ᠳ᠋ᠦᠩᠱᠧᠩ ᠳᠤᠭᠤᠷᠢᠭ ᠤᠨ ᠵᠠᠰᠠᠭ ᠤᠨ ᠶᠠᠪᠤᠳᠠᠯ ᠤᠨ ᠮᠤᠩᠭᠤᠯ ᠬᠡᠯᠡᠨ ᠤ ᠰᠦᠯᠵᠢᠶ᠎ᠡ ᠤᠬᠠᠭᠤᠯᠭ᠎ᠠ ᠶᠢᠨ ᠠᠵᠢᠯᠯᠠᠭ᠎ᠠ ᠦᠷᠨᠢᠬᠦᠯᠪᠡ
ᠨᠡᠶᠢᠲᠡᠯᠡᠭᠰᠡᠨ ᠴᠠᠭ᠄
2024/9/20
      ᠵᠠᠰᠠᠭ ᠤᠨ ᠶᠠᠪᠤᠳᠠᠯ ᠤᠨ ᠰᠦᠯᠵᠢᠶᠡᠨ ᠤ ᠠᠯᠳᠠᠷᠰᠢᠯ ᠢ ᠪᠦᠲᠦᠮᠵᠢᠲᠡᠶ ᠪᠠᠷ ᠳᠡᠭᠡᠭᠰᠢᠯᠡᠭᠦᠯᠵᠦ᠂ ᠮᠡᠳᠡᠭᠡ ᠵᠠᠩᠭᠢ ᠳᠠᠮᠵᠢᠭᠤᠯᠬᠤ ᠬᠦᠴᠦᠨ ᠪᠠ ᠨᠥᠯᠥᠭᠡᠯᠡᠬᠦ ᠬᠦᠴᠦᠨ ᠢ ᠨᠡᠮᠡᠭᠳᠡᠭᠦᠯᠬᠦ ᠶᠢᠨ ᠲᠥᠯᠥᠭᠡ᠂ 9 ᠰᠠᠷ᠎ᠠ ᠶᠢᠨ19 ᠤ ᠡᠳᠦᠷ᠂ 2024 ᠤᠨ ᠤ ᠪᠦᠬᠦ ᠤᠯᠤᠰ ᠤᠨ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠡᠳᠦᠷ ᠤᠨ ᠤᠬᠠᠭᠤᠯᠭ᠎ᠠ ᠶᠢᠨ ᠠᠵᠢᠯᠯᠠᠭ᠎ᠠ ᠲᠠᠢ ᠤᠶᠠᠯᠳᠤᠭᠤᠯᠤᠨ᠂ ᠳ᠋ᠦᠩᠱᠧᠩ ᠳᠤᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠵᠠᠰᠠᠭ ᠤᠨ ᠶᠠᠪᠤᠳᠠᠯ ᠤᠨ ᠮᠣᠩᠭᠤᠯ ᠬᠡᠯᠡᠨ ᠤ ᠰᠦᠯᠵᠢᠶᠡᠨ ᠤ ᠬᠢᠨ ᠮᠣᠩᠭᠤᠯ ᠬᠡᠯᠡᠨ ᠤ ᠰᠦᠯᠵᠢᠶ᠎ᠡ ᠪᠤᠯᠤᠨ ᠸᠢᠴᠠᠲ ᠳᠠᠪᠴᠠᠩ ᠢᠶᠠᠨ ᠳᠡᠯᠭᠡᠷᠡᠭᠦᠯᠦᠨ ᠤᠬᠠᠭᠤᠯᠬᠤ ᠠᠵᠢᠯᠯᠠᠭ᠎ᠠ ᠶᠢ ᠥᠷᠨᠢᠭᠦᠯᠪᠡ᠃       ᠤᠬᠠᠭᠤᠯᠭ᠎ᠠ ᠶᠢᠨ ᠳᠠᠯᠠᠪᠠᠢ ᠳᠤ ᠳᠤᠭᠤᠷᠢᠭ ᠤᠨ ᠵᠠᠰᠠᠭ ᠤᠨ ᠶᠠᠪᠤᠳᠠᠯ ᠤᠨ ᠮᠤᠩᠭᠤᠯ ᠬᠡᠯᠡᠨ ᠤ ᠰᠦᠯᠵᠢᠶᠡᠨ  ᠤ ᠠᠵᠢᠯᠳᠠᠳ ᠠᠴᠠ ᠮᠤᠩᠭᠤᠯ ᠬᠡᠯᠡᠨ ᠤ ᠰᠦᠯᠵᠢᠶ᠎ᠡ ᠪᠤᠯᠤᠨ ᠸᠢᠴᠠᠲ ᠳᠠᠪᠴᠠᠩ ᠢᠶᠠᠨ ᠳᠠᠨᠢᠯᠴᠠᠭᠤᠯᠤᠨ  ᠳᠡᠯᠬᠡᠷᠡᠬᠦᠯᠦᠭᠰᠡᠨ ᠠᠴᠠ ᠭᠠᠳᠠᠨ᠎ᠠ ᠪᠠᠰᠠ ᠳᠤᠮᠳᠠᠳᠤ ᠤᠯᠤᠰ ᠤᠨ ᠡᠪ ᠬᠠᠮᠳᠤ ᠨᠠᠮ ᠤᠨ ᠬᠤᠷᠢᠳᠤᠭᠠᠷ ᠬᠤᠭᠤᠴᠠᠭᠠᠨ  ᠤ ᠲᠦᠪ ᠬᠤᠷᠢᠶᠠᠨ ᠤ ᠭᠤᠷᠪᠠᠳᠤᠭᠠᠷ ᠪᠦᠬᠦᠳᠡ ᠬᠤᠷᠠᠯ ᠤᠨ ᠵᠤᠷᠢᠭ ᠰᠠᠨᠠᠭ᠎ᠠ᠂ ᠨᠠᠮ ᠤᠨ ᠦᠨᠳᠤᠰᠤᠳᠡᠨ ᠤ ᠲᠦᠷᠦ ᠶᠢᠨ ᠪᠤᠳᠤᠯᠭ᠎ᠠ᠂ ᠰᠢᠨ᠎ᠡ ᠴᠠᠭ ᠦᠶ᠎ᠡ ᠶᠢᠨ ᠦᠨᠳᠤᠰᠤᠳᠡᠨ ᠤ ᠠᠵᠢᠯ ᠤᠨ ᠮᠡᠳᠡᠪᠡᠰᠤ ᠵᠤᠬᠢᠬᠤ ᠵᠦᠢᠯᠡᠰ  ᠤᠨ ᠭᠠᠷ ᠠᠪᠤᠯᠭ᠎ᠠ᠂ ᠵᠢᠱᠢᠶᠡᠴᠢ ᠦᠪᠡᠷᠲᠡᠭᠡᠨ ᠵᠠᠰᠠᠬᠤ ᠣᠷᠣᠨ ᠢ ᠪᠦᠬᠦ ᠲᠠᠯ᠎ᠠ ᠪᠠᠷ ᠪᠦᠲᠦᠭᠡᠨ  ᠪᠠᠶᠢᠭᠤᠯᠬᠤ ᠶᠢ ᠠᠬᠢᠭᠤᠯᠬᠤ ᠲᠦᠷᠢᠮ ᠵᠡᠷᠬᠡ ᠤᠬᠠᠭᠤᠯᠭ᠎ᠠ ᠶᠢᠨ ᠬᠠᠭᠤᠳᠠᠰᠤ ᠳᠡᠪᠳᠡᠷ ᠵᠢᠴᠢ ᠤᠬᠠᠭᠤᠯᠭ᠎ᠠ ᠶᠢᠨ ᠪᠤᠳᠠᠰ ᠳᠠᠷᠬᠠᠭᠠᠨ᠂ ᠬᠤᠯᠪᠤᠭᠳᠠᠯ ᠪᠦᠬᠦᠢ ᠲᠦᠷᠦ ᠶᠢᠨ ᠪᠤᠳᠤᠯᠭ᠎ᠠ ᠶᠢ ᠤᠬᠠᠭᠤᠯᠵᠤ᠂ ᠬᠤᠳᠠ ᠶᠢᠨ ᠠᠷᠠᠳ ᠤᠯᠠᠨ ᠲᠦᠮᠡᠨ ᠳᠤ  ᠵᠠᠰᠠᠭ  ᠤᠨ ᠶᠠᠪᠤᠳᠠᠯ ᠤᠨ ᠮᠤᠩᠭᠤᠯ ᠬᠡᠯᠡᠨ ᠤ ᠰᠦᠯᠵᠢᠶ᠎ᠡ ᠪᠤᠯᠤᠨ ᠸᠢᠴᠠᠲ ᠳᠠᠪᠴᠠᠩ ᠠᠴᠠ ᠨᠠᠮ ᠤᠨ ᠴᠢᠭᠯᠡᠯᠳᠡ ᠲᠦᠷᠦ  ᠶᠢᠨ ᠪᠤᠳᠤᠯᠭ᠎ᠠ᠂ ᠠᠯᠪᠠᠨ ᠮᠡᠳᠡᠭᠡ᠂ ᠰᠤᠨᠢᠨ ᠮᠡᠳᠡᠭᠡ ᠶᠢ ᠶᠠᠭᠠᠬᠢᠵᠤ ᠦᠵᠡᠬᠦ᠂ ᠶᠠᠭᠠᠬᠢᠵᠤ ᠬᠠᠶᠢᠯᠳᠠ ᠬᠢᠬᠦ᠂ ᠰᠦᠯᠵᠢᠶᠡᠨ ᠳᠡᠬᠡᠷ᠎ᠡ ᠶᠠᠭᠠᠬᠢᠵᠤ ᠵᠠᠰᠠᠭ ᠤᠨ ᠦᠢᠯᠡᠴᠢᠯᠡᠭᠡ ᠬᠦᠷᠳᠡᠬᠦ ᠵᠡᠷᠬᠡ ᠶᠢ ᠨᠢᠬᠡᠳ ᠨᠢᠬᠡ ᠪᠠᠷ ᠲᠠᠶᠢᠯᠪᠤᠷᠢᠯᠡᠨ ᠵᠢᠭᠠᠵᠤ᠂ ᠳᠠᠭᠠᠤ ᠳᠤᠨᠢ ᠳᠡᠳᠡᠨ ᠤ ᠰᠦᠯᠵᠢᠶᠡᠨ ᠳᠤ ᠬᠠᠨᠳᠤᠭᠤᠯᠤᠭᠰᠠᠨ ᠰᠠᠨᠠᠯ ᠰᠠᠨᠠᠭᠤᠯᠭ᠎ᠠ ᠶᠢ ᠬᠤᠷᠢᠶᠠᠪᠠ᠃   
微信图片_20240919140015.jpg
微信图片_20240919135852.jpg
微信图片_20240919135942.jpg
ᠢᠷᠡᠯᠲᠡ᠄ ᠳ᠋ᠦᠩᠱᠧᠩ ᠳᠤᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ