ᠳ᠋ᠦᠩᠱᠧᠩ ᠲᠣᠭᠤᠷᠢᠭ ᠤᠨ ᠠᠷᠪᠠᠳᠤᠭᠠᠷ ᠬᠤᠭᠤᠴᠠᠭᠠᠨ ᠤ ᠠᠵᠢᠯᠲᠠᠨ ᠠᠵᠢᠯᠴᠢᠨ ᠤ ᠪᠡᠶ᠎ᠡ ᠶᠢᠨ ᠲᠠᠮᠢᠷ ᠤᠨ ᠴᠤᠭᠯᠠᠭᠠᠨ ᠡᠬᠢᠯᠡᠪᠡ
ᠨᠡᠶᠢᠲᠡᠯᠡᠭᠰᠡᠨ ᠴᠠᠭ᠄
2024/9/21
    9 ᠰᠠᠷ᠎ᠠ ᠶᠢᠨ 20 ᠤ ᠣᠷᠣᠢ᠂ ᠳ᠋ᠦᠩᠱᠧᠩ ᠲᠣᠭᠤᠷᠢᠭ ᠤᠨ ᠠᠷᠪᠠᠳᠤᠭᠠᠷ ᠬᠤᠭᠤᠴᠠᠭᠠᠨ ᠤ ᠠᠵᠢᠯᠲᠠᠨ ᠠᠵᠢᠯᠴᠢᠨ ᠤ ᠪᠡᠶ᠎ᠡ ᠶᠢᠨ ᠲᠠᠮᠢᠷ ᠤᠨ ᠴᠤᠭᠯᠠᠭᠠᠨ ᠳ᠋ᠦᠩᠱᠧᠩ ᠲᠣᠭᠤᠷᠢᠭ ᠤᠨ ᠪᠦᠬᠦ ᠠᠷᠠᠳ ᠤᠨ ᠪᠡᠶ᠎ᠡ ᠴᠢᠭᠢᠷᠠᠭᠵᠢᠭᠤᠯᠬᠤ ᠲᠥᠪ ᠲᠤ ᠡᠬᠢᠯᠡᠪᠡ᠃ ᠲᠤᠰ ᠬᠤᠭᠤᠴᠠᠭᠠᠨ ᠤ ᠲᠠᠮᠢᠷ ᠤᠨ ᠴᠤᠭᠯᠠᠭᠠᠨ ᠨᠢ  9 ᠰᠠᠷ᠎ᠠ ᠶᠢᠨ 10  ᠤ ᠡᠳᠦᠷ ᠠᠴᠠ 23  ᠤ ᠡᠳᠦᠷ ᠪᠣᠯᠲᠠᠯ᠎ᠠ᠂ ᠨᠠᠶᠢᠳᠠ 14 ᠡᠳᠦᠷ ᠦᠷᠬᠦᠯᠵᠢᠯᠡᠬᠦ ᠪᠤᠯᠤᠨ᠎ᠠ᠃ ᠤᠷᠤᠯᠳᠤᠭᠠᠨ ᠳᠤ ᠨᠡᠶᠢᠳᠡ 3400 ᠭᠠᠷᠤᠢ ᠲᠠᠮᠢᠷᠴᠢᠨ ᠣᠷᠣᠯᠴᠠᠵᠤ᠂ 10 ᠶᠡᠭᠡ ᠵᠦᠢᠯ 53 ᠪᠠᠭ᠎ᠠ ᠵᠦᠢᠯ ᠢ ᠲᠣᠬᠢᠷᠠᠭᠤᠯᠵᠠᠢ᠃ 
 
5.2.jpg
 
 
ᠢᠷᠡᠯᠲᠡ᠄ ᠳ᠋ᠦᠩᠱᠧᠩ ᠳᠤᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ