ᠭᠤᠤ ᠢ ᠳ᠋ᠦᠩ ︽ᠬᠠᠶᠢᠷ᠎ᠠ ᠬᠠᠯᠠᠮᠵᠢᠳᠤ ᠢᠨᠵᠧᠨᠧᠷᠢᠩ︾ ᠢ ᠠᠬᠢᠭᠤᠯᠤᠭᠰᠠᠨ ᠪᠠᠶᠢᠳᠠᠯ ᠢ ᠪᠠᠶᠢᠴᠠᠭᠠᠨ ᠰᠤᠳᠤᠯᠪᠠ
ᠨᠡᠶᠢᠲᠡᠯᠡᠭᠰᠡᠨ ᠴᠠᠭ᠄
2024/9/20
      9 ᠰᠠᠷ᠎ᠠ ᠶᠢᠨ 18 ᠤ ᠡᠳᠤᠷ᠂ ᠤᠷᠳᠤᠰ ᠤᠨ ᠲᠡᠭᠡᠳᠤ ᠰᠢᠨ᠎ᠠ ᠮᠡᠷᠭᠡᠵᠢᠯ ᠤᠨ ᠠᠵᠤ ᠦᠢᠯᠡᠰ ᠤᠨ ᠨᠡᠭᠡᠭᠡᠯᠳᠠ ᠶᠢᠨ  ᠳᠤᠭᠤᠷᠢᠭ ᠤᠨ ᠨᠠᠮ ᠤᠨ ᠠᠵᠢᠯᠯᠠᠬᠤ ᠬᠤᠷᠢᠶᠠᠨ ᠤ ᠱᠦᠵᠢ᠂ ᠳ᠋ᠦᠡᠭᠱᠸᠡᠭ ᠲᠤᠭᠤᠷᠢᠭ ᠤᠨ ᠨᠠᠮ ᠤᠨ ᠬᠤᠷᠢᠶᠠᠨ ᠤ ᠱᠦᠵᠢ ᠭᠤᠤ ᠢ ᠳ᠋ᠦᠡᠭ ᠡᠶ᠎ᠡ ᠵᠤᠭᠢᠴᠠᠯᠳᠤ ᠵᠠᠮ᠂ ᠤᠳᠤᠭ ᠵᠡᠭᠡᠯᠢ᠂ ᠲᠢᠶᠠᠨ ᠵᠢᠶᠤᠤ ᠵᠠᠮ ᠵᠡᠷᠭᠡ ︽ᠬᠠᠶᠢᠷ᠎ᠠ ᠬᠠᠯᠠᠮᠵᠢᠳᠤ ᠢᠨᠵᠧᠨᠧᠷᠢᠩ︾ ᠤᠨ ᠢᠯᠴᠢ ᠬᠠᠨᠭ᠍ᠭᠠᠬᠤ ᠬᠤᠭᠤᠯᠠᠢ ᠲᠤᠤᠷ ᠤᠨ ᠪᠦᠳᠦᠭᠡᠨ ᠪᠠᠶᠢᠭᠤᠯᠤᠯᠳᠠ ᠶᠢᠨ ᠪᠠᠷᠢᠯᠭ᠎ᠠ ᠶᠢᠨ ᠠᠬᠤᠢ ᠲᠠᠯᠠᠪᠠᠢ ᠳᠤ ᠭᠦᠷᠴᠤ᠂ ᠪᠦᠳᠦᠭᠡᠨ ᠪᠠᠶᠢᠭᠤᠯᠤᠯᠳᠠ ᠶᠢᠨ ᠠᠭᠢᠴᠠ ᠶᠢ ᠪᠠᠶᠢᠴᠠᠭᠠᠨ ᠦᠵᠠᠵᠤ᠂ ᠳ᠋ᠦᠡᠭᠱᠸᠡᠭ ᠲᠤᠭᠤᠷᠢᠭ ᠤᠨ ︽ᠬᠠᠶᠢᠷ᠎ᠠ ᠬᠠᠯᠠᠮᠵᠢᠳᠤ ᠢᠨᠵᠧᠨᠧᠷᠢᠩ︾ ᠢ ᠠᠭᠢᠭᠤᠯᠤᠬᠰᠠᠨ ᠪᠠᠶᠢᠳᠠᠯ ᠢ ᠪᠠᠶᠢᠴᠠᠭᠠᠨ ᠰᠤᠳᠤᠯᠪᠠ᠃      ᠭᠤᠤ ᠢ ᠳ᠋ᠦᠩ᠂ ︽ᠬᠠᠶᠢᠷ᠎ᠠ ᠬᠠᠯᠠᠮᠵᠢᠳᠤ ᠢᠨᠵᠧᠨᠧᠷᠢᠩ︾ ᠪᠣᠯ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠠᠴᠠ ᠲᠣᠭᠲᠠᠭᠠᠭᠰᠠᠨ ︽ᠵᠢᠷᠭᠤᠭᠠᠨ ᠢᠨᠵᠧᠨᠧᠷᠢᠩ︾ ᠤᠨ ᠨᠢᠭᠡ ᠪᠠᠶᠢᠵᠤ᠂ ᠲᠦᠭ ᠲᠦᠮᠡᠨ ᠠᠶᠢᠯ ᠡᠷᠦᠬᠡ᠂ ᠠᠷᠠᠳ ᠣᠯᠠᠨ ᠤ ᠬᠠᠯᠠᠭᠤᠨ ᠳᠤᠯᠠᠭᠠᠨ ᠲᠠᠢ ᠬᠤᠯᠪᠣᠭᠳᠠᠵᠤ ᠪᠠᠶᠢᠳᠠᠭ᠃ ᠡᠯ᠎ᠡ ᠬᠤᠯᠪᠣᠭᠳᠠᠯ ᠪᠥᠬᠦᠶ ᠰᠠᠯᠠᠭ᠎ᠠ ᠮᠥᠴᠢᠷ ᠤᠳ ᠳᠡᠭᠡᠳᠦ ᠬᠡᠮᠵᠢᠶ᠎ᠡ ᠪᠠᠷ ᠴᠢᠬᠤᠯᠠᠴᠢᠯᠠᠨ᠂ ᠪᠠᠷᠢᠯᠭ᠎ᠠ ᠶᠢᠨ ᠠᠵᠢᠯ ᠤᠨ ᠠᠮᠤᠷ ᠲᠦᠪᠰᠢᠨ ᠪᠠ ᠪᠠᠷᠢᠯᠭ᠎ᠠ ᠶᠢᠨ ᠶᠠᠰᠤ ᠴᠢᠨᠠᠷ ᠢ ᠪᠠᠲᠤᠯᠠᠭᠰᠠᠨ ᠤᠷᠢᠲᠠᠯ ᠳᠣᠤᠷ᠎ᠠ᠂ ᠪᠠᠷᠢᠯᠭ᠎ᠠ ᠶᠢᠨ ᠬᠤᠭᠤᠴᠠᠭ᠎ᠠ ᠶᠢ ᠵᠠᠪᠳᠤᠨ ᠠᠳᠬᠤᠵᠤ᠂ ᠠᠬᠢᠴᠠ ᠶᠢ ᠲᠦᠷᠭᠡᠳᠬᠡᠨ᠂ ᠢᠯᠴᠢ ᠶᠢᠨ ᠢᠷᠡᠯᠲᠡ ᠶᠢᠨ ᠪᠠᠲᠤᠯᠠᠭ᠎ᠠ ᠶᠢᠨ ᠢᠨᠵᠧᠨᠧᠷᠢᠩ ᠪᠠ ᠢᠯᠴᠢ ᠶᠢᠨ ᠲᠣᠤᠷ ᠤᠨ ᠪᠥᠲᠥᠭᠡᠨ ᠪᠠᠶᠢᠭᠤᠯᠤᠯᠲᠠ ᠶᠢ ᠥᠨᠳᠥᠷ ᠪᠠᠷᠢᠮᠵᠢᠶ᠎ᠠ ᠪᠠᠷ ᠠᠬᠢᠭᠤᠯᠵᠤ᠂ ᠲᠣᠭᠲᠠᠭᠰᠠᠨ ᠬᠤᠭᠤᠴᠠᠭᠠᠨ ᠳᠤ ᠠᠵᠢᠯ ᠢᠶᠠᠨ ᠳᠠᠭᠤᠰᠬᠠᠵᠤ᠂ ᠲᠣᠭᠲᠠᠭᠰᠠᠨ ᠬᠤᠭᠤᠴᠠᠭᠠᠨ ᠳᠤ ᠠᠰᠢᠭᠯᠠᠯᠲᠠ ᠳᠤ ᠣᠷᠣᠭᠤᠯᠬᠤ ᠶᠢ ᠦᠨᠡᠨᠬᠦ ᠪᠠᠲᠤᠯᠠᠬᠤ ᠬᠡᠷᠡᠭᠲᠡᠶ᠃ ᠪᠠᠷᠢᠯᠭ᠎ᠠ ᠶᠢᠨ ᠶᠠᠪᠤᠴᠠ ᠶᠢ ᠤᠯᠠᠮ ᠨᠢᠭᠡ ᠠᠯᠬᠤᠮ ᠰᠢᠯᠢᠳᠡᠭᠵᠢᠭᠦᠯᠦᠨ ᠳᠡᠭᠡᠭᠰᠢᠯᠡᠭᠦᠯᠵᠦ᠂ ᠠᠶᠤᠯᠭᠦᠶ ᠦᠢᠯᠡᠳᠪᠦᠷᠢᠯᠡᠯ ᠢ ᠠᠵᠢᠯ ᠤᠨ ᠪᠥᠬᠦ ᠶᠠᠪᠤᠴᠠ᠂ ᠭᠤᠭᠴᠤᠭ᠎ᠠ ᠪᠤᠯᠭᠠᠨ ᠳᠤ ᠲᠤᠤᠱᠯᠠᠭᠤᠯᠵᠤ᠂ ᠠᠮᠤᠷ ᠲᠦᠪᠰᠢᠨ ᠤ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠨ᠂ ᠴᠠᠭ ᠲᠤᠬᠠᠶ ᠳᠤᠨᠢ ᠵᠠᠮ ᠤᠨ ᠭᠠᠳᠠᠷᠭᠤ ᠶᠢ ᠰᠡᠯᠪᠢᠨ ᠵᠠᠰᠠᠵᠤ᠂ ᠪᠠᠷᠢᠯᠭ᠎ᠠ ᠶᠢᠨ ᠠᠮᠤᠷ ᠲᠦᠪᠰᠢᠨ᠂ ᠣᠯᠠᠨ ᠲᠦᠮᠡᠨ ᠤ ᠶᠠᠪᠤᠵᠤ ᠰᠠᠭᠤᠬᠤ ᠠᠮᠤᠷ ᠲᠦᠪᠰᠢᠨ ᠢ ᠪᠥᠬᠦ ᠬᠦᠴᠦᠨ ᠢᠶᠠᠷ ᠢᠶᠠᠨ ᠪᠠᠲᠤᠯᠠᠬᠤ ᠬᠡᠷᠡᠭᠲᠡᠶ᠃ ᠢᠨᠵᠧᠨᠧᠷᠢᠩ ᠤᠨ ᠶᠠᠰᠤ ᠴᠢᠨᠠᠷ ᠤᠨ ᠪᠣᠭᠤᠮᠲᠠ ᠶᠢ ᠴᠢᠩᠭ᠎ᠠ ᠠᠳᠬᠤᠨ᠂ ᠶᠠᠰᠤ ᠴᠢᠨᠠᠷ ᠤᠨ ᠬᠠᠮᠢᠶᠠᠷᠤᠯᠲᠠ ᠡᠵᠡᠮᠳᠡᠯ ᠢ ᠴᠢᠩᠭᠠᠳᠬᠠᠵᠤ᠂ ᠪᠠᠷᠢᠯᠭ᠎ᠠ ᠶᠢᠨ ᠠᠵᠢᠯ ᠤᠨ ᠤᠷ᠎ᠠ ᠮᠡᠷᠭᠡᠵᠢᠯ ᠤᠨ ᠵᠢᠷᠤᠮᠵᠢᠯ ᠪᠠ ᠮᠡᠷᠭᠡᠵᠢᠯ ᠤᠨ ᠪᠠᠷᠢᠮᠵᠢᠶ᠎ᠠ ᠶᠢ ᠴᠢᠩᠭ᠎ᠠ ᠬᠡᠷᠡᠭᠵᠢᠭᠦᠯᠵᠦ᠂ ᠢᠨᠵᠧᠨᠧᠷᠢᠩ ᠢ ᠶᠠᠰᠤ ᠴᠢᠨᠠᠷ ᠢᠶᠠᠷ ᠴᠢᠩᠭ᠎ᠠ᠂ ᠠᠷᠠᠳ ᠤᠯᠠᠨ ᠳᠤ ᠲᠠᠭᠠᠰᠢᠶᠠᠭᠳᠠᠭᠰᠠᠨ ᠠᠷᠠᠳ ᠤᠨ ᠰᠡᠳᠬᠢᠯ ᠤᠨ ᠢᠨᠵᠧᠨᠧᠷᠢᠩ ᠪᠣᠯᠭᠠᠨ ᠪᠠᠶᠢᠭᠤᠯᠬᠤ ᠬᠡᠷᠡᠭᠲᠡᠢ᠃ ᠡᠯ᠎ᠡ ᠢᠯᠴᠢ ᠬᠠᠩᠭᠠᠬᠤ ᠠᠵᠤ ᠠᠬᠤᠶᠢᠯᠠᠯ ᠨᠡᠶᠢᠭᠡᠮ ᠤᠨ ᠬᠠᠷᠢᠭᠤᠴᠠᠯᠭ᠎ᠠ ᠪᠠᠨ ᠴᠢᠩᠭᠠᠳᠬᠠᠨ᠂ ᠴᠢᠨᠠᠷ ᠰᠠᠶᠢᠲᠠᠶ ᠥᠨᠳᠥᠷ ᠪᠦᠲᠦᠮᠵᠢᠲᠡᠶ᠂ ᠠᠮᠤᠷ ᠲᠦᠪᠰᠢᠨ ᠲᠣᠭᠲᠠᠭᠤᠨ ᠢᠯᠴᠢ ᠬᠠᠩᠭᠠᠬᠤ ᠦᠢᠯᠡᠴᠢᠯᠡᠭᠡ ᠶᠢ ᠴᠢᠷᠮᠠᠶᠢᠨ ᠬᠠᠩᠭᠠᠬᠤ ᠬᠡᠷᠡᠭᠲᠡᠶ᠃ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠵᠡᠷᠭᠡ ᠬᠠᠮᠢᠶ᠎ᠠ ᠪᠥᠬᠦᠶ ᠰᠠᠯᠠᠭ᠎ᠠ ᠮᠥᠴᠢᠷ ᠤᠳ ᠣᠯᠠᠨ ᠲᠦᠮᠡᠨ ᠤ ᠬᠠᠯᠠᠭᠤᠨ ᠳᠤᠯᠠᠭᠠᠨ ᠢ ᠴᠠᠭ ᠢᠮᠠᠭᠲᠠ ᠰᠡᠳᠬᠢᠯ ᠳᠡᠭᠡᠨ ᠪᠤᠳᠤᠵᠤ᠂ ᠢᠯᠴᠢ ᠬᠠᠩᠭᠠᠬᠤ ᠠᠵᠤ ᠠᠬᠤᠶᠢᠯᠠᠯ ᠢ ᠬᠢᠨᠠᠨ ᠰᠢᠯᠭᠠᠬᠤ ᠬᠠᠮᠢᠶᠠᠷᠤᠯᠲᠠ ᠪᠠᠨ ᠦᠨᠡᠨ ᠬᠦ ᠴᠢᠩᠭᠠᠳᠬᠠᠨ᠂ ᠢᠯᠴᠢ ᠬᠠᠩᠭᠠᠬᠤ ᠠᠵᠤ ᠠᠬᠤᠶᠢᠯᠠᠯ ᠤᠨ ᠢᠯᠴᠢ ᠬᠠᠩᠭᠠᠬᠤ ᠶᠠᠰᠤ ᠴᠢᠨᠠᠷ ᠪᠠ ᠦᠢᠯᠡᠴᠢᠯᠡᠭᠡᠨ ᠤ ᠬᠢᠷᠢ ᠬᠡᠮᠵᠢᠶ᠎ᠡ ᠪᠠᠨ ᠲᠠᠰᠤᠷᠠᠯᠲᠠ ᠥᠬᠡᠶ ᠳᠡᠭᠡᠭᠰᠢᠯᠡᠭᠦᠯᠬᠦ ᠶᠢ ᠠᠬᠢᠭᠤᠯᠵᠤ᠂ ᠣᠯᠠᠨ ᠲᠦᠮᠡᠨ ᠤ ᠳᠤᠯᠠᠭᠠᠨ ᠪᠦᠯᠢᠶᠡᠨ ᠡᠪᠦᠯᠵᠢᠬᠦ ᠶᠢ ᠦᠨᠡᠨ ᠬᠦ ᠪᠠᠲᠤᠯᠠᠬᠤ ᠬᠡᠷᠡᠭᠲᠡᠶ ᠬᠡᠵᠡᠢ᠃      ᠲᠣᠭᠤᠷᠢᠭ ᠤᠨ ᠤᠳᠤᠷᠢᠳᠤᠯᠭ᠎ᠠ ᠳ᠋ᠦ᠋ ᠵᠢᠢ ᠺᠤᠸᠠᠨ᠂ ᠵᠠᠩ ᠵᠢᠶᠠᠨ ᠭᠦᠩ ᠵᠢᠴᠢ ᠬᠠᠮᠢᠶ᠎ᠠ ᠪᠦᠬᠦᠢ ᠰᠠᠯᠠᠭ᠎ᠠ ᠮᠥᠴᠢᠷ ᠤᠨ  ᠬᠠᠷᠢᠭᠤᠴᠠᠯᠭᠠᠳᠠᠳ ᠣᠷᠣᠯᠴᠠᠪᠠ᠃
ᠢᠷᠡᠯᠲᠡ᠄ ᠲᠤᠰ ᠰᠦᠯᠵᠢᠶ᠎ᠠ