ᠨᠡᠷᠪᠡᠭᠳᠡᠬᠦ ᠲᠦᠭᠰᠢᠬᠦᠷᠢ ᠶᠢ ᠪᠠᠭᠠᠰᠬᠠᠵᠤ ᠳᠡᠶᠢᠯᠦᠨ᠎ᠡ       ᠳᠠᠬᠢᠶᠠᠨ ᠦᠨᠳᠡᠭᠡ ᠨᠢ ᠡᠯ᠎ᠡ ᠵᠦᠢᠯ ᠤᠨ ᠸᠢᠲ᠋ᠠᠮᠢᠨ᠂ ᠡᠷᠤᠳᠡᠰᠤ ᠪᠤᠳᠠᠰ᠂ ᠦᠨᠳᠡᠬᠡᠨ ᠹᠤᠰᠹᠤᠷᠲ ᠦᠬᠡᠬᠦ᠂ ᠤᠭᠤᠷᠠᠭ ᠵᠡᠷᠬᠡ ᠬᠦᠮᠦᠨ ᠤ ᠪᠡᠶ᠎ᠡ ᠶᠢᠨ ᠡᠷᠡᠬᠦᠯ ᠮᠡᠨᠳᠤ ᠳᠤ ᠠᠰᠢᠭᠳᠠᠢ ᠪᠦᠷᠢᠯᠳᠦᠬᠦᠨ ᠠᠭᠤᠯᠵᠤ ᠪᠠᠶᠢᠳᠠᠭ᠂ ᠤᠨᠴᠠᠭᠠᠶᠢᠯᠠᠨ ᠡᠯᠪᠡᠭ ᠠᠭᠤᠯᠤᠭᠳᠠᠬᠤ ᠤᠭᠤᠷᠠᠭ ᠨᠢ ᠰᠢᠬᠢᠷ ᠰᠢᠵᠢᠩ ᠡᠪᠡᠳᠴᠢᠨ ᠢ ᠰᠡᠷᠬᠡᠶᠢᠯᠡᠬᠦ ᠳᠤ ᠳᠤᠰᠠᠳᠠᠢ ᠪᠠᠶᠢᠳᠠᠭ᠃       3. ᠪᠡᠶ᠎ᠡ ᠶᠢᠨ ᠬᠦᠨᠳᠤ ᠶᠢ ᠬᠢᠵᠠᠭᠠᠷᠯᠠᠬᠤ ᠳᠤ ᠳᠤᠰᠠᠯᠠᠨ᠎ᠠ       ᠳᠠᠬᠢᠶᠠᠨ ᠦᠨᠳᠡᠬᠡᠨ ᠳᠤ ᠠᠰᠢᠭᠯᠠᠯᠳᠠ ᠶᠢᠨ ᠨᠤᠷᠮ᠎ᠠ ᠪᠠᠷ ᠦᠨᠳᠤᠷ ᠴᠢᠨᠠᠷ ᠰᠠᠶᠢᠳᠠᠢ ᠤᠭᠤᠷᠠᠭ ᠠᠭᠤᠯᠤᠭᠳᠠᠵᠤ ᠪᠠᠶᠢᠳᠠᠭ᠃ ᠤᠭᠤᠷᠠᠭ ᠤᠨ ᠰᠢᠩᠬᠡᠬᠡᠯᠳᠡ ᠶᠢᠨ ᠬᠤᠷᠳᠤᠴᠠ ᠨᠢ ᠨᠡᠬᠦᠷᠡᠰᠤ ᠤᠰᠤᠨ ᠤ ᠨᠢᠬᠡᠳᠪᠤᠷᠢ  ᠠᠴᠠ ᠬᠤᠯᠠ ᠳᠤᠤᠷ᠎ᠠ ᠪᠠᠶᠢᠳᠠᠭ ᠠᠴᠠ ᠢᠳᠡᠭᠰᠡᠨ ᠤ ᠳᠠᠷᠠᠭ᠎ᠠ ᠬᠡᠳᠡᠰᠤ ᠴᠠᠳᠬᠤᠯᠠᠩ ᠪᠠᠶᠢᠳᠠᠯ ᠢ ᠨᠡᠮᠡᠭᠳᠡᠬᠦᠯᠵᠤ᠂ ᠢᠳᠡᠬᠡᠨ ᠤ ᠳᠤᠷᠠᠰᠢᠯ ᠢ ᠪᠠᠭᠠᠰᠬᠠᠳᠠᠭ᠃      4. ᠨᠢᠳᠤ ᠶᠢ ᠬᠡᠬᠡᠨ ᠰᠠᠷᠠᠭᠤᠯ᠂ ᠳᠡᠷᠢᠬᠢ ᠳᠤᠯᠤᠭᠠᠢ ᠶᠢ ᠬᠦᠩᠬᠡᠨ ᠰᠡᠷᠬᠡᠭ ᠪᠤᠯᠭᠠᠳᠠᠭ       ᠳᠠᠬᠢᠶᠠᠨ ᠦᠨᠳᠡᠭᠡ ᠳᠠᠬᠢ ᠸᠢᠲ᠋ᠠᠮᠢᠨ A ᠶᠢᠨ ᠠᠭᠤᠯᠤᠭᠳᠠᠴᠠ ᠮᠠᠰᠢ ᠦᠨᠳᠤᠷ᠂ ᠡᠳᠤᠷ ᠳᠤᠳᠤᠮ ᠤᠨ ᠸᠢᠲ᠋ᠠᠮᠢᠨA ᠶᠢ ᠨᠦᠬᠦᠬᠦ ᠰᠠᠶᠢᠨ ᠰᠤᠩᠭᠤᠯᠳᠠ ᠶᠤᠮ᠃ ᠳᠠᠬᠢᠶᠠᠨ ᠦᠨᠳᠡᠬᠡᠨ ᠤ ᠳᠤᠳᠤᠷᠠᠬᠢ ᠦᠨᠳᠡᠬᠡᠨ ᠹᠤᠰᠹᠤᠷᠲ ᠦᠬᠡᠬᠦ ᠨᠢ ᠶᠡᠭᠡ ᠳᠠᠷᠢᠬᠢᠨ ᠤ ᠮᠡᠳᠡᠷᠡᠯ ᠤᠨ ᠡᠰ ᠲᠤ ᠰᠢᠮ᠎ᠡ ᠳᠡᠵᠢᠬᠡᠯ ᠬᠠᠩᠭᠠᠳᠠᠭ᠂ ᠡᠨᠡ ᠨᠢ ᠳᠠᠨᠢᠨ ᠮᠡᠳᠡᠬᠦᠢ  ᠶᠢᠨ ᠴᠢᠳᠠᠪᠤᠷᠢ ᠶᠢᠨ ᠰᠠᠭᠠᠳᠠᠯ ᠢ ᠰᠡᠷᠬᠡᠶᠢᠯᠡᠵᠤ᠂ ᠴᠡᠬᠡᠵᠢᠯᠡᠬᠦ ᠴᠢᠳᠠᠪᠤᠷᠢ ᠳᠤ ᠳᠤᠰᠠᠳᠠᠢ ᠪᠠᠶᠢᠳᠠᠭ᠃
ᠢᠷᠡᠯᠲᠡ᠄ ︽ᠦᠪᠦᠷ ᠮᠤᠩᠭᠤᠯ ᠤᠨ ᠡᠮᠡᠭᠳᠡᠶᠢᠴᠤᠳ︾ ᠰᠡᠳᠬᠦᠯ