ᠬᠠᠨ ᠲᠤᠸ ᠬᠠᠶᠢᠷ᠎ᠠ ᠬᠠᠯᠠᠮᠵᠢᠳᠤ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢᠨ ᠪᠠᠶᠢᠳᠠᠯ ᠪᠠ ᠢᠯᠴᠢ ᠬᠠᠩᠭᠠᠬᠤ ᠪᠡᠯᠡᠳᠬᠡᠯ ᠠᠵᠢᠯ ᠢ ᠬᠢᠨᠠᠨ ᠵᠢᠯᠤᠭᠤᠳᠴᠤ ᠪᠠᠶᠢᠴᠠᠭᠠᠪᠠ
ᠨᠡᠶᠢᠲᠡᠯᠡᠭᠰᠡᠨ ᠴᠠᠭ᠄
2024/9/24
    9 ᠰᠠᠷ᠎ᠠ ᠶᠢᠨ 23 ᠤ ᠡᠳᠦᠷ᠂ ᠳ᠋ᠦᠩᠱᠧᠩ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠲᠣᠭᠤᠷᠢᠭ ᠤᠨ ᠳᠠᠷᠤᠭ᠎ᠠ ᠬᠠᠨ ᠲᠤᠸ ᠢᠯᠴᠢ ᠬᠠᠩᠭᠠᠬᠤ ᠠᠵᠤ ᠠᠬᠤᠶᠢᠯᠠᠯ᠂ ᠲᠥᠷᠥᠯ ᠵᠦᠢᠯ ᠤᠨ ᠪᠠᠷᠢᠯᠭ᠎ᠠ ᠶᠢᠨ ᠠᠬᠤᠢ ᠲᠠᠯᠠᠪᠠᠶ ᠵᠢᠴᠢ ᠢᠯᠴᠢ ᠬᠠᠩᠭᠠᠬᠤ ᠬᠤᠭᠤᠯᠠᠢ ᠲᠣᠣᠷ ᠤᠨ ᠪᠠᠷᠢᠯᠭ᠎ᠠ ᠶᠢᠨ ᠭᠠᠵᠡᠷ ᠢᠶᠠᠷ ᠭᠦᠨᠵᠡᠭᠡᠶᠢᠷᠡᠵᠦ᠂ ᠬᠠᠶᠢᠷ᠎ᠠ ᠬᠠᠯᠠᠮᠵᠢᠳᠤ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠪᠠ  ᠢᠯᠴᠢ ᠬᠠᠩᠭᠠᠬᠤ ᠪᠡᠯᠡᠳᠬᠡᠯ ᠵᠢᠴᠢ ︽ᠬᠠᠶᠢᠷ᠎ᠠ ᠬᠠᠯᠠᠮᠵᠢᠳᠤ ᠨᠡᠭᠦᠷᠡᠰᠦ︾ ᠲᠠᠷᠬᠠᠭᠠᠬᠤ ᠠᠵᠢᠯ ᠢ ᠬᠢᠨᠠᠨ ᠵᠢᠯᠤᠭᠤᠳᠴᠤ᠂ ᠲᠤᠬᠠᠢ ᠶᠢᠨ ᠲᠠᠯᠠᠪᠠᠢ ᠳᠤ ᠢᠯᠴᠢ ᠬᠠᠩᠭᠠᠬᠤ ᠪᠡᠯᠡᠳᠬᠡᠯ ᠠᠵᠢᠯ ᠳᠤ ᠣᠷᠣᠰᠢᠵᠤ ᠪᠠᠶᠢᠭ᠎ᠠ ᠠᠰᠠᠭᠤᠳᠠᠯ ᠢ ᠰᠤᠳᠤᠯᠤᠨ ᠰᠢᠢᠳᠪᠦᠷᠢᠯᠡᠬᠦ ᠶᠢᠨ ᠬᠠᠮᠲᠤ ᠭᠠᠷᠴᠤ ᠮᠡᠳᠡᠬᠦ ᠰᠢᠨ᠎ᠡ ᠪᠠᠶᠢᠳᠠᠯ ᠳᠤ ᠪᠣᠳᠠᠲᠠᠢ ᠲᠣᠬᠢᠷᠠᠭᠤᠯᠤᠯᠲᠠ ᠪᠠᠶᠢᠷᠢᠯᠠᠭᠤᠯᠤᠯᠲᠠ ᠬᠢᠪᠡ᠃     ᠮᠧᠩ ᠲᠠᠢ ᠢᠯᠴᠢ ᠬᠠᠩᠭᠠᠬᠤ ᠺᠣᠮᠫᠠᠨᠢ᠂ ᠳ᠋ᠠ ᠰᠢᠩ ᠢᠯᠴᠢ ᠬᠠᠩᠭᠠᠬᠤ ᠺᠣᠮᠫᠠᠨᠢ ᠳᠤ᠂ ᠬᠠᠨ ᠲᠤᠤ ᠠᠵᠤ ᠠᠬᠤᠶᠢᠯᠠᠯ ᠤᠨ ᠢᠯᠴᠢ ᠬᠠᠩᠭᠠᠬᠤ ᠲᠠᠯᠠᠪᠠᠢ᠂ ᠬᠡᠷᠡᠭᠯᠡᠭᠴᠢ ᠶᠢᠨ ᠲᠤᠭ᠎ᠠ᠂ ᠢᠯᠴᠢ ᠬᠠᠩᠭᠠᠬᠤ ᠴᠢᠳᠠᠪᠤᠷᠢ᠂ ᠢᠯᠴᠢ ᠬᠠᠩᠭᠠᠬᠤ ᠠᠴᠠ ᠡᠮᠦᠨᠡᠬᠢ ᠪᠡᠯᠡᠳᠬᠡᠯ ᠵᠡᠷᠭᠡ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠴᠠᠭ ᠢ ᠡᠬᠡᠯᠵᠢᠯᠡᠨ ᠲᠣᠬᠢᠷᠠᠭᠤᠯᠵᠤ᠂ ᠢᠯᠴᠢ ᠶᠢᠨ ᠲᠦᠯᠡᠰᠢ ᠶᠢᠨ ᠨᠥᠭᠡᠴᠡᠯᠡᠯ᠂ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ᠂ ᠰᠢᠰᠲ᠋ᠧᠮ ᠢ ᠲᠣᠬᠢᠷᠠᠭᠤᠯᠤᠨ ᠲᠤᠷᠰᠢᠬᠤ ᠵᠡᠷᠭᠡ ᠠᠵᠢᠯ ᠢ ᠪᠦᠬᠦ ᠲᠠᠯ᠎ᠠ ᠪᠠᠷ ᠨᠠᠷᠢᠯᠢᠭ ᠰᠠᠶᠢᠲᠤᠷ ᠬᠢᠵᠦ᠂ ᠨᠢᠭᠡᠳᠦᠯᠲᠡᠢ ᠲᠥᠯᠥᠪᠵᠢᠭᠦᠯᠦᠨ ᠵᠣᠬᠢᠴᠠᠭᠤᠯᠬᠤ ᠪᠠᠨ ᠴᠢᠩᠭᠠᠳᠬᠠᠵᠤ᠂ ᠴᠠᠭ ᠲᠤᠬᠠᠢ ᠳᠤᠨᠢ ᠲᠤᠳᠠᠭᠤᠳᠠᠯ ᠢ ᠪᠠᠶᠢᠴᠠᠭᠠᠨ ᠨᠥᠬᠦᠪᠦᠷᠢᠯᠡᠵᠦ᠂ ᠢᠯᠴᠢ ᠬᠠᠩᠭᠠᠬᠤ ᠶᠠᠰᠤ ᠴᠢᠨᠠᠷ ᠢ ᠪᠠᠷᠢᠮᠵᠢᠶ᠎ᠠ ᠳᠤ ᠬᠦᠷᠬᠡᠬᠦ ᠶᠢ ᠪᠦᠬᠦ ᠲᠠᠯ᠎ᠠ ᠪᠠᠷ ᠪᠠᠲᠤᠯᠠᠬᠤ ᠬᠡᠷᠡᠭᠲᠡᠢ᠃ ᠠᠶᠤᠯᠬᠦᠢ ᠦᠢᠯᠡᠳᠪᠦᠷᠢᠯᠡᠯ ᠤᠨ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠲᠦᠬᠦᠬᠡᠷᠦᠮᠵᠢ ᠶᠢ ᠵᠢᠭᠰᠠᠭᠠᠨ ᠪᠠᠶᠢᠴᠠᠭᠠᠬᠤ᠂ ᠰᠡᠯᠪᠢᠨ ᠵᠠᠰᠠᠬᠤ ᠪᠠ ᠮᠡᠷᠭᠡᠵᠢᠯ ᠤᠨ ᠥᠭᠡᠷᠡᠴᠢᠯᠡᠯᠲᠡ ᠬᠢᠬᠦ ᠵᠡᠷᠭᠡ ᠠᠵᠢᠯ ᠢ ᠴᠢᠩᠭᠠᠳᠬᠠᠨ᠂ ᠠᠰᠠᠭᠤᠳᠠᠯ ᠤᠨ ᠳᠠᠯᠳᠠ ᠬᠡᠮ ᠢ ᠪᠥᠬᠦ ᠲᠠᠯ᠎ᠠ ᠪᠠᠷ ᠵᠢᠭᠰᠠᠭᠠᠨ ᠪᠠᠶᠢᠴᠠᠭᠠᠵᠤ᠂ ᠴᠠᠭ ᠲᠤᠬᠠᠢ ᠳᠤᠨᠢ ᠢᠯᠡᠷᠡᠭᠦᠯᠵᠦ᠂ ᠪᠦᠲᠦᠮᠵᠢᠲᠡᠶ ᠰᠢᠢᠳᠪᠦᠷᠢᠯᠡᠬᠦ ᠶᠢ ᠪᠡᠶᠡᠯᠡᠭᠦᠯᠬᠦ ᠬᠡᠷᠡᠭᠲᠡᠢ᠃ ᠣᠶᠤᠨᠲᠤ ᠢᠯᠴᠢ ᠬᠠᠩᠭᠠᠬᠤ ᠲᠠᠪᠴᠠᠩ ᠤᠨ ᠦᠢᠯᠡᠳᠦᠯ ᠢ ᠭᠦᠢᠴᠡᠳ ᠪᠠᠳᠠᠷᠠᠭᠤᠯᠵᠤ᠂ ᠢᠯᠴᠢ ᠶᠢᠨ ᠡᠬᠢ ᠰᠤᠷᠪᠤᠯᠵᠢ ᠶᠢᠨ ᠠᠵᠢᠯᠯᠠᠭᠠᠨ ᠤ ᠬᠠᠮᠢᠶᠠᠷᠤᠯᠲᠠ ᠪᠣᠯᠣᠨ ᠢᠯᠴᠢ ᠶᠢᠨ ᠬᠦᠴᠦᠨ ᠤ ᠳᠠᠮᠵᠢᠭᠤᠯᠭ᠎ᠠ᠂ ᠲᠣᠬᠢᠷᠠᠭᠤᠯᠤᠯᠲᠠ ᠶᠢ ᠴᠢᠩᠭᠠᠳᠬᠠᠵᠤ᠂ ᠲᠦᠯᠡᠰᠢ ᠶᠢᠨ ᠬᠠᠩᠭᠠᠯᠭ᠎ᠠ ᠶᠢ ᠰᠠᠶᠢᠲᠤᠷ ᠠᠳᠬᠤᠵᠤ᠂ ᠪᠠᠴᠢᠮ ᠪᠠᠶᠢᠳᠠᠯ ᠢ ᠠᠷᠭᠠᠴᠠᠬᠤ ᠪᠠᠳᠤᠯᠠᠭ᠎ᠠ ᠶᠢᠨ ᠲᠤᠭᠳᠠᠯᠴᠠᠭ᠎ᠠ ᠶᠢ ᠪᠦᠷᠢᠨᠰᠢᠭᠦᠯᠦᠨ ᠲᠡᠭᠦᠯᠳᠡᠷᠵᠢᠭᠦᠯᠵᠦ᠂ ᠢᠯᠴᠢ ᠬᠠᠩᠭᠠᠬᠤ ᠦᠢᠯᠡᠴᠢᠯᠡᠭᠡᠨ ᠤ ᠲᠦᠪᠰᠢᠨ ᠢ ᠳᠠᠰᠤᠷᠠᠯᠳᠠ ᠦᠭᠡᠢ ᠳᠡᠭᠡᠭᠰᠢᠯᠡᠭᠦᠯᠬᠦ ᠬᠡᠷᠡᠭᠲᠡᠢ ᠬᠡᠵᠤ ᠴᠢᠬᠤᠯᠠᠴᠢᠯᠠᠪᠠ᠃     ᠤᠯᠤᠰ ᠤᠨ ᠴᠠᠬᠢᠯᠭᠠᠨ ᠬᠦᠴᠦᠨ ᠤ ᠢᠯᠴᠢ ᠬᠠᠩᠭᠠᠬᠤ ᠺᠣᠮᠫᠠᠨᠢ ᠶᠢᠨ ᠢᠯᠴᠢ ᠬᠠᠩᠭᠠᠬᠤ ᠬᠤᠭᠤᠯᠠᠢ ᠲᠣᠣᠷ᠂ ᠦᠦᠰᠢᠨ ᠪᠠᠷᠠᠭᠤᠨ ᠵᠡᠭᠡᠯᠢ ᠶᠢᠨ ᠬᠠᠶᠢᠷ᠎ᠠ ᠬᠠᠯᠠᠮᠵᠢᠳᠤ ᠢᠨᠵᠧᠨᠧᠷᠢᠩ ᠤᠨ ᠲᠦᠷᠦᠯ ᠵᠤᠶᠢᠯ ᠤᠨ ᠪᠠᠷᠢᠯᠭ᠎ᠠ ᠶᠢᠨ ᠠᠬᠤᠢ ᠲᠠᠯᠠᠪᠠᠢ ᠳᠤ᠂ ᠬᠠᠨ ᠲᠤᠤ ᠪᠠᠷᠢᠯᠭ᠎ᠠ ᠶᠢᠨ ᠠᠵᠢᠯ ᠤᠨ ᠠᠬᠢᠴᠠ ᠶᠢ ᠲᠤᠬᠠᠢ ᠶᠢᠨ ᠭᠠᠵᠠᠷ ᠲᠤᠨᠢ ᠪᠠᠶᠢᠴᠠᠭᠠᠨ ᠦᠵᠡᠵᠦ᠂ ᠲᠤᠭᠳᠠᠭᠰᠡᠨ ᠪᠠᠷᠢᠯᠭ᠎ᠠ ᠶᠢᠨ ᠬᠤᠭᠤᠴᠠᠭ᠎ᠠ ᠶᠢ ᠵᠠᠪᠳᠤᠨ ᠠᠳᠬᠤᠵᠤ᠂ ᠴᠠᠭ ᠬᠤᠭᠤᠴᠠᠭᠠᠨ ᠤ ᠵᠠᠩᠭᠢᠯᠠᠭ᠎ᠠ ᠶᠢᠨ ᠴᠢᠭ ᠢ ᠴᠢᠩᠭ᠎ᠠ ᠠᠩᠬᠠᠷᠴᠤ᠂ ᠪᠠᠷᠢᠯᠭ᠎ᠠ ᠶᠢᠨ ᠠᠵᠢᠯ ᠤᠨ ᠠᠬᠢᠴᠠ ᠶᠢ ᠲᠦᠷᠬᠡᠳᠬᠡᠨ᠂ ᠪᠠᠷᠢᠯᠭ᠎ᠠ ᠶᠢᠨ ᠠᠮᠤᠷ ᠲᠦᠪᠰᠢᠨ ᠪᠠ ᠪᠠᠷᠢᠯᠭ᠎ᠠ ᠶᠢᠨ ᠶᠠᠰᠤ ᠴᠢᠨᠠᠷ ᠢ ᠦᠨᠡᠨ ᠬᠦ ᠪᠠᠲᠤᠯᠠᠭᠰᠠᠨ ᠤᠷᠢᠲᠠᠯ ᠳᠣᠣᠷ᠎ᠠ᠂ ᠲᠣᠭᠲᠠᠭᠰᠠᠨ ᠬᠤᠭᠤᠴᠠᠭᠠᠨ ᠳᠠᠭᠠᠨ ᠠᠵᠢᠯ ᠢᠶᠠᠨ ᠳᠠᠭᠤᠰᠬᠠᠵᠤ᠂ ᠲᠣᠭᠲᠠᠭᠰᠠᠨ ᠬᠤᠭᠤᠴᠠᠭᠠᠨ ᠳᠠᠭᠠᠨ ᠠᠰᠢᠭᠯᠠᠯᠳᠠ ᠳᠤ ᠤᠷᠤᠭᠤᠯᠵᠤ᠂ ᠢᠯᠴᠢ ᠬᠠᠩᠭᠠᠬᠤ ᠶᠢ ᠪᠠᠲᠤᠯᠠᠬᠤ ᠬᠡᠷᠡᠭᠲᠡᠢ᠃ ᠣᠳᠣᠬᠠᠨ ᠤ ᠪᠠ ᠠᠯᠤᠰ ᠬᠡᠲᠦ ᠶᠢ ᠨᠢᠭᠡᠳᠦᠯᠲᠡᠢ ᠲᠥᠯᠥᠪᠯᠡᠨ᠂ ᠥᠨᠳᠥᠷ ᠪᠠᠷᠢᠮᠵᠢᠶ᠎ᠠ ᠪᠠᠷ ᠢᠯᠴᠢ ᠶᠢᠨ ᠰᠤᠷᠪᠤᠯᠵᠢ᠂ ᠢᠯᠴᠢ ᠶᠢᠨ ᠲᠣᠣᠷ᠂ ᠢᠯᠴᠢ ᠰᠣᠯᠢᠯᠴᠠᠬᠤ ᠥᠷᠲᠡᠭᠡ ᠪᠠ ᠢᠯᠴᠢ ᠬᠠᠩᠭᠠᠬᠤ ᠲᠦᠬᠦᠬᠡᠷᠦᠮᠵᠢ ᠶᠢ ᠲᠠᠰ ᠲᠡᠪᠰᠢᠬᠦᠯᠬᠦ ᠶᠢ ᠪᠥᠬᠦ ᠲᠠᠯ᠎ᠠ ᠪᠠᠷ ᠪᠡᠶᠡᠯᠡᠭᠦᠯᠵᠦ᠂ ᠴᠠᠬᠢᠯᠭᠠᠨ ᠬᠦᠴᠦᠨ᠂ ᠰᠢᠲᠠᠮᠠᠬᠠᠢ ᠬᠡᠢ᠂ ᠪᠣᠷᠣᠭᠠᠨ ᠤ ᠤᠰᠤ ᠪᠤᠬᠢᠷᠳᠤᠯ ᠤᠰᠤ ᠵᠡᠷᠭᠡ ᠭᠠᠵᠠᠷ ᠳᠣᠣᠷᠠᠬᠢ ᠬᠤᠭᠤᠯᠠᠢ ᠱᠤᠭᠤᠮ ᠢ ᠵᠢᠭᠰᠠᠭᠠᠨ ᠪᠠᠶᠢᠴᠠᠭᠠᠵᠤ ᠪᠠᠶᠢᠴᠠᠭᠠᠬᠤ ᠶᠢ ᠨᠢᠭᠡᠳᠦᠯᠲᠡᠢ ᠲᠥᠯᠥᠪᠯᠡᠨ ᠰᠠᠶᠢᠲᠤᠷ ᠬᠢᠵᠦ᠂ ᠠᠶᠤᠯ ᠲᠦᠭᠰᠢᠭᠦᠷᠢ ᠶᠢᠨ ᠳᠠᠯᠳᠠ ᠬᠡᠮ ᠢ ᠴᠠᠭ ᠲᠤᠬᠠᠢ ᠳᠤᠨᠢ ᠠᠷᠢᠯᠭᠠᠵᠤ᠂ ᠢᠯᠴᠢ ᠬᠠᠩᠭᠠᠬᠤ᠂ ᠤᠰᠤ ᠬᠠᠩᠭᠠᠬᠤ᠂ ᠴᠠᠬᠢᠯᠭᠠᠨ ᠬᠠᠩᠭᠠᠬᠤ᠂ ᠬᠡᠢ ᠬᠠᠩᠭᠠᠬᠤ ︽ᠳᠥᠷᠪᠡᠨ ᠪᠠᠲᠤᠯᠠᠭ᠎ᠠ︾ ᠶᠢᠨ ᠴᠢᠳᠠᠪᠤᠷᠢ ᠶᠢ ᠪᠥᠬᠦ ᠲᠠᠯ᠎ᠠ ᠪᠠᠷ ᠳᠡᠭᠡᠭᠰᠢᠯᠡᠭᠦᠯᠬᠦ ᠬᠡᠷᠡᠭᠲᠡᠢ ᠬᠡᠵᠤ ᠴᠢᠬᠤᠯᠠᠴᠢᠯᠠᠪᠠ᠃     ᠡᠭᠦᠨ ᠠᠴᠠ ᠭᠠᠳᠠᠨ᠎ᠠ᠂ ᠬᠠᠨ ᠲᠤᠸ ︽ᠨᠡᠭᠦᠷᠡᠰᠦ︾ ᠶᠢᠨ ᠲᠠᠷᠬᠠᠭᠠᠵᠤ ᠪᠠᠶᠢᠭ᠎ᠠ ᠪᠠᠶᠢᠳᠠᠯ ᠢ ᠨᠠᠷᠢᠨ ᠣᠶᠢᠯᠠᠭᠠᠵᠤ᠂ ᠲᠠᠷᠬᠠᠭᠠᠬᠤ ᠶᠠᠪᠤᠴᠠ ᠶᠢ ᠲᠠᠰᠤᠷᠠᠯᠲᠠ ᠦᠭᠡᠢ ᠰᠢᠯᠢᠳᠡᠭᠵᠢᠭᠦᠯᠦᠨ ᠲᠡᠭᠦᠯᠳᠡᠷᠵᠢᠭᠦᠯᠵᠦ᠂ ᠬᠢᠨᠠᠨ ᠬᠠᠮᠢᠶᠠᠷᠤᠯᠲᠠ ᠶᠢ ᠴᠢᠩᠭᠠᠳᠬᠠᠨ᠂ ᠨᠠᠷᠢᠯᠢᠭ ᠣᠨᠣᠴᠠᠲᠠᠢ ᠥᠨᠳᠥᠷ ᠪᠦᠲᠦᠮᠵᠢᠲᠡᠶ ᠪᠠᠷ ᠲᠠᠷᠬᠠᠭᠠᠬᠤ ᠶᠢ ᠪᠣᠳᠠᠲᠠᠶᠢᠵᠢᠭᠤᠯᠬᠤ ᠶᠢ ᠦᠨᠡᠨ ᠬᠦ ᠪᠠᠲᠤᠯᠠᠬᠤ ᠬᠡᠷᠡᠭᠲᠡᠢ ᠭᠡᠵᠦ ᠴᠢᠬᠤᠯᠠᠴᠢᠯᠠᠪᠠ᠃     ᠡᠨᠡ ᠬᠤᠭᠤᠴᠠᠭᠠᠨ ᠳᠤ᠂ ᠬᠠᠨ ᠲᠤᠸ ᠪᠠᠰᠠ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠢᠩᠬᠢᠮ ᠤᠨ ᠬᠤᠲᠠ ᠪᠠᠯᠭᠠᠰᠤᠨ ᠤ ᠬᠠᠶᠢᠷ᠎ᠠ ᠬᠠᠯᠠᠮᠵᠢᠳᠤ ᠢᠨᠵᠧᠨᠧᠷᠢᠩ ᠤᠨ ᠬᠢᠨᠠᠨ ᠵᠢᠯᠤᠭᠤᠳᠬᠤ ᠳᠤᠭᠤᠶᠢᠯᠠᠩ᠂ ᠬᠤᠲᠠ ᠶᠢᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠶᠢᠨ ᠬᠠᠶᠢᠷ᠎ᠠ ᠬᠠᠯᠠᠮᠵᠢᠳᠤ ᠢᠨᠵᠧᠨᠧᠷᠢᠩ ᠤᠨ ᠲᠤᠰᠬᠠᠢ ᠬᠢᠨᠠᠨ ᠵᠢᠯᠤᠭᠤᠳᠬᠤ ᠳᠤᠭᠤᠶᠢᠯᠠᠩ ᠲᠠᠢ ᠬᠠᠮᠲᠤ ᠪᠠᠶᠢᠴᠠᠭᠠᠨ ᠰᠤᠳᠤᠯᠪᠠ᠃    ᠲᠣᠭᠤᠷᠢᠭ ᠤᠨ ᠤᠳᠤᠷᠢᠳᠤᠯᠭ᠎ᠠ ᠵᠠᠩ ᠵᠢᠶᠠᠨ ᠭᠦᠩ ᠵᠢᠴᠢ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠳᠠᠳ ᠣᠷᠣᠯᠴᠠᠪᠠ᠃ 
ᠢᠷᠡᠯᠲᠡ᠄ ᠳ᠋ᠦᠩᠱᠧᠩ ᠳᠤᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ